ᠠᠵᠤ ᠠᠬᠤᠶᠢᠯᠠᠯ ᠤᠨ ᠵᠢᠯ ᠤᠨ ᠮᠥᠩᠭᠦ ᠶᠢ ᠣᠶᠢᠯᠠᠭᠠᠨ᠎ᠠ ᠤᠤ︖
ᠨᠡᠶᠢᠲᠡᠯᠡᠭᠰᠡᠨ ᠴᠠᠭ᠄
2023/2/9
    ᠠᠵᠤ ᠠᠬᠤᠶᠢᠯᠠᠯ ᠤᠨ ᠵᠢᠯ ᠤᠨ ᠮᠥᠩᠭᠦ ᠭᠡᠳᠡᠭ ᠨᠢ ᠠᠵᠤ ᠠᠬᠤᠶᠢᠯᠠᠯ ᠵᠢᠴᠢ ᠲᠡᠭᠦᠨ ᠤ ᠠᠵᠢᠯᠲᠠᠨ ᠠᠵᠢᠯᠴᠢᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠳᠤ ᠬᠠᠤᠯᠢ ᠶᠣᠰᠣᠭᠠᠷ ᠣᠷᠣᠯᠴᠠᠭᠰᠠᠨ ᠰᠠᠭᠤᠷᠢᠨ ᠳᠡᠭᠡᠷ᠎ᠡ ᠪᠡᠶ᠎ᠡ ᠪᠠᠨ ᠳᠠᠭᠠᠭᠠᠵᠤ ᠪᠠᠶᠢᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠨᠥᠬᠦᠪᠥᠷᠢ ᠳᠠᠭᠠᠳᠬᠠᠯ ᠤᠨ ᠲᠦᠷᠢᠮ ᠢ ᠵᠢᠭᠠᠵᠤ ᠪᠠᠶᠢᠨ᠎ᠠ᠃     ᠠᠵᠤ ᠠᠬᠤᠶᠢᠯᠠᠯ ᠤᠨ ᠵᠢᠯ ᠤᠨ ᠮᠥᠩᠭᠦ ᠶᠢᠨ ᠰᠠᠭᠤᠷᠢ ᠮᠥᠩᠭᠦ ᠨᠢ ᠶᠠᠭᠤ ᠪᠠᠷ ᠪᠦᠷᠢᠯᠳᠦᠭᠰᠡᠨ ᠪᠤᠢ︖     ︵ᠨᠢᠭᠡ︶ ᠠᠵᠤ ᠠᠬᠤᠶᠢᠯᠠᠯ ᠰᠦᠢᠳᠬᠡᠯ ᠲᠤᠰᠢᠶᠠᠬᠤ︔    ︵ᠬᠤᠶᠠᠷ︶ ᠠᠵᠢᠯᠲᠠᠨ ᠠᠵᠢᠯᠴᠢᠨ ᠬᠤᠪᠢ ᠬᠥᠮᠦᠨ ᠰᠦᠢᠳᠬᠡᠯ ᠲᠤᠰᠢᠶᠠᠬᠤ︔     ︵ᠭᠤᠷᠪᠠ︶ ᠠᠵᠤ ᠠᠬᠤᠶᠢᠯᠠᠯ ᠤᠨ ᠣᠨ ᠤ ᠮᠥᠩᠭᠦ ᠶᠢᠨ ᠰᠠᠭᠤᠷᠢ ᠮᠥᠩᠭᠦ ᠶᠢᠨ ᠪᠠᠯᠠ ᠣᠷᠣᠭᠤᠯᠵᠤ ᠡᠵᠡᠩᠨᠡᠭᠰᠡᠨ ᠠᠰᠢᠭ ᠣᠷᠣᠯᠭ᠎ᠠ᠃    ᠠᠵᠤ ᠠᠬᠤᠶᠢᠯᠠᠯ ᠤᠨ ᠵᠢᠯ ᠤᠨ ᠮᠥᠩᠭᠦ ᠶᠢ ᠬᠡᠷᠬᠢᠨ ᠲᠤᠰᠢᠶᠠᠬᠤ ᠪᠣᠶ︖     ᠠᠵᠤ ᠠᠬᠤᠶᠢᠯᠠᠯ ᠤᠨ ᠲᠤᠰᠢᠶᠠᠬᠤ ᠵᠠᠷᠤᠳᠠᠯ ᠨᠢ ᠵᠢᠯ ᠪᠦᠷᠢ ᠲᠣᠰ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠴᠠᠯᠢᠩ ᠤᠨ ᠶᠡᠷᠦᠩᠬᠡᠶ ᠲᠣᠭᠠᠨ ᠤ 8 % ᠠᠴᠠ ᠬᠡᠲᠦᠷᠡᠵᠦ ᠪᠣᠯᠬᠤ ᠥᠬᠡᠶ᠂ ᠠᠵᠤ ᠠᠬᠤᠶᠢᠯᠠᠯ ᠪᠠ ᠠᠵᠢᠯᠲᠠᠨ ᠠᠵᠢᠯᠴᠢᠨ ᠬᠤᠪᠢ ᠬᠥᠮᠦᠨ ᠤ ᠲᠤᠰᠢᠶᠠᠬᠤ ᠵᠠᠷᠤᠳᠠᠯ ᠨᠢ ᠨᠡᠶᠢᠲᠡ 12 % ᠠᠴᠠ ᠬᠡᠲᠦᠷᠡᠵᠦ ᠪᠣᠯᠬᠤ ᠥᠬᠡᠶ᠂ ᠪᠣᠳᠠᠲᠠᠶ ᠬᠡᠷᠡᠭᠰᠡᠬᠦ ᠵᠠᠷᠤᠳᠠᠯ ᠢ ᠠᠵᠤ ᠠᠬᠤᠶᠢᠯᠠᠯ ᠪᠠ ᠠᠵᠢᠯᠲᠠᠨ ᠠᠵᠢᠯᠴᠢᠨ ᠤ ᠲᠠᠯ᠎ᠠ ᠠᠴᠠ ᠵᠥᠪᠳᠡᠯᠴᠡᠨ ᠲᠣᠭᠲᠠᠭᠠᠨ᠎ᠠ᠃    ᠠᠵᠤ ᠠᠬᠤᠶᠢᠯᠠᠯ ᠤᠨ ᠵᠢᠯ ᠤᠨ ᠮᠥᠩᠭᠦ ᠶᠢ ᠬᠡᠷᠬᠢᠨ ᠠᠪᠬᠤ ᠪᠣᠶ︖     ︽ᠠᠵᠤ ᠠᠬᠤᠶᠢᠯᠠᠯ ᠤᠨ ᠵᠢᠯ ᠤᠨ ᠮᠥᠩᠭᠦ ᠶᠢᠨ ᠠᠷᠭ᠎ᠠ︾ ᠳᠤ᠂ ᠠᠵᠢᠯᠲᠠᠨ ᠠᠵᠢᠯᠴᠢᠨ ᠤᠯᠤᠰ ᠠᠴᠠ ᠲᠣᠭᠲᠠᠭᠠᠭᠰᠠᠨ ᠠᠵᠢᠯ ᠤᠨ ᠠᠮᠠᠷᠠᠯᠲᠠ ᠶᠢᠨ ᠨᠠᠰᠤᠨ ᠳᠤ ᠬᠥᠷᠬᠦ ᠪᠤᠶᠤ ᠬᠥᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠪᠠᠶᠢᠪᠠᠯ᠂ ᠲᠣᠰ ᠬᠥᠮᠦᠨ ᠤ ᠠᠵᠤ ᠠᠬᠤᠶᠢᠯᠠᠯ ᠤᠨ ᠵᠢᠯ ᠤᠨ ᠮᠥᠩᠭᠦ ᠶᠢᠨ ᠬᠤᠪᠢ ᠬᠥᠮᠦᠨ ᠤ ᠲᠠᠩᠰᠠᠨ ᠡᠷᠦᠬᠡ ᠠᠴᠠ ᠰᠠᠷ᠎ᠠ ᠪᠠᠷ᠂ ᠤᠳᠠᠭ᠎ᠠ ᠪᠠᠷ ᠪᠤᠶᠤ ᠨᠢᠭᠡ ᠯᠡ ᠤᠳᠠᠭ᠎ᠠ ᠪᠠᠷ ᠠᠵᠤ ᠠᠬᠤᠶᠢᠯᠠᠯ ᠤᠨ ᠵᠢᠯ ᠤᠨ ᠮᠥᠩᠭᠦ ᠶᠢ ᠠᠪᠴᠤ ᠪᠣᠯᠤᠨ᠎ᠠ᠂ ᠪᠠᠰᠠ ᠲᠣᠰ ᠬᠥᠮᠦᠨ ᠤ ᠠᠵᠤ ᠠᠬᠤᠶᠢᠯᠠᠯ ᠤᠨ ᠵᠢᠯ ᠤᠨ ᠮᠥᠩᠭᠦ ᠶᠢᠨ ᠬᠤᠪᠢ ᠬᠥᠮᠦᠨ ᠤ ᠲᠠᠩᠰᠠᠨ ᠡᠷᠦᠬᠡ ᠶᠢᠨ ᠪᠠᠯᠠ ᠮᠥᠩᠭᠦ ᠪᠠᠨ ᠪᠦᠬᠦᠨ ᠢ ᠪᠤᠶᠤ ᠬᠡᠰᠡᠭ ᠢ ᠨᠢ ᠬᠤᠳᠠᠯᠳᠤᠭᠠᠨ ᠤ ᠨᠠᠰᠤᠵᠢᠯ ᠤᠨ ᠳᠠᠭᠠᠳᠬᠠᠯ ᠤᠨ ᠣᠶᠢᠯᠡᠳᠬᠦᠨ ᠬᠤᠳᠠᠯᠳᠤᠨ ᠠᠪᠴᠤ᠂ ᠳᠠᠭᠠᠳᠬᠠᠯ ᠤᠨ ᠭᠡᠷ᠎ᠡ ᠶᠣᠰᠣᠭᠠᠷ ᠣᠯᠭᠤᠮᠵᠢ ᠠᠪᠬᠤ ᠶᠢᠨ ᠬᠠᠮᠲᠤ ᠵᠣᠬᠢᠬᠤ ᠥᠪ ᠵᠠᠯᠭᠠᠮᠵᠢᠯᠠᠬᠤ ᠡᠷᠬᠡ ᠶᠢ ᠭᠥᠷᠳᠡᠵᠦ ᠪᠣᠯᠤᠨ᠎ᠠ ᠭᠡᠵᠦ ᠲᠣᠭᠲᠠᠭᠠᠵᠠᠶ᠃ ᠤᠯᠤᠰ ︵ᠬᠢᠯᠢ︶ ᠠᠴᠠ ᠭᠠᠷᠴᠤ ᠰᠠᠭᠤᠷᠢᠰᠢᠭᠰᠠᠳ ᠤᠨ ᠠᠵᠤ ᠠᠬᠤᠶᠢᠯᠠᠯ ᠤᠨ ᠵᠢᠯ ᠤᠨ ᠮᠥᠩᠭᠦ ᠶᠢᠨ ᠬᠤᠪᠢ ᠬᠥᠮᠦᠨ ᠤ ᠲᠠᠩᠰᠠᠨ ᠡᠷᠦᠬᠡ ᠶᠢᠨ ᠪᠠᠯᠠ ᠮᠥᠩᠭᠦ ᠶᠢ ᠲᠣᠰ ᠬᠥᠮᠦᠨ ᠤ ᠱᠠᠭᠠᠷᠳᠠᠯᠭ᠎ᠠ ᠶᠢ ᠦᠨᠳᠦᠰᠦᠯᠡᠨ ᠬᠤᠪᠢ ᠬᠥᠮᠦᠨ ᠳᠤᠨᠢ ᠨᠢᠭᠡ ᠯᠡ ᠤᠳᠠᠭ᠎ᠠ ᠳᠡᠭᠡᠷ᠎ᠡ ᠥᠭᠴᠦ ᠪᠣᠯᠤᠨ᠎ᠠ᠃   
ᠢᠷᠡᠯᠲᠡ᠄ ᠠᠷᠠᠳ ᠤᠨ ᠰᠦᠯᠵᠢᠶ᠎ᠡ