ᠠᠷᠠᠳ ᠤᠨ ᠬᠤᠭᠤᠷᠤᠨᠳᠤᠬᠢ ᠵᠢᠬᠡᠯᠡᠯᠭᠡ ᠳᠤ ᠵᠢᠭᠡᠯᠡᠭᠰᠡᠨ ᠪᠠᠷᠢᠮᠳᠠ ᠨᠢ ᠶᠠᠮᠠᠷ ᠴᠢᠬᠤᠯᠠ ᠴᠢᠨᠠᠷ ᠲᠠᠢ ᠪᠠᠶᠢᠳᠠᠭ ᠪᠤᠢ︖
ᠨᠡᠶᠢᠲᠡᠯᠡᠭᠰᠡᠨ ᠴᠠᠭ᠄
2023/2/9
    ᠵᠢᠭᠡᠯᠡᠭᠰᠡᠨ ᠪᠠᠷᠢᠮᠳᠠ ᠪᠤᠯ ᠵᠤᠭᠤᠰ ᠵᠢᠬᠡᠯᠡᠭᠦᠯᠦᠭᠴᠢ ᠪᠠ ᠵᠤᠭᠤᠰ ᠵᠢᠭᠡᠯᠡᠭᠴᠢ ᠶᠢᠨ ᠬᠤᠭᠤᠷᠤᠨᠳᠤ ᠠᠪᠴᠠᠭ᠎ᠠ ᠦᠭᠴᠡᠭᠡ ᠶᠢᠨ ᠬᠠᠷᠢᠴᠠᠭ᠎ᠠ ᠤᠷᠤᠰᠢᠵᠤ ᠪᠠᠶᠢᠬᠤ ᠶᠢᠨ ᠪᠢᠴᠢᠭ ᠤᠨ ᠬᠡᠯᠪᠡᠷᠢ ᠶᠢᠨ ᠬᠡᠷᠡᠴᠢ ᠪᠠᠷᠢᠮᠳᠠ ᠪᠤᠯᠤᠨ᠎ᠠ᠂ ᠲᠡᠷᠡ ᠨᠢ ᠠᠷᠠᠳ ᠤᠨ ᠬᠤᠭᠤᠷᠤᠨᠳᠤᠬᠢ ᠵᠢᠭᠡᠯᠡᠯᠭᠡ ᠶᠢᠨ ᠠᠵᠢᠯᠯᠠᠭᠠᠨ ᠤ ᠲᠤᠮᠳᠠ ᠲᠤᠩ ᠴᠢᠬᠤᠯᠠ ᠪᠠᠶᠢᠳᠠᠭ᠃ ᠲᠡᠭᠦᠨ ᠤ ᠴᠢᠬᠤᠯᠠ ᠴᠢᠨᠠᠷ ᠨᠢ ᠲᠤᠤᠷᠠᠬᠢ ᠬᠡᠳᠦᠨ ᠲᠠᠯ᠎ᠠ ᠪᠠᠷ ᠢᠯᠡᠷᠡᠵᠦ ᠪᠠᠶᠢᠳᠠᠭ᠄     1᠂ ᠵᠤᠭᠤᠰ ᠪᠤᠴᠠᠭᠠᠬᠤ ᠦᠶ᠎ᠠ ᠳᠤ᠂ ᠵᠢᠭᠡᠯᠡᠭᠰᠡᠨ ᠪᠠᠷᠢᠮᠳᠠ ᠪᠤᠯ ᠵᠤᠭᠤᠰ ᠵᠢᠭᠡᠯᠡᠬᠦᠯᠦᠭᠴᠢ ᠨᠢ ᠵᠤᠭᠤᠰ ᠵᠢᠭᠡᠯᠡᠭᠴᠢ ᠠᠴᠠ ᠡᠬᠡ ᠮᠦᠩᠬᠦ ᠪᠠᠨ ᠬᠤᠷᠢᠶᠠᠨ ᠠᠪᠴᠤ᠂ ᠬᠦᠦ ᠮᠦᠡᠭᠭᠦ ᠤᠯᠬᠤ ᠬᠠᠤᠯᠢ ᠶᠤᠰᠤᠨ ᠤ ᠠᠪᠴᠠᠭᠠᠨ ᠤ ᠬᠡᠷᠡᠴᠢ ᠪᠠᠷᠢᠮᠳᠠ ᠪᠤᠯᠤᠨ᠎ᠠ᠃     2᠂ ᠵᠢᠭᠤᠷᠠᠯᠳᠤᠭᠠᠨ ᠡᠬᠦᠰᠬᠦ ᠦᠶ᠎ᠠ ᠳᠤ᠂ ᠵᠢᠭᠡᠯᠡᠭᠰᠡᠨ ᠪᠠᠷᠢᠮᠳᠠ ᠪᠤᠯ ᠵᠤᠭᠤᠰ ᠵᠢᠭᠡᠯᠡᠭᠦᠯᠦᠭᠴᠢ ᠵᠠᠷᠭᠤ ᠶᠢᠨ ᠵᠢᠷᠤᠮ ᠢᠶᠠᠷ ᠲᠠᠮᠵᠢᠭᠤᠯᠤᠨ ᠦᠷᠢ ᠦᠭᠴᠡᠭᠡ ᠶᠢᠨ ᠵᠢᠭᠤᠷᠠᠯᠳᠤᠭᠠᠨ ᠢ ᠰᠶᠢᠳᠪᠤᠷᠢᠯᠡᠬᠦ ᠴᠢᠬᠤᠯᠠ ᠪᠢᠴᠢᠭ ᠤᠨ ᠪᠠᠷᠢᠮᠳᠠ ᠪᠤᠯᠤᠨ᠎ᠠ᠃     ᠡᠶᠢᠮᠦ ᠠᠴᠠ ᠡᠳᠦᠷ ᠲᠤᠳᠤᠮ ᠤᠨ ᠠᠮᠢᠳᠤᠷᠠᠯ ᠲᠤᠮᠳᠠ᠂ ᠲᠤᠬᠠᠢ ᠶᠢᠨ ᠬᠦᠮᠦᠨ ᠤ ᠬᠤᠭᠤᠷᠤᠨᠳᠤ ᠵᠢᠭᠡᠯᠡᠯᠭᠡ ᠶᠢᠨ ᠬᠠᠷᠢᠴᠠᠭ᠎ᠠ ᠪᠤᠯᠵᠤ ᠪᠦᠷᠢᠯᠳᠦᠬᠦ ᠳᠤ ᠡᠷᠭᠡᠪᠰᠢ ᠪᠢᠴᠢᠭ ᠤᠨ ᠬᠡᠯᠪᠡᠷᠢ ᠶᠢᠨ ᠵᠢᠭᠡᠯᠡᠭᠰᠡᠨ ᠪᠠᠷᠢᠮᠳᠠ ᠲᠤᠬᠳᠠᠭᠠᠬᠤ ᠬᠡᠷᠡᠭᠳᠡᠢ ᠪᠦᠭᠡᠳ ᠲᠡᠭᠦᠨ ᠢᠶᠠᠨ ᠵᠦᠢ ᠵᠤᠬᠢᠰᠳᠠᠢ ᠬᠠᠳᠠᠭᠠᠯᠠᠨ ᠬᠠᠮᠢᠶᠠᠷᠬᠤ ᠬᠡᠷᠡᠭᠳᠡᠢ᠂ ᠢᠩᠬᠢᠪᠡᠯ ᠰᠠᠶ᠋ᠢ ᠦᠪᠡᠷ ᠤᠨ ᠬᠠᠤᠯᠢ ᠶᠤᠰᠤᠨ ᠤ ᠡᠷᠬᠡ ᠠᠰᠢᠭ ᠢᠶᠠᠨ ᠦᠨᠡᠨ ᠬᠦ ᠬᠠᠮᠠᠭᠠᠯᠠᠵᠤ ᠴᠢᠳᠠᠨ᠎ᠠ᠃   
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ