ᠬᠢᠵᠢᠭ ᠤᠨ ᠳᠠᠷᠠᠭ᠎ᠠ ᠬᠡᠳᠦᠢ ᠤᠳᠠᠭᠠᠳ ᠠᠷᠢᠬᠢ ᠤᠤᠭᠤᠵᠤ ᠪᠣᠯᠬᠤ ᠪᠣᠢ︖
ᠨᠡᠶᠢᠲᠡᠯᠡᠭᠰᠡᠨ ᠴᠠᠭ᠄
2023/2/9
       ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠤ ᠳᠠᠷᠠᠭ᠎ᠠ ᠬᠡᠳᠦᠢ ᠤᠳᠠᠭᠠᠳ ᠠᠷᠢᠬᠢ  ᠤᠤᠭᠤᠵᠤ  ᠪᠣᠯᠬᠤ ᠪᠣᠢ︖ ᠡᠨᠡ ᠠᠰᠠᠭᠤᠳᠠᠯ ᠤᠨ ᠲᠤᠬᠠᠢ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ‍ᠦᠨ‌‍ᠶ᠋ᠢᠦ ᠠᠨ ᠡᠮᠨᠡᠯᠭᠡ ᠶᠢᠨ ᠬᠤᠷᠢᠶᠠᠨ ᠤ ᠡᠮᠴᠢ ᠯᠢ ᠳ᠋ᠦᠩ ᠽᠧᠩ ᠲᠠᠶᠢᠯᠪᠤᠷᠢᠯᠠᠵᠤ ᠬᠡᠯᠡᠬᠦ ᠳᠡᠭᠡᠨ᠂ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠠᠳ ᠢᠯᠠᠷᠢ ᠪᠣᠯᠣᠭᠰᠠᠨ ᠤ ᠳᠠᠷᠠᠭ᠎ᠠ᠂ ᠡᠩ ᠤᠨ ᠪᠠᠶᠢᠳᠠᠯ ᠳᠤ 2 — 4 ᠭᠠᠷᠠᠭ ᠤᠨ ᠳᠠᠷᠠᠭ᠎ᠠ ᠰᠠᠶ᠋ᠢ ᠠᠷᠢᠬᠢ ᠤᠤᠭᠤᠵᠤ ᠪᠣᠯᠣᠨ᠎ᠠ ᠭᠡᠵᠡᠢ᠃          ᠲᠡᠷᠡ ᠬᠡᠯᠡᠬᠦ ᠳᠡᠭᠡᠨ᠂ ᠬᠡᠷᠪᠡ ᠪᠡᠶ᠎ᠡ ᠨᠢ ᠰᠠᠶᠢᠨ᠂ ᠶᠠᠮᠠᠷ ᠴᠦ ᠪᠤᠰᠤᠳ ᠡᠪᠡᠳᠴᠢᠨ ᠤ ᠢᠯᠡᠷᠡᠯ ᠭᠠᠷᠤᠭᠰᠠᠨ ᠦᠭᠡᠢ᠂ ᠪᠡᠶ᠎ᠡ ᠨᠢ ᠲᠦᠷᠭᠡᠨ ᠢᠯᠠᠷᠢ ᠪᠣᠯᠣᠭᠰᠠᠨ ᠪᠣᠯ᠂ ᠡᠩ ᠤᠨ ᠪᠠᠶᠢᠳᠠᠯ ᠳᠤ ᠬᠤᠶᠠᠷ ᠭᠠᠷᠠᠭ ᠤᠨ ᠳᠠᠷᠠᠭ᠎ᠠ  ᠰᠠᠶ᠋ᠢ  ᠪᠠᠭ᠎ᠠ ᠠᠷᠢᠬᠢ ᠬᠦᠷᠲᠡᠵᠦ ᠪᠣᠯᠣᠨ᠎ᠠ᠃ ᠬᠡᠷᠪᠡ ᠪᠡᠶ᠎ᠡ ᠨᠢ ᠮᠠᠭᠤ᠂ ᠥᠨᠳᠥᠷ ᠴᠢᠰᠤᠨ ᠳᠠᠷᠤᠯᠲᠠ ᠂ ᠰᠢᠬᠢᠷ ᠰᠢᠵᠢᠩ ᠡᠪᠡᠳᠴᠢᠨ ᠵᠡᠷᠭᠡ ᠬᠠᠭᠤᠴᠢᠨ‌ᠠᠷᠬᠠᠭ ᠲᠠᠢ ᠪᠠᠶᠢᠪᠠᠯ᠂ ᠨᠡᠩ ᠴᠢᠨᠠᠭᠰᠢᠯᠠᠭᠠᠳ ᠮᠠᠨᠠᠷᠠᠬᠤ᠂ ᠬᠦᠴᠢᠯ ᠤᠨ ᠬᠤᠣᠷᠳᠠᠯ ᠭᠠᠷᠤᠭᠰᠠᠨ ᠪᠠᠶᠢᠪᠠᠯ᠂ ᠪᠡᠶ᠎ᠡ  ᠨᠢ ᠤᠳᠠᠭᠠᠨ‌‍ᠲ᠋ᠡᠩᠬᠡᠷᠡᠳᠡᠭ ᠶᠤᠮ᠃ ᠡᠶᠢᠮᠦ ᠪᠠᠶᠢᠳᠠᠯ ᠳᠤ ᠠᠳᠠᠭ ᠲᠠᠭᠠᠨ 4 ᠭᠠᠷᠠᠭ ᠤᠨ ᠳᠠᠷᠠᠭ᠎ᠠ ᠰᠠᠶ᠋ᠢ ᠠᠷᠢᠬᠢ ᠪᠠᠭ᠎ᠠ ᠰᠠᠭ᠎ᠠ ᠠᠮᠰᠠᠵᠤ ᠪᠣᠯᠣᠨ᠎ᠠ᠃           ᠬᠢᠵᠢᠭ ᠬᠠᠯᠳᠠᠪᠤᠷᠢᠯᠠᠭᠰᠠᠨ ᠪᠠᠶᠢᠳᠠᠯ ᠳᠤ᠂ ᠠᠷᠢᠬᠢ ᠶᠠᠭ ᠠᠮᠰᠠᠵᠤ ᠪᠣᠯᠬᠤ ᠦᠭᠡᠢ᠃ ᠤᠴᠢᠷ ᠨᠢ᠂ ᠠᠷᠢᠬᠢ ᠨᠢ ᠪᠡᠶ᠎ᠡ ᠮᠠᠬᠠᠪᠤᠳ ᠤᠨ ᠳᠠᠷᠬᠠᠯᠠᠭ᠎ᠠ ᠶᠢ ᠪᠠᠭᠤᠷᠠᠭᠤᠯᠬᠤ ᠠᠴᠠ ᠭᠠᠳᠠᠨ᠎ᠠ ᠪᠠᠰᠠ ᠡᠯᠢᠭᠡᠨ ᠤ  ᠦᠢᠯᠡᠳᠦᠯ  ᠴᠢᠳᠠᠪᠬᠢ ᠶᠢ  ᠮᠠᠭᠤᠳᠠᠭᠤᠯᠳᠠᠭ ᠶᠤᠮ ᠭᠡᠵᠡᠢ᠃  
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ