| | ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 13 ᠤ ᠴᠠᠭᠢᠯᠭᠠᠨ ᠮᠡᠳᠡᠭᠡ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ 13 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ | ᠰᠤᠷᠪᠤᠯᠵᠢᠯᠠᠬᠴᠢᠳ ᠤᠨ ᠬᠤᠷᠠᠯ ᠬᠢᠵᠦ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠶᠡᠭᠡ ᠬᠤᠷᠠᠯ ᠤᠨ ᠥᠭᠦᠯᠡᠭᠴᠢ ᠸᠠᠩ | ᠴᠤᠤ ᠶᠢᠨ ᠤᠷᠢᠯᠭ᠎ᠠ ᠪᠠᠷ ᠰᠤᠷᠪᠤᠯᠵᠢᠯᠠᠬᠴᠢᠳ ᠤᠨ ᠬᠤᠷᠠᠯ ᠳᠤ ᠣᠷᠣᠯᠴᠠᠬᠰᠠᠨ ᠤ ᠬᠠᠮᠲᠤ ᠳᠤᠮᠳᠠᠳᠤ ᠭᠠᠳᠠᠭᠠᠳᠤ ᠶᠢᠨ ᠰᠤᠷᠪᠤᠯᠵᠢᠯᠠᠬᠴᠢᠳ ᠤᠨ ᠳᠤᠷᠠᠳᠤᠭᠰᠠᠨ | ᠠᠰᠠᠭᠤᠯᠲᠠ ᠶᠢ ᠬᠠᠷᠢᠭᠤᠯᠪᠠ ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠂ ᠾᠧ ᠯᠢ ᠹᠧᠩ ᠂ ᠵᠠᠩ ᠭᠦᠸᠧ | ᠴᠢᠩ ᠂ ᠯᠢᠦ ᠭᠦᠸᠧ ᠵᠦᠩ ᠣᠷᠣᠯᠴᠠᠵᠠᠢ ᠃ | | | ᠰᠤᠷᠪᠤᠯᠵᠢᠯᠠᠬᠴᠢᠳ ᠤᠨ ᠬᠤᠷᠠᠯ ᠡᠭᠢᠯᠡᠭᠦ ᠦᠶ᠎ᠡ ᠳᠤ ᠯᠢ ᠴᠢᠶᠠᠩ ᠂ ᠥᠨᠥᠳᠥᠷ ᠵᠠᠭᠤᠴᠢᠯᠠᠭᠤᠷ ᠤᠨ ᠨᠠᠶᠢᠵᠠ ᠨᠠᠷ ᠲᠠᠢ ᠠᠳᠡ ᠠᠭᠤᠯᠵᠠᠵᠤ ᠰᠠᠨᠠᠯ ᠢᠶᠠᠨ | ᠰᠣᠯᠢᠯᠴᠠᠬᠤ ᠪᠣᠯᠤᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ ᠂ ᠡᠩ ᠲᠡᠷᠢᠭᠦᠨ ᠳᠤ ᠤᠯᠠᠨ ᠤ ᠡᠨᠡ ᠤᠳᠠᠭ᠎ᠠ ᠶᠢᠨ ᠳᠤᠮᠳᠠᠳᠤ ᠤᠯᠤᠰ ᠤᠨ ᠬᠤᠶᠠᠷ ᠬᠤᠷᠠᠯ ᠢ | ᠮᠡᠳᠡᠭᠡᠯᠡᠬᠦ ᠶᠢᠨ ᠲᠥᠯᠥᠭᠡ ᠭᠠᠷᠭᠠᠭᠰᠠᠨ ᠶᠠᠳᠠᠷᠠᠯ ᠵᠦᠳᠡᠷᠡᠯ ᠳᠤ ᠲᠠᠯᠠᠷᠬᠠᠵᠤ ᠪᠠᠶᠢᠨ᠎ᠠ ᠭᠡᠵᠦ ᠬᠡᠯᠡᠪᠡ ᠃ ᠯᠢ ᠴᠢᠶᠠᠩ ᠂ ᠪᠢᠳᠡ ᠨᠠᠮ ᠪᠣᠯᠣᠨ ᠠᠷᠠᠳ ᠲᠦᠮᠡᠨ ᠤ | ᠢᠲᠡᠭᠡᠯ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ ᠂ ᠡᠭᠦᠷᠭᠡᠯᠡᠵᠦ ᠪᠠᠶᠢᠭ᠎ᠠ ᠬᠠᠷᠢᠭᠤᠴᠠᠯᠭ᠎ᠠ ᠬᠦᠨᠳᠦ ᠶᠡᠭᠡ ᠂ ᠡᠭᠦᠷᠭᠡ ᠥᠩᠭᠡ ᠭᠡᠷᠡᠯᠲᠡᠢ ᠭᠡᠳᠡᠭ ᠢ ᠴᠦ | ᠭᠦᠨᠵᠡᠭᠡᠢ ᠣᠶᠢᠯᠠᠭᠠᠵᠤ ᠪᠠᠶᠢᠨ᠎ᠠ ᠃ ᠪᠢᠳᠡ ᠯᠠᠪᠲᠠᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ ᠂ ᠥᠷᠭᠡᠨ ᠤᠯᠠᠨ ᠠᠷᠠᠳ ᠲᠦᠮᠡᠨ ᠳᠤ ᠴᠢᠩᠭ᠎ᠠ ᠲᠦᠰᠢᠭᠯᠡᠨ ᠂ ᠬᠦᠴᠦᠯᠡᠨ ᠴᠢᠷᠮᠠᠶᠢᠵᠤ ᠵᠢᠳᠬᠦᠯ ᠭᠠᠷᠭᠠᠬᠤ ᠤᠶᠤᠨ ᠰᠠᠨᠠᠭᠠᠨ ᠤ | ᠳᠦᠷᠰᠦ ᠪᠠᠶᠢᠳᠠᠯ ᠪᠠ ︽ ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ ︾ ᠬᠠᠷᠢᠭᠤᠴᠠᠯᠭᠠᠲᠤ ᠤᠬᠠᠮᠰᠠᠷ ᠢᠶᠠᠷ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ | ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ ᠂ ᠣᠮᠤᠭ ᠵᠣᠷᠢᠭ ᠪᠠᠳᠠᠷᠠᠩᠭᠤᠢ ᠪᠠᠷ ᠡᠷᠡᠮᠡᠬᠡᠶᠢᠯᠡᠨ ᠤᠷᠤᠭᠰᠢᠯᠠᠵᠤ ᠂ | ᠨᠡᠶᠢᠲᠡ ᠶᠢᠨ ᠲᠥᠯᠥᠭᠡ ᠠᠷᠢᠭᠤᠨ ᠴᠢᠬᠡᠴᠢ ᠪᠠᠷ ᠵᠢᠳᠬᠦᠵᠦ ᠂ ᠦᠨᠡᠨ ᠰᠡᠳᠬᠢᠯ ᠠᠴᠠ ᠪᠠᠨ ᠮᠡᠷᠡᠶᠢᠨ ᠵᠢᠳᠬᠦᠵᠦ ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ | ᠦᠭᠡᠢ ᠶᠤᠮ ᠭᠡᠵᠦ ᠢᠯᠡᠳᠬᠡᠪᠡ ᠃ | ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ᠰᠤᠷᠪᠤᠯᠵᠢᠯᠠᠬᠴᠢ ᠄ ᠡᠩ ᠲᠡᠷᠢᠭᠦᠨ ᠳᠤ ᠲᠠ ᠪᠣᠯᠣᠨ ᠳᠥᠷᠪᠡᠨ ᠳᠡᠳ᠋ ᠶᠡᠷᠦᠩᠬᠡᠢ ᠰᠠᠶᠢᠳ ᠤᠨ | ᠰᠢᠨ᠎ᠡ ᠪᠠᠷ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠵᠦ ᠪᠠᠶᠢᠨ᠎ᠠ ᠃ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠤᠨ ᠬᠤᠭᠤᠴᠠᠭ᠎ᠠ | ᠪᠤᠯᠬᠤ ᠢᠷᠡᠭᠡᠳᠦᠢ ᠶᠢᠨ ᠲᠠᠪᠤᠨ ᠵᠢᠯ ᠨᠢ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠤᠯᠤᠰ ᠲᠤ ᠠᠪᠴᠤ ᠬᠡᠯᠡᠪᠡᠯ | ᠡᠭᠢᠯᠡᠯᠲᠡ ᠶᠢᠨ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠢᠨ ᠰᠢᠨ᠎ᠡ ᠨᠢᠭᠡ ᠬᠤᠭᠤᠴᠠᠭᠠᠨ ᠤ ᠵᠠᠰᠠᠭ ᠤᠨ | ᠣᠷᠳᠣᠨ ᠤ ᠠᠵᠢᠯ ᠢ ᠲᠤᠶᠢᠯ ᠢᠶᠠᠷ ᠠᠩᠬᠠᠷᠴᠤ ᠪᠠᠶᠢᠨ᠎ᠠ ᠃ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠬᠠᠷᠠᠯᠲᠠ ᠨᠢ ᠶᠠᠭᠤ ᠪᠤᠶ︖ | ᠶᠠᠮᠠᠷ ᠶᠠᠮᠠᠷ ᠠᠵᠢᠯ ᠤᠨ ᠭᠤᠣᠯᠳᠠᠯᠭ᠎ᠠ ᠪᠠᠶᠢᠬᠤ ᠪᠤᠶ︖ ᠠᠵᠢᠯ ᠢᠶᠠᠨ ᠬᠡᠷᠬᠢᠨ ᠥᠷᠨᠢᠭᠦᠯᠬᠦ ᠪᠤᠢ︖ | ᠯᠢ ᠴᠢᠶᠠᠩ ᠄ ᠲᠠᠨ ᠤ ᠪᠠᠶᠠᠷ ᠬᠦᠷᠭᠡᠭᠰᠡᠨ ᠳᠤ ᠲᠠᠯᠠᠷᠬᠠᠵᠤ ᠪᠠᠶᠢᠨ᠎ᠠ ᠂ ᠲᠠ ᠤᠯᠠᠨ ᠤ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠢ | ᠬᠠᠯᠠᠮᠵᠢᠯᠠᠵᠤ ᠪᠠᠶᠢᠭ᠎ᠠ ᠳᠤ ᠲᠠᠯᠠᠷᠬᠠᠵᠤ ᠪᠠᠶᠢᠨ᠎ᠠ ᠃ | ᠨᠢᠳᠤᠨᠤᠨ ᠤ 10 ᠰᠠᠷ᠎ᠠ ᠳᠤ ᠬᠤᠷᠠᠯᠳᠤᠭᠤᠯᠤᠭᠰᠠᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠮᠠᠨ ᠤ ᠤᠯᠤᠰ ᠤᠨ ᠬᠤᠶᠢᠰᠢᠳᠠ ᠶᠢᠨ ᠲᠠᠪᠤᠨ ᠵᠢᠯ ᠪᠠ | ᠨᠡᠩ ᠤᠷᠳᠤ ᠬᠤᠭᠤᠴᠠᠭᠠᠨ ᠤ ᠬᠥᠭᠵᠢᠯᠲᠡ ᠳᠤ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠪᠡ ᠂ ᠤᠯᠠᠨ ᠢᠶᠠᠷ ᠢᠶᠠᠨ ᠨᠡᠯᠢᠶᠡᠳ ᠰᠡᠳᠬᠢᠯ | ᠲᠠᠯᠪᠢᠵᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠤᠬᠠᠢ ᠴᠥᠮ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠠᠴᠠ ᠲᠣᠳᠣᠷᠬᠠᠢ ᠬᠠᠷᠢᠭᠤᠯᠲᠠ ᠣᠯᠵᠤ | ᠴᠢᠳᠠᠬᠤ ᠶᠤᠮ ᠃ | ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠪᠣᠯ ᠳᠠᠷᠤᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠵᠤ ᠂ ᠰᠠᠶᠢᠲᠤᠷ ᠨᠠᠶᠢᠳᠠᠪᠤᠷᠢᠵᠢᠭᠤᠯᠵᠤ ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠵᠢᠷᠤᠭᠯᠠᠭᠰᠠᠨ ᠠᠤᠭ᠎ᠠ | ᠵᠢᠷᠤᠭ ᠲᠥᠰᠥᠪ ᠢ ᠪᠠᠷᠢᠯᠭ᠎ᠠ ᠶᠢᠨ ᠵᠢᠷᠤᠭ ᠲᠥᠯᠥᠪᠯᠡᠭᠡ ᠪᠣᠯᠭᠠᠨ ᠬᠤᠪᠢᠷᠠᠭᠤᠯᠵᠤ ᠂ ᠪᠦᠭᠦ ᠤᠯᠤᠰ ᠤᠨ ᠠᠷᠠᠳ ᠲᠦᠮᠡᠨ ᠲᠠᠢ ᠬᠠᠮᠲᠤ ᠪᠠᠷ ᠂ ᠯᠠᠪᠳᠠᠭᠤᠨ | ᠪᠠᠲᠤᠲᠠᠢ ᠪᠠᠷ ᠠᠤᠭ᠎ᠠ ᠵᠢᠷᠤᠭ ᠲᠥᠰᠥᠪ ᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠶᠠᠪᠤᠳᠠᠯ ᠪᠣᠯᠣᠨ᠎ᠠ ᠃ | ᠬᠤᠶᠢᠰᠢᠳᠠ ᠶᠢᠨ ᠠᠵᠢᠯ ᠤᠨ ᠳᠤᠮᠳᠠ ᠂ ᠡᠶᠢᠮᠦ ᠬᠡᠳᠦᠨ ᠲᠠᠯ᠎ᠠ ᠶᠢ ᠪᠢᠳᠡ ᠭᠤᠣᠯᠳᠠᠯᠭ᠎ᠠ ᠲᠠᠢ ᠡᠵᠡᠮᠳᠡᠬᠦ ᠪᠣᠯᠣᠨ᠎ᠠ ᠄ | ᠨᠢᠭᠡᠳᠦᠭᠡᠷ ᠲᠤ ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠨ᠎ᠠ ᠃ ᠦᠨᠡᠨ ᠢ ᠬᠡᠯᠡᠪᠡᠯ ᠂ ᠨᠠᠮ ᠪᠠ | ᠵᠠᠰᠠᠭ ᠤᠨ ᠣᠷᠳᠣᠨ ᠤ ᠠᠯᠢᠪᠠ ᠠᠵᠢᠯ ᠤᠨ ᠵᠣᠷᠢᠯᠲᠠ ᠪᠣᠯ ᠠᠷᠠᠳ ᠲᠦᠮᠡᠨ ᠳᠤ ᠪᠤᠶᠠᠨ ᠦᠢᠯᠡᠳᠭᠦ ᠶᠠᠪᠤᠳᠠᠯ ᠪᠣᠯᠣᠨ᠎ᠠ ᠃ ᠶᠡᠷᠦᠩᠬᠡᠢ ᠱᠦᠵᠢ ᠰᠢ ᠶᠢᠨ ᠫᠢᠩ ᠄ ︽ | ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠣᠯ ᠪᠢᠳᠡᠨ ᠤ ᠲᠡᠮᠡᠴᠡᠬᠦ ᠬᠠᠷᠠᠯᠲᠠ ᠮᠥᠨ ︾ ᠭᠡᠵᠦ ᠬᠡᠯᠡᠵᠦ ᠥᠩᠭᠡᠷᠡᠪᠡ ᠃ ᠪᠢᠳᠡ | ᠬᠡᠵᠢᠶ᠎ᠡ ᠴᠦ ᠭᠡᠰᠡᠨ ᠠᠷᠠᠳ ᠤᠨ ᠵᠠᠰᠠᠭ ᠤᠨ ᠣᠷᠳᠣᠨ ᠤ ᠡᠮᠦᠨᠡᠬᠢ︽ ᠠᠷᠠᠳ ᠲᠦᠮᠡᠨ ︾ ᠭᠡᠳᠡᠭ ᠦᠭᠡ ᠶᠢ ᠢᠮᠠᠭᠲᠠ ᠪᠠᠲᠤ ᠴᠡᠭᠡᠵᠢᠯᠡᠵᠦ ᠂ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠪᠣᠯᠭᠠᠨ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ ᠃ ᠪᠤᠰᠤᠳᠴᠢ ᠪᠠᠷ ᠶᠠᠷᠢᠪᠠᠯ ᠂ ᠵᠣᠩᠬᠢᠯᠠᠬᠤ ᠤᠯᠠᠨ ᠲᠣᠭᠠᠨ ᠤ ᠠᠷᠠᠳ | ᠲᠦᠮᠡᠨ GDP ᠶᠢᠨ ᠨᠡᠮᠡᠭᠳᠡᠯ ᠬᠡᠳᠦᠢ ᠨᠡᠮᠡᠭᠳᠡᠭᠰᠡᠨ ᠢ ᠡᠳᠦᠷᠵᠢᠨ ᠠᠩᠬᠠᠷᠴᠤ ᠦᠵᠡᠬᠦ ᠦᠭᠡᠢ ᠶᠤᠮ ᠂ ᠤᠯᠠᠨ ᠢᠶᠠᠷ ᠢᠶᠠᠨ ᠣᠷᠣᠨ ᠰᠠᠭᠤᠴᠠ ᠂ ᠠᠵᠢᠯ | ᠣᠯᠭᠤᠯᠲᠠ ᠂ ᠣᠷᠣᠯᠭ᠎ᠠ ᠂ ᠰᠤᠷᠭᠠᠨ ᠬᠥᠮᠦᠵᠢᠯ ᠂ ᠡᠪᠡᠳᠴᠢᠨ ᠦᠵᠡᠭᠦᠯᠭᠦ ᠂ ᠠᠮᠢ ᠠᠬᠤᠢ ᠣᠷᠴᠢᠨ ᠲᠣᠭᠤᠷᠢᠨ ᠵᠡᠷᠭᠡ ᠳᠡᠷᠭᠡᠳᠡᠬᠢ ᠪᠣᠳᠠᠲᠠᠢ ᠶᠠᠪᠤᠳᠠᠯ ᠢᠶᠠᠨ ᠨᠡᠩ | ᠠᠩᠬᠠᠷᠴᠤ ᠪᠠᠶᠢᠳᠠᠭ ᠃ ᠵᠠᠰᠠᠭ ᠤᠨ ᠣᠷᠳᠣᠨ ᠤ ᠠᠵᠢᠯ ᠪᠣᠯ ᠠᠷᠠᠳ ᠣᠯᠠᠨ ᠤ ᠪᠣᠳᠠᠲᠠᠢ ᠲᠥᠷᠥᠭᠳᠡᠯ ᠲᠠᠢ ᠣᠶᠢᠷᠠᠲᠤᠭᠤᠯᠵᠤ ᠪᠠᠶᠢᠭᠠᠳ ᠲᠥᠯᠥᠪᠯᠡᠭᠡ ᠬᠢᠵᠦ | ᠠᠬᠢᠭᠤᠯᠵᠤ ᠂ ᠠᠷᠠᠳ ᠲᠦᠮᠡᠨ ᠬᠦᠰᠡᠯ ᠡᠷᠡᠮᠡᠯᠵᠡᠯ ᠲᠠᠢ ᠪᠠᠶᠢᠪᠠᠯ ᠵᠠᠰᠠᠭ ᠤᠨ ᠣᠷᠳᠣᠨ ᠵᠢᠳᠬᠦᠯ ᠴᠢᠷᠮᠠᠶᠢᠯᠭ᠎ᠠ ᠲᠠᠢ ᠪᠠᠶᠢᠬᠤ ᠶᠢ ᠦᠨᠡᠨ ᠬᠦ ᠪᠡᠶᠡᠯᠡᠭᠦᠯᠬᠦ ᠶᠠᠪᠤᠳᠠᠯ | ᠪᠣᠯᠣᠨ᠎ᠠ ᠃ | ᠬᠤᠶᠠᠳᠤᠭᠠᠷ ᠲᠤ ᠂ ᠬᠦᠴᠦᠨ ᠢᠶᠠᠨ ᠲᠥᠪᠯᠡᠷᠡᠭᠦᠯᠦᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠃ ᠡᠨᠡ ᠤᠳᠠᠭ᠎ᠠ ᠶᠢᠨ ᠬᠤᠶᠠᠷ ᠬᠤᠷᠠᠯ ᠤᠨ | ᠬᠤᠭᠤᠴᠠᠭᠠᠨ ᠳᠤ ᠂ ᠶᠡᠷᠦᠩᠬᠡᠢ ᠱᠦᠵᠢ ᠰᠢ ᠶᠢᠨ ᠫᠢᠩ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠦ ᠳᠤ ᠣᠷᠤᠯᠴᠠᠬᠤ ᠳᠠᠭᠠᠨ ᠂ ᠴᠢᠨᠠᠷ | ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠬᠦ ᠬᠡᠷᠡᠭᠲᠡᠢ ᠭᠡᠵᠦ ᠣᠨᠴᠠᠭᠠᠶᠢᠯᠠᠨ ᠴᠢᠬᠤᠯᠠᠴᠢᠯᠠᠪᠠ ᠃ ᠮᠠᠨ ᠤ ᠤᠯᠤᠰ ᠤᠨ | ᠠᠵᠤ ᠠᠬᠤᠢ ᠨᠡᠶᠢᠭᠡᠮ ᠤᠨ ᠬᠥᠭᠵᠢᠯᠲᠡ ᠨᠢᠭᠡᠨᠲᠡ ᠯᠤᠲᠤ ᠶᠡᠭᠡ ᠠᠮᠵᠢᠯᠲᠠ ᠪᠦᠲᠦᠮᠵᠢ ᠣᠯᠵᠤ ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠳᠡᠯᠡᠬᠡᠢ ᠶᠢᠨ | ᠬᠤᠶᠠᠳᠤᠭᠠᠷ ᠲᠤ ᠪᠠᠲᠤᠲᠠᠢ ᠣᠷᠣᠭᠰᠠᠨ ᠪᠤᠯᠪᠠᠴᠤ ᠬᠥᠭᠵᠢᠯᠲᠡ ᠮᠥᠨ ᠲᠡᠩᠴᠡᠭᠦᠷᠢ ᠦᠭᠡᠢ ᠂ ᠭᠦᠢᠴᠡᠳ ᠪᠤᠰᠤ ᠪᠠᠶᠢᠨ᠎ᠠ ᠃ ᠶᠠᠮᠠᠷᠪᠠ ᠨᠢᠭᠡ ᠶᠡᠷᠦᠩᠬᠡᠢ ᠬᠡᠮᠵᠢᠶᠡᠨ ᠤ | ᠭᠦᠢᠴᠡᠳᠬᠡᠯ ᠲᠤᠭ᠎ᠠ ᠶᠢ 14 ᠳ᠋ᠦᠩᠰᠢᠭᠤᠷ ᠭᠠᠷᠤᠢ ᠬᠥᠮᠥᠨ ᠠᠮᠠ ᠶᠢᠨ ᠰᠠᠭᠤᠷᠢ ᠲᠤᠭ᠎ᠠ ᠳᠡᠭᠡᠷ᠎ᠡ ᠨᠣᠭᠳᠠᠭᠤᠯᠪᠠᠯ ᠂ ᠬᠥᠮᠥᠨ ᠳᠤᠮᠳᠠᠴᠢ ᠶᠢᠨ ᠬᠢᠷᠢ ᠬᠡᠮᠵᠢᠶ᠎ᠡ ᠨᠢ | ᠴᠥᠮ ᠨᠡᠯᠢᠶᠡᠳ ᠬᠢᠵᠠᠭᠠᠷ ᠲᠠᠢ ᠪᠠᠶᠢᠳᠠᠭ ᠃ ᠤᠳᠤ ᠂ ᠮᠠᠨ ᠤ ᠬᠥᠭᠵᠢᠯᠲᠡ ᠶᠢᠨ ᠣᠯᠠᠩᠬᠢ ᠨᠢ ᠵᠥᠪᠭᠡᠨ ︽ ᠪᠠᠶᠢᠬᠤ ᠡᠰᠡᠬᠦ ︾ ᠠᠰᠠᠭᠤᠳᠠᠯ ᠢ ᠯᠠ ᠰᠢᠢᠳᠪᠦᠷᠢᠯᠡᠵᠦ | ᠪᠠᠶᠢᠨ᠎ᠠ ᠂ ᠲᠠᠷᠠᠭᠠᠴᠢ ᠶᠢᠨ ᠠᠯᠬᠤᠮ ᠳᠤ ︽ ᠰᠠᠶᠢᠨ ᠡᠰᠡᠬᠦ ︾ ᠠᠰᠠᠭᠤᠳᠠᠯ ᠢ ᠨᠡᠩ ᠴᠢᠬᠤᠯᠠᠴᠢᠯᠠᠨ ᠰᠢᠢᠳᠪᠦᠷᠢᠯᠡᠬᠦ ᠴᠢᠬᠤᠯᠠᠲᠠᠢ ᠂ ᠢᠯᠠᠩᠭᠤᠶ᠎ᠠ ᠰᠢᠨᠵᠢᠯᠡᠬᠦ ᠤᠬᠠᠭᠠᠨ | ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠴᠢᠳᠠᠪᠤᠷᠢ ᠪᠠᠨ ᠳᠡᠭᠡᠭᠰᠢᠯᠡᠭᠦᠯᠭᠦ ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠂ | ᠬᠥᠭᠵᠢᠯᠲᠡ ᠶᠢᠨ ᠠᠷᠭ᠎ᠠ ᠮᠠᠶ᠋ᠢᠭ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠵᠡᠷᠭᠡ ᠪᠣᠯᠣᠨ᠎ᠠ ᠃ ᠶᠡᠷᠦᠩᠬᠡᠢ ᠳᠤᠨᠢ ᠠᠪᠴᠤ | ᠬᠡᠯᠡᠪᠡᠯ ᠂ ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠵᠥᠪ ᠣᠨᠣᠪᠴᠢᠲᠠᠶ ᠂ ᠪᠦᠭᠦ ᠲᠠᠯ᠎ᠠ ᠪᠠᠷ ᠲᠤᠭᠤᠰᠢᠯᠠᠭᠤᠯᠵᠤ ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ ᠃ | ᠭᠤᠷᠪᠠᠳᠤᠭᠠᠷ ᠲᠤ ᠂ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠦᠨ᠎ᠡ ᠃ ᠥᠭᠡᠷᠡᠴᠢᠯᠡᠯᠲᠡ ᠨᠡᠭᠡᠭᠡᠯᠲᠡ ᠪᠣᠯ ᠤᠳᠤ | ᠦᠶ᠎ᠡ ᠶᠢᠨ ᠳᠤᠮᠳᠠᠳᠤ ᠤᠯᠤᠰ ᠤᠨ ᠬᠤᠪᠢ ᠵᠠᠶᠠᠭ᠎ᠠ ᠶᠢ ᠲᠣᠭᠲᠠᠭᠠᠬᠤ ᠵᠠᠩᠭᠢᠯᠠᠭ᠎ᠠ ᠶᠢᠨ ᠠᠷᠭ᠎ᠠ ᠪᠣᠯᠣᠨ᠎ᠠ ᠂ ᠪᠢᠳᠡ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠲᠡᠦᠬᠡᠨ ᠠᠬᠢᠴᠠ ᠳᠤᠮᠳᠠ ᠂ ᠪᠠᠰᠠ ᠴᠤ︽ | ᠥᠭᠡᠷᠡᠴᠢᠯᠡᠯᠲᠡ ᠶᠢᠨ ᠬᠤᠭᠤᠯᠠ ᠶᠢ ᠢᠳᠡᠵᠦ ᠂ ᠨᠡᠭᠡᠭᠡᠯᠲᠡ ᠶᠢᠨ ᠵᠠᠮ ᠢᠶᠠᠷ ᠵᠠᠮᠨᠠᠬᠤ ︾ ᠬᠡᠷᠡᠭᠲᠡᠢ ᠃ | ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ ᠂ ᠥᠨᠳᠥᠷ ᠲᠦᠪᠰᠢᠨ ᠪᠦᠬᠦᠢ ᠭᠠᠳᠠᠭᠠᠳᠤ | ᠨᠡᠭᠡᠭᠡᠯᠲᠡ ᠶᠢ ᠪᠠᠷᠢᠮᠲᠠᠯᠠᠵᠤ ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠳᠤᠮᠳᠠ ᠬᠥᠭᠵᠢᠯᠲᠡ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ | ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠃ | ᠠᠮᠧᠷᠢᠺᠠ ᠶᠢᠨ ᠬᠡᠷᠡᠭᠯᠡᠭᠴᠢᠳ ᠤᠨ ᠰᠣᠨᠢᠨ ᠮᠡᠳᠡᠭᠡ ᠪᠣᠯᠣᠨ ᠬᠤᠳᠠᠯᠳᠤᠭᠠᠨ ᠤ ᠰᠤᠪᠠᠭ ᠤᠨ ᠰᠤᠷᠪᠤᠯᠵᠢᠯᠠᠬᠴᠢ ᠄ ᠡᠨᠡ ᠵᠢᠯ ᠪᠣᠯ ᠳᠤᠮᠳᠠᠳᠤ ᠤᠯᠤᠰ ᠤᠨ | ᠬᠢᠵᠢᠭ ᠤᠨ ᠪᠠᠶᠢᠳᠠᠯ ᠤᠨ ᠤᠷᠭᠢᠯ ᠤᠨ ᠬᠤᠭᠤᠴᠠᠭ᠎ᠠ ᠥᠩᠭᠡᠷᠡᠭᠰᠡᠨ ᠤ ᠳᠠᠷᠠᠭᠠᠬᠢ ᠲᠦᠷᠦᠭᠦᠦ ᠵᠢᠯ ᠪᠣᠯᠣᠨ᠎ᠠ ᠂ ᠮᠠᠰᠢ ᠤᠯᠠᠨ ᠬᠥᠮᠥᠰ ᠤᠨ ᠵᠢᠱᠢᠭᠰᠡᠨ ᠢᠶᠠᠷ ᠪᠣᠯ | ᠠᠵᠤ ᠠᠬᠤᠢ ᠣᠬᠤᠷᠬᠠᠨ ᠬᠤᠭᠤᠴᠠᠭᠠᠨ ᠳᠤ ᠲᠠᠭᠢᠨ ᠨᠡᠮᠡᠭᠳᠡᠬᠦ ᠪᠣᠯᠣᠨ᠎ᠠ ᠂ ᠳᠤᠮᠳᠠᠳᠤ ᠤᠯᠤᠰ ᠶᠠᠮᠠᠷ ᠠᠷᠭ᠎ᠠ ᠬᠡᠮᠵᠢᠶ᠎ᠡ ᠠᠪᠴᠤ ᠪᠦᠭᠦ ᠵᠢᠯ ᠤᠨ ᠠᠵᠤ ᠠᠬᠤᠢ ᠶᠢᠨ | ᠨᠡᠮᠡᠭᠳᠡᠯ ᠤᠨ ᠬᠠᠷᠠᠯᠲᠠ ᠶᠢ ᠪᠡᠶᠡᠯᠡᠭᠦᠯᠬᠦ ᠪᠠᠷ ᠪᠠᠶᠢᠭ᠎ᠠ ᠪᠤᠢ︖ ᠳᠤᠮᠳᠠᠳᠤ ᠤᠯᠤᠰ ᠤᠨ ᠠᠵᠤ ᠠᠬᠤᠢ ᠡᠨᠡ ᠵᠢᠯ ᠵᠢᠴᠢ ᠳᠠᠷᠠᠭᠠᠴᠢ ᠶᠢᠨ ᠲᠠᠪᠤᠨ ᠵᠢᠯ ᠳᠤ ᠶᠠᠮᠠᠷ ᠶᠠᠮᠠᠷ | ᠠᠰᠢᠭᠲᠠᠢ ᠪᠠ ᠠᠰᠢᠭ ᠦᠭᠡᠢ ᠬᠦᠴᠦᠨ ᠵᠦᠢᠯ ᠳᠤ ᠲᠤᠯᠭᠠᠷᠠᠬᠤ ᠪᠤᠢ︖ ᠢᠷᠡᠭᠡᠳᠦᠢ ᠶᠢᠨ ᠲᠠᠪᠤᠨ ᠵᠢᠯ ᠳᠤ ᠳᠤᠮᠳᠠᠳᠤ ᠤᠯᠤᠰ ᠶᠠᠮᠠᠷ ᠲᠦᠷᠦ ᠶᠢᠨ ᠪᠣᠳᠣᠯᠭ᠎ᠠ | ᠠᠪᠴᠤ ᠦᠷᠭᠦᠯᠵᠢᠯᠡᠬᠦ ᠂ ᠴᠢᠨᠠᠷ ᠰᠠᠶᠢᠲᠠᠢ ᠨᠡᠮᠡᠭᠳᠡᠯ ᠢ ᠳᠡᠮᠵᠢᠭᠦ ᠪᠠᠷ ᠲᠥᠯᠥᠪᠯᠡᠵᠦ ᠪᠠᠶᠢᠬᠤ ᠪᠤᠢ︖ ᠣᠶᠢᠷ᠎ᠠ ᠶᠢᠨ ᠬᠡᠳᠦᠨ ᠵᠢᠯ ᠳᠤ ᠳᠤᠮᠳᠠᠳᠤ ᠤᠯᠤᠰ ᠤᠨ ᠥᠷᠢ | ᠥᠭᠴᠡᠭᠡ ᠂ ᠬᠥᠷᠥᠩᠭᠡ ᠶᠢᠨ ᠡᠮᠬᠢ ᠵᠠᠮᠪᠠᠷᠠᠭ᠎ᠠ ᠦᠭᠡᠢ ᠲᠡᠯᠡᠯᠲᠡ ᠵᠡᠷᠭᠡ ᠰᠢᠰᠲ᠋ᠧᠮ ᠤᠨ ᠴᠢᠨᠠᠷᠲᠠᠢ ᠲᠦᠭᠰᠢᠭᠦᠷᠢ ᠶᠢ ᠠᠷᠭᠠᠴᠠᠭᠠᠬᠤ ᠲᠠᠯ᠎ᠠ ᠪᠠᠷ ᠬᠢ ᠲᠥᠷᠥ ᠶᠢᠨ | ᠪᠣᠳᠣᠯᠭ᠎ᠠ ᠨᠢ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠤᠶ︖ | ᠯᠢ ᠴᠢᠶᠠᠩ ᠄ ᠡᠨᠡ ᠰᠤᠷᠪᠤᠯᠵᠢᠯᠠᠬᠴᠢ ᠨᠠᠶᠢᠵᠠ ᠲᠣᠭᠢᠶᠠᠯ ᠢ ᠮᠠᠰᠢ ᠰᠠᠶᠢᠨ ᠠᠳᠬᠤᠵᠤ ᠪᠠᠶᠢᠨ᠎ᠠ ᠂ ᠮᠢᠨᠤ ᠲᠡᠮᠳᠡᠭᠯᠡᠭᠰᠡᠨ ᠢᠶᠠᠷ ᠲᠠ ᠨᠢᠭᠡ ᠯᠡ | ᠠᠮᠢᠰᠬᠤᠭ᠎ᠠ ᠪᠠᠷ 4 ᠠᠰᠠᠭᠤᠳᠠᠯ ᠳᠤᠷᠠᠳᠴᠤ ᠂ 6 ᠲᠠᠯ᠎ᠠ ᠶᠢᠨ ᠠᠭᠤᠯᠭ᠎ᠠ ᠳᠤ ᠬᠤᠯᠪᠣᠭᠳᠠᠵᠠᠢ ᠃ ᠴᠠᠭ ᠤᠨ ᠬᠠᠷᠠᠭ᠎ᠠ ᠠᠴᠠ ᠪᠣᠯᠵᠤ ᠪᠢ ᠵᠥᠪᠭᠡᠨ ᠭᠤᠣᠯᠳᠠᠯᠭ᠎ᠠ | ᠶᠢ ᠨᠢ ᠰᠣᠩᠭᠤᠵᠤ ᠬᠠᠷᠢᠭᠤᠯᠲᠠ ᠦᠭᠭᠦᠶ᠎ᠠ ᠃ | ᠡᠨᠡ ᠵᠢᠯ ᠤᠨ ᠳᠡᠯᠡᠬᠡᠢ ᠶᠢᠨ ᠠᠵᠤ ᠠᠬᠤᠢ ᠶᠢᠨ ᠪᠠᠶᠢᠳᠠᠯ ᠶᠡᠷᠦᠩᠬᠡᠢ ᠳᠡᠭᠡᠨ ᠲᠡᠶᠢᠮᠦ ᠰᠠᠶᠢᠨ ᠪᠢᠰᠢ ᠂ ᠲᠣᠭᠲᠠᠭᠤᠨ ᠪᠤᠰᠤ ᠂ ᠲᠣᠬᠲᠠᠯᠭᠠᠳᠤ ᠪᠤᠰᠤ ᠂ | ᠲᠥᠰᠥᠭᠡᠯᠡᠬᠦᠶ᠎ᠡ ᠪᠡᠷᠬᠡ ᠬᠦᠴᠦᠨ ᠵᠦᠢᠯ ᠨᠡᠯᠢᠶᠡᠳ ᠤᠯᠠᠨ ᠪᠠᠶᠢᠨ᠎ᠠ ᠂ ᠨᠡᠮᠡᠭᠳᠡᠯ ᠢ ᠬᠡᠷᠬᠢᠨ ᠲᠣᠭᠲᠠᠭᠤᠨ ᠪᠠᠶᠢᠯᠭᠠᠬᠤ ᠨᠢ ᠳᠡᠯᠡᠬᠡᠢ ᠶᠢᠨ ᠡᠯ᠎ᠡ ᠤᠯᠤᠰ ᠲᠤ ᠠᠪᠴᠤ | ᠬᠡᠯᠡᠪᠡᠯ ᠴᠥᠮ ᠨᠢᠭᠡᠨ ᠰᠢᠯᠭᠠᠯᠲᠠ ᠪᠤᠯᠬᠤ ᠶᠤᠮ ᠃ ᠡᠨᠡ ᠵᠢᠯ ᠂ ᠳᠤᠮᠳᠠᠳᠤ ᠤᠯᠤᠰ ᠤᠨ ᠠᠵᠤ ᠠᠬᠤᠢ ᠶᠢᠨ ᠵᠢᠱᠢᠭᠰᠡᠨ ᠨᠡᠮᠡᠭᠳᠡᠯ ᠤᠨ ᠬᠠᠷᠠᠯᠲᠠ ᠶᠢ 5 % | ᠣᠷᠴᠢᠮ ᠢᠶᠠᠷ ᠲᠣᠭᠲᠠᠭᠠᠪᠠ ᠂ ᠡᠭᠦᠨ ᠢ ᠪᠢᠳᠡ ᠡᠯ᠎ᠡ ᠲᠠᠯ᠎ᠠ ᠶᠢᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠭᠰᠠᠨ ᠤ ᠲᠠᠷᠠᠭ᠎ᠠ ᠲᠣᠭᠲᠠᠭᠠᠭᠰᠠᠨ ᠶᠤᠮ ᠃ | ᠬᠡᠯᠡᠯᠭᠡᠨ ᠦᠭᠡᠢ ᠂ ᠳᠤᠮᠳᠠᠳᠤ ᠤᠯᠤᠰ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠨᠢᠭᠡᠨᠲᠡ 120 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ ᠂ ᠰᠠᠭᠤᠷᠢ | ᠲᠤᠭ᠎ᠠ ᠨᠢ ᠮᠠᠰᠢ ᠥᠨᠳᠥᠷ ᠪᠣᠯᠵᠠᠢ ᠂ ᠡᠭᠦᠨ ᠤ ᠳᠡᠭᠡᠷ᠎ᠡ ᠡᠨᠡ ᠵᠢᠯ ᠤᠨ ᠰᠢᠨ᠎ᠡ ᠥᠷᠢᠰᠦᠯᠳᠦᠭᠡᠨ ᠪᠠᠭ᠎ᠠ ᠪᠤᠰᠤ ᠪᠠᠶᠢᠨ᠎ᠠ ᠂ 5 % ᠣᠷᠴᠢᠮ ᠤᠨ ᠨᠡᠮᠡᠭᠳᠡᠯ ᠢ | ᠪᠡᠶᠡᠯᠡᠭᠦᠯᠬᠦ ᠳᠤ ᠲᠡᠶᠢᠮᠦ ᠠᠮᠠᠷᠬᠠᠨ ᠪᠢᠰᠢ ᠂ ᠬᠤᠪᠢ ᠲᠠᠭᠢᠨ ᠴᠢᠷᠮᠠᠶᠢᠬᠤ ᠴᠢᠬᠤᠯᠠᠲᠠᠢ ᠶᠤᠮ ᠃ | ᠬᠤᠯᠪᠣᠭᠳᠠᠯ ᠪᠦᠬᠦᠢ ᠪᠣᠳᠠᠲᠠᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠢᠳᠤᠨᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠨᠢᠭᠡᠨᠲᠡ | ᠪᠦᠭᠦ ᠲᠠᠯ᠎ᠠ ᠪᠠᠷ ᠪᠠᠶᠢᠷᠢᠯᠠᠭᠤᠯᠵᠠᠢ ᠂ ᠡᠭᠦᠨ ᠳᠤ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ | ᠪᠠᠷᠢᠮᠲᠠᠯᠠᠵᠤ ᠂ ᠠᠵᠤ ᠠᠬᠤᠢ ᠶᠢᠨ ᠠᠵᠢᠯᠯᠠᠭᠠᠨ ᠤ ᠪᠦᠬᠦᠯᠢ ᠴᠣᠭᠴᠠ ᠶᠢᠨ ᠰᠠᠶᠢᠵᠢᠷᠠᠯᠲᠠ ᠶᠢ ᠠᠬᠢᠭᠤᠯᠬᠤ ᠪᠣᠯ ᠦᠨᠳᠦᠰᠦᠨ ᠬᠠᠨᠳᠤᠰᠢ ᠪᠣᠯᠣᠨ᠎ᠠ ᠃ ᠲᠣᠭᠲᠠᠭᠤᠨ | ᠪᠠᠶᠢᠯᠭᠠᠬᠤ ᠶᠢᠨ ᠭᠤᠣᠯᠳᠠᠯᠭ᠎ᠠ ᠨᠢ ᠨᠡᠮᠡᠭᠳᠡᠯ ᠢ ᠲᠣᠭᠲᠠᠭᠤᠨ ᠪᠠᠶᠢᠯᠭᠠᠬᠤ ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠂ ᠪᠠᠷᠠᠭᠠᠨ ᠤ ᠦᠨ᠎ᠡ ᠶᠢ ᠲᠣᠭᠲᠠᠭᠤᠨ | ᠪᠠᠶᠢᠯᠭᠠᠬᠤ ᠶᠠᠪᠤᠳᠠᠯ ᠪᠤᠯᠤᠨ᠎ᠠ ︔ ᠤᠷᠤᠭᠰᠢᠯᠠᠨ ᠲᠠᠪᠰᠢᠬᠤ ᠳᠤ ᠵᠠᠩᠭᠢᠯᠠᠭ᠎ᠠ ᠨᠢ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ ᠰᠢᠨ᠎ᠡ ᠲᠠᠪᠰᠢᠯᠳᠠ ᠲᠠᠢ ᠪᠤᠯᠬᠤ ᠳᠤ | ᠪᠠᠶᠢᠨ᠎ᠠ ᠃ ᠪᠣᠳᠠᠲᠠᠢ ᠪᠠᠷ ᠬᠡᠯᠡᠪᠡᠯ ᠂ ᠪᠢ ᠣᠨᠴᠠᠭᠠᠶᠢᠯᠠᠨ ᠬᠡᠳᠦᠨ ᠶᠠᠪᠤᠳᠠᠯ ᠢ ᠰᠠᠶᠢᠲᠤᠷ ᠬᠢᠬᠦ ᠰᠠᠨᠠᠭ᠎ᠠ ᠲᠠᠢ ᠂ ᠥᠭᠡᠷ᠎ᠡ ᠪᠠᠷ ᠬᠡᠯᠡᠪᠡᠯ ᠡᠶᠢᠮᠦ ᠬᠡᠳᠦᠨ ᠬᠠᠮ ᠠᠷᠭ᠎ᠠ | ᠬᠡᠮᠵᠢᠶ᠎ᠡ ᠶᠢ ᠰᠠᠶᠢᠲᠤᠷ ᠬᠢᠨ᠎ᠡ ᠄ ᠨᠢᠭᠡ ᠳᠤ ᠂ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠮ ᠠᠷᠭ᠎ᠠ ᠬᠡᠮᠵᠢᠶ᠎ᠡ ᠂ ᠬᠤᠶᠠᠷ ᠲᠤ ᠂ ᠬᠡᠷᠡᠭᠴᠡᠭᠡ ᠶᠢ ᠥᠷᠭᠡᠳᠬᠡᠬᠦ ᠬᠠᠮ | ᠠᠷᠭ᠎ᠠ ᠬᠡᠮᠵᠢᠶ᠎ᠡ ᠂ ᠭᠤᠷᠪᠠ ᠳᠤ ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠭᠦ ᠬᠠᠮ ᠠᠷᠭ᠎ᠠ ᠬᠡᠮᠵᠢᠶ᠎ᠡ ᠂ ᠳᠥᠷᠪᠡ ᠳᠤ ᠂ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠬᠠᠮ ᠠᠷᠭ᠎ᠠ ᠬᠡᠮᠵᠢᠶ᠎ᠡ ᠪᠣᠯᠣᠨ᠎ᠠ ᠃ ᠡᠳᠡᠭᠡᠷ ᠬᠠᠮ ᠠᠷᠭ᠎ᠠ ᠬᠡᠮᠵᠢᠶ᠎ᠡ ᠨᠢ ᠴᠥᠮ ᠪᠣᠳᠠᠲᠠᠢ ᠠᠭᠤᠯᠤᠭᠳᠠᠬᠤᠨ ᠲᠠᠢ ᠪᠠᠶᠢᠵᠤ ᠂ ᠵᠠᠷᠢᠮ ᠢ ᠨᠢ ᠪᠠᠰᠠ | ᠦᠢᠯᠡᠳᠦᠯᠭᠡ ᠶᠢᠨ ᠬᠡᠷᠡᠭᠴᠡᠭᠡ ᠶᠢ ᠦᠨᠳᠦᠰᠦᠯᠡᠨ ᠲᠠᠰᠤᠷᠠᠯᠲᠠ ᠦᠭᠡᠢ ᠲᠡᠭᠦᠯᠳᠡᠷᠵᠢᠭᠦᠯᠵᠦ ᠂ ᠲᠣᠬᠢᠷᠠᠭᠤᠯᠤᠨ ᠲᠡᠭᠦᠯᠳᠡᠷᠵᠢᠭᠦᠯᠦᠨ᠎ᠡ ᠃ | ᠰᠠᠶ᠋ᠢᠬᠠᠨ ᠡᠨᠡ ᠰᠤᠷᠪᠤᠯᠵᠢᠯᠠᠬᠴᠢ ᠨᠠᠶᠢᠵᠠ ᠠᠰᠢᠭᠲᠠᠢ ᠪᠠ ᠠᠰᠢᠭ ᠦᠭᠡᠢ ᠬᠦᠴᠦᠨ ᠵᠦᠢᠯ ᠤᠨ ᠠᠰᠠᠭᠤᠳᠠᠯ ᠢ ᠠᠰᠠᠭᠤᠵᠠᠢ ᠃ ᠳᠤᠮᠳᠠᠳᠤ ᠤᠯᠤᠰ ᠤᠨ | ᠬᠥᠭᠵᠢᠯᠲᠡ ᠳᠤ ᠦᠨᠡᠬᠡᠷ ᠮᠠᠰᠢ ᠤᠯᠠᠨ ᠳᠠᠪᠠᠭᠤᠯᠢᠭ ᠨᠥᠬᠦᠴᠡᠯ ᠪᠤᠢ ᠂ ᠵᠢᠱᠢᠶᠡᠯᠡᠪᠡᠯ ᠂ ᠵᠠᠬ᠎ᠠ ᠳᠡᠯᠭᠡᠭᠦᠷ ᠤᠨ ᠬᠡᠪᠴᠢᠶ᠎ᠡ ᠯᠤᠲᠤ ᠶᠡᠭᠡ ᠂ ᠠᠵᠤ ᠦᠢᠯᠡᠰ ᠤᠨ | ᠰᠢᠰᠲ᠋ᠧᠮ ᠪᠦᠷᠢᠨ ᠲᠡᠭᠦᠯᠳᠡᠷ ᠂ ᠬᠥᠮᠥᠨ ᠤ ᠬᠦᠴᠦᠨ ᠤ ᠡᠬᠢ ᠪᠠᠶᠠᠯᠢᠭ ᠡᠯᠪᠡᠭ ᠂ ᠬᠥᠭᠵᠢᠯᠲᠡ ᠶᠢᠨ ᠰᠠᠭᠤᠷᠢ ᠵᠤᠵᠠᠭᠠᠨ ᠵᠡᠷᠭᠡ ᠪᠤᠢ ᠂ ᠨᠡᠩ ᠴᠢᠬᠤᠯᠠ ᠨᠢ | ᠪᠠᠶᠢᠭᠤᠯᠤᠯ ᠤᠨ ᠳᠠᠪᠠᠭᠤᠯᠢᠭ ᠢᠯᠡᠳᠲᠡ ᠪᠠᠶᠢᠬᠤ ᠶᠠᠪᠤᠳᠠᠯ ᠪᠣᠯᠣᠨ᠎ᠠ ᠃ ᠬᠦᠴᠢᠷ ᠪᠡᠷᠬᠡᠰᠢᠶᠡᠯ ᠤᠨ ᠲᠤᠬᠠᠢ ᠭᠡᠪᠡᠯ ᠤᠯᠠᠨ ᠢᠶᠠᠷ ᠢᠶᠠᠨ ᠪᠦᠷ ᠬᠦᠴᠢᠷ ᠪᠡᠷᠬᠡᠰᠢᠶᠡᠯ ᠲᠠᠢ ᠂ | ᠡᠨᠡ ᠵᠢᠯ ᠴᠦ ᠪᠢᠳᠠᠨ ᠳᠤ ᠬᠦᠴᠢᠷ ᠪᠡᠷᠬᠡᠰᠢᠶᠡᠯ ᠪᠠᠭ᠎ᠠ ᠦᠭᠡᠢ ᠲᠤᠯᠭᠠᠷᠠᠬᠤ ᠶᠤᠮ ᠂ ᠭᠡᠪᠡᠴᠦ ᠠᠯᠢ ᠴᠠᠭ ᠦᠶ᠎ᠡ ᠂ ᠠᠯᠢ ᠵᠢᠯ ᠳᠤᠨᠢ ᠬᠦᠴᠢᠷ ᠪᠡᠷᠬᠡᠰᠢᠶᠡᠯ ᠦᠭᠡᠢ | ᠪᠤᠢ︖ ᠪᠢᠳᠠ ᠶᠡᠷᠦ ᠠᠴᠠ ᠬᠦᠴᠢᠷ ᠪᠡᠷᠬᠡᠰᠢᠶᠡᠯ ᠢ ᠢᠯᠡᠠ ᠳᠠᠪᠠᠭ᠋ᠤ ᠶᠢᠨ ᠳᠤᠮᠳᠠ ᠰᠢᠨ᠎ᠡ ᠬᠥᠭᠵᠢᠯᠲᠡ ᠶᠢ ᠲᠡᠰᠦᠷᠡᠯᠳᠠ ᠦᠭᠡᠢ ᠪᠡᠶᠡᠯᠡᠭᠦᠯᠵᠦ ᠢᠷᠡᠭᠰᠡᠨ ᠶᠤᠮ ᠃ | ᠮᠠᠨ ᠤ ᠡᠨᠡ ᠦᠶ᠎ᠡ ᠶᠢᠨ ᠳᠤᠮᠳᠠᠳᠤᠴᠤᠳ ᠬᠠᠷᠠᠬᠠᠨ ᠪᠠᠭ᠎ᠠ ᠠᠴᠠ ᠪᠠᠨ ᠬᠠᠮᠤᠭ ᠤᠯᠠᠨ ᠰᠣᠨᠣᠰᠤᠭᠰᠠᠨ ᠦᠯᠢᠭᠡᠷ ᠪᠣᠯ ᠳᠠᠷᠤᠢ ᠳ᠋ᠠ ᠢᠦᠢ ᠤᠰᠤ ᠵᠠᠰᠠᠭᠰᠠᠨ ᠂ | ᠲᠡᠨᠡᠭ ᠡᠪᠦᠭᠡᠨ ᠠᠭᠤᠯᠠ ᠶᠢ ᠨᠡᠭᠦᠯᠭᠡᠭᠰᠡᠨ ᠂ ᠵᠢᠩ ᠸᠧᠢ ᠳᠠᠯᠠᠢ ᠶᠢ ᠪᠥᠭᠯᠡᠭᠰᠡᠨ ᠂ ᠲᠡᠨᠡᠭ ᠡᠪᠦᠭᠡᠨ ᠨᠠᠷᠠ ᠶᠢ ᠬᠥᠭᠡᠭᠡᠭᠰᠡᠨ ᠵᠡᠷᠭᠡ ᠪᠣᠯᠣᠨ᠎ᠠ ᠂ ᠪᠦᠷ ᠯᠡ ᠮᠠᠰᠢ ᠶᠡᠭᠡ | ᠤᠷᠮᠠᠰᠢᠭᠤᠯᠤᠨ ᠵᠣᠷᠢᠭᠵᠢᠭᠤᠯᠵᠤ ᠂ ᠴᠥᠮ ᠬᠦᠴᠢᠷ ᠪᠡᠷᠬᠡᠰᠢᠶᠡᠯ ᠠᠴᠠ ᠠᠶᠤᠬᠤ ᠦᠭᠡᠢ ᠂ ᠠᠶᠤᠯ ᠲᠦᠭᠰᠢᠭᠦᠷᠢ ᠠᠴᠠ ᠠᠶᠤᠬᠤ ᠦᠭᠡᠢ ᠂ ᠵᠣᠷᠢᠭᠲᠠᠢ ᠲᠡᠮᠡᠴᠡᠵᠦ ᠂ | ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠵᠣᠷᠢᠭ ᠰᠠᠨᠠᠭ᠎ᠠ ᠶᠢ ᠶᠠᠷᠢᠭᠰᠠᠨ ᠶᠤᠮ ᠂ ᠮᠠᠨ ᠤ ᠳᠤᠮᠳᠠᠳᠤᠴᠤᠳ ᠶᠠᠮᠠᠷ ᠴᠤ ᠬᠦᠴᠢᠷ ᠪᠡᠷᠬᠡᠰᠢᠶᠡᠯ ᠳᠤ ᠳᠠᠷᠤᠭᠳᠠᠬᠤ | ᠦᠭᠡᠢ ᠶᠤᠮ ᠃ | ᠣᠶᠢᠷ᠎ᠠ ᠶᠢᠨ ᠬᠤᠶᠠᠷ ᠰᠠᠷ᠎ᠠ ᠭᠠᠷᠤᠢ ᠶᠢᠨ ᠪᠠᠶᠢᠳᠠᠯ ᠠᠴᠠ ᠦᠵᠡᠪᠡᠯ ᠂ ᠮᠠᠨ ᠤ ᠤᠯᠤᠰ ᠤᠨ ᠠᠵᠤ ᠠᠬᠤᠢ ᠶᠢᠨ ᠠᠵᠢᠯᠯᠠᠭᠠᠨ ᠳᠤ ᠲᠣᠭᠲᠠᠪᠤᠷᠢᠵᠢᠨ | ᠳᠡᠭᠡᠭᠰᠢᠯᠡᠬᠦ ᠪᠠᠶᠢᠳᠠᠯ ᠭᠠᠷᠴᠤ ᠂ ᠵᠠᠷᠢᠮ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠴᠤ ᠡᠨᠡ ᠵᠢᠯ ᠤᠨ ᠳᠤᠮᠳᠠᠳᠤ ᠤᠯᠤᠰ ᠤᠨ ᠠᠵᠤ ᠠᠬᠤᠢ ᠶᠢᠨ ᠨᠡᠮᠡᠭᠳᠡᠯ ᠤᠨ | ᠬᠤᠷᠳᠤᠴᠠ ᠶᠢᠨ ᠲᠤᠬᠠᠢ ᠵᠢᠱᠢᠯᠲᠡ ᠪᠠᠨ ᠳᠡᠭᠡᠭᠰᠢᠯᠡᠭᠦᠯᠦᠭᠰᠡᠨ ᠪᠠᠶᠢᠨ᠎ᠠ ᠃ ᠳᠤᠮᠳᠠᠳᠤ ᠤᠯᠤᠰ ᠤᠨ ᠠᠵᠤ ᠠᠬᠤᠢ ᠶᠢᠨ ᠢᠷᠡᠭᠡᠳᠦᠢ ᠶᠢᠨ ᠲᠤᠬᠠᠢ ᠪᠢ ︽ ᠰᠠᠯᠬᠢᠨ | ᠬᠦᠯᠦᠭᠯᠡᠨ ᠳᠠᠪᠠᠯᠭᠠᠨ ᠢ ᠵᠦᠰᠦᠵᠦ ᠂ ᠰᠠᠷᠠᠭᠤᠯ ᠢᠷᠡᠭᠡᠳᠦᠢ ᠲᠠᠢ ︾ ᠭᠡᠵᠦ ᠬᠡᠳᠦᠬᠡᠨ ᠦᠭᠡ ᠪᠠᠷ ᠬᠤᠷᠢᠶᠠᠩᠭᠤᠶᠢᠯᠠᠶ᠎ᠠ ᠃ ᠡᠭᠦᠨ ᠳᠤ ᠪᠢ ᠢᠲᠡᠭᠡᠯ ᠳᠦᠭᠦᠷᠡᠩ | ᠪᠠᠶᠢᠨ᠎ᠠ ᠃ | ᠰᠢᠶᠠᠩᠭᠠᠩ ᠤᠨ ᠹᠧᠩ ᠬᠤᠸᠠᠩ ᠣᠳᠣᠨ ᠲᠧᠯᠸᠢᠰ ᠂ ᠹᠧᠩ ᠬᠤᠸᠠᠩ ᠰᠦᠯᠵᠢᠶ᠎ᠡ ᠶᠢᠨ ᠰᠤᠷᠪᠤᠯᠵᠢᠯᠠᠬᠴᠢ ᠄ ᠡᠨᠡ ᠬᠡᠳᠦᠨ ᠵᠢᠯ ᠂ ᠰᠢᠶᠠᠩᠭᠠᠩ | ᠰᠠᠮᠠᠭᠤᠷᠠᠯ ᠠᠴᠠ ᠵᠠᠰᠠᠯᠲᠠ ᠳᠤ ᠰᠢᠯᠵᠢᠭᠦ ᠦᠨᠳᠦᠰᠦᠨ ᠴᠢᠨᠠᠷᠲᠠᠢ ᠡᠷᠭᠢᠯᠲᠡ ᠶᠢ ᠪᠡᠶᠡᠯᠡᠭᠦᠯᠪᠡ ᠃ ᠰᠢᠶᠠᠩᠭᠠᠩ ᠲᠣᠭᠲᠠᠭᠤᠨ ᠪᠣᠯᠣᠯ᠎ᠠ ᠂ ᠬᠥᠭᠵᠢᠯᠲᠡ ᠶᠢᠨ | ᠠᠰᠠᠭᠤᠳᠠᠯ ᠪᠠᠰᠠ ᠨᠢᠳᠦᠨ ᠡᠮᠦᠨ᠎ᠡ ᠳᠡᠯᠭᠡᠭᠳᠡᠯ᠎ᠡ ᠃ ᠳᠡᠯᠡᠬᠡᠢ ᠶᠢᠨ ᠤᠯᠤᠰ ᠲᠦᠷᠤ ᠠᠵᠤ ᠠᠬᠤᠢ ᠶᠢᠨ ᠪᠠᠶᠢᠳᠠᠯ ᠪᠣᠯᠣᠨ ᠣᠷᠴᠢᠨ ᠨᠥᠬᠦᠴᠡᠯ ᠤᠨ ᠬᠤᠪᠢᠷᠠᠯᠲᠠ ᠶᠢ | ᠳᠠᠭᠠᠯᠳᠤᠨ ᠤᠳᠦ ᠶᠢᠨ ᠰᠢᠶᠠᠩᠭᠠᠩ ᠣᠣᠮᠧᠨ ᠤ ᠥᠷᠢᠰᠦᠯᠳᠦᠬᠦ ᠬᠦᠴᠦᠨ ᠰᠤᠯᠠᠷᠠᠵᠠᠢ ᠭᠡᠵᠦ ᠵᠠᠷᠢᠮ ᠰᠢᠭᠦᠮᠵᠢ ᠳᠤ ᠭᠠᠷᠴᠤ ᠪᠠᠶᠢᠨ᠎ᠠ ᠃ ᠲᠡᠭᠡᠪᠡᠯ ᠂ ᠲᠠ | ᠰᠢᠶᠠᠩᠭᠠᠩ ᠣᠣᠮᠧᠨ ᠤ ᠢᠷᠡᠭᠡᠳᠦᠢ ᠶᠢᠨ ᠬᠥᠭᠵᠢᠯᠲᠡ ᠶᠢᠨ ᠢᠷᠡᠭᠡᠳᠦᠢ ᠶᠢ ᠬᠡᠷᠬᠢᠨ ᠦᠵᠡᠵᠦ ᠪᠠᠶᠢᠬᠤ ᠪᠤᠶ︖ ᠲᠥᠪ ᠤᠨ ᠵᠠᠰᠠᠭ ᠤᠨ ᠣᠷᠳᠣᠨ ᠲᠠᠷᠠᠭᠠᠴᠢ ᠶᠢᠨ | ᠠᠯᠬᠤᠮ ᠳᠤ ᠪᠠᠰᠠ ᠶᠠᠮᠠᠷ ᠶᠠᠮᠠᠷ ᠠᠷᠭ᠎ᠠ ᠬᠡᠮᠵᠢᠶ᠎ᠡ ᠪᠠᠷ ᠰᠢᠶᠠᠩᠭᠠᠩ ᠣᠣᠮᠧᠨ ᠤ ᠥᠪᠡᠷ ᠤᠨ ᠳᠠᠪᠠᠭᠤᠯᠢᠭ ᠪᠣᠯᠣᠨ ᠣᠨᠴᠠᠯᠢᠭ ᠢᠶᠠᠨ ᠪᠠᠳᠠᠷᠠᠭᠤᠯᠬᠤ ᠶᠢ ᠳᠡᠮᠵᠢᠵᠦ ᠂ | ᠨᠠᠩ ᠰᠠᠶᠢᠨ ᠬᠥᠭᠵᠢᠯᠲᠡ ᠶᠢ ᠪᠡᠶᠡᠯᠡᠭᠦᠯᠬᠦ ᠪᠤᠶ︖ | ᠯᠢ ᠴᠢᠶᠠᠩ ᠄ ᠲᠥᠪ ᠤᠨ ᠵᠠᠰᠠᠭ ᠤᠨ ᠣᠷᠳᠣᠨ ᠰᠢᠶᠠᠩᠭᠠᠩ ᠂ ᠣᠣᠮᠧᠨ ᠤ ᠳᠠᠪᠠᠭᠤᠯᠢᠭ ᠪᠠ ᠣᠨᠴᠠᠯᠢᠭ ᠢ ᠪᠠᠳᠠᠷᠠᠭᠤᠯᠬᠤ ᠶᠢ ᠢᠮᠠᠭᠲᠠ ᠳᠡᠭᠡᠳᠦ | ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠪᠡ ᠃ ᠡᠬᠡ ᠤᠯᠤᠰ ᠲᠠᠭᠠᠨ ᠪᠤᠴᠠᠵᠤ ᠢᠷᠡᠭᠰᠡᠨ ᠠᠴᠠ ᠨᠠᠭᠠᠰᠢ ᠂ ᠤᠯᠤᠰ ᠤᠨ ᠳᠡᠮᠵᠢᠯᠭᠡ ᠳᠣᠣᠷ᠎ᠠ ᠂ ᠰᠢᠶᠠᠩᠭᠠᠩ ᠤᠨ | ᠤᠯᠠᠨ ᠤᠯᠤᠰ ᠤᠨ ᠮᠥᠩᠭᠦᠨ ᠭᠦᠢᠯᠭᠡᠭᠡ ᠂ ᠤᠰᠤᠨ ᠵᠠᠮ ᠤᠨ ᠲᠡᠭᠡᠭᠡᠪᠦᠷᠢ ᠂ ᠠᠷᠠᠯᠵᠢᠶ᠎ᠠ ᠶᠢᠨ ᠭᠤᠷᠪᠠᠨ ᠶᠡᠭᠡ ᠲᠥᠪ ᠪᠤᠯᠬᠤ ᠪᠠᠶᠢᠷᠢ ᠰᠠᠭᠤᠷᠢ ᠨᠢ ᠪᠠᠬᠢᠵᠢᠨ | ᠳᠡᠭᠡᠭᠰᠢᠯᠡᠵᠦ ᠂ ᠣᠣᠮᠧᠨ ᠨᠢ ᠵᠢᠭᠤᠯᠴᠢᠯᠠᠯ ᠰᠡᠯᠡᠭᠦᠴᠡᠯ ᠤᠨ ᠲᠥᠪ ᠪᠣᠯᠤᠭᠰᠠᠨ ᠤ ᠬᠤᠪᠢ ᠳᠤ ᠳᠡᠯᠡᠬᠡᠢ ᠳᠤ ᠨᠡᠷ᠎ᠡ ᠠᠯᠳᠠᠷᠰᠢᠭᠰᠠᠨ ᠶᠤᠮ ᠃ | ᠣᠶᠢᠷ᠎ᠠ ᠶᠢᠨ ᠵᠢᠯ ᠤᠳ ᠲᠤ ᠡᠯ᠎ᠡ ᠵᠦᠢᠯ ᠤᠨ ᠬᠦᠴᠦᠨ ᠵᠦᠢᠯ ᠤᠨ ᠨᠥᠯᠥᠭᠡ ᠠᠴᠠ ᠪᠣᠯᠵᠤ ᠰᠢᠶᠠᠩᠭᠠᠩ ᠂ ᠣᠣᠮᠧᠨ ᠤ ᠠᠵᠤ ᠠᠬᠤᠢ ᠶᠢᠨ ᠬᠥᠭᠵᠢᠯᠲᠡ | ᠡᠳᠦᠢ ᠲᠡᠳᠦᠢ ᠬᠦᠴᠢᠷᠳᠡᠯ ᠳᠤ ᠲᠤᠯᠭᠠᠷᠠᠭᠰᠠᠨ ᠪᠤᠯᠪᠠᠴᠤ ᠡᠨᠡ ᠪᠣᠯ ᠲᠦᠷ ᠴᠠᠭ ᠤᠨ ᠬᠦᠴᠢᠷᠳᠡᠯ ᠂ ᠬᠥᠭᠵᠢᠯᠲᠡ ᠶᠢᠨ ᠳᠤᠮᠳᠠᠬᠢ ᠬᠦᠴᠢᠷᠳᠡᠯ ᠮᠥᠨ ᠃ ᠲᠥᠪ ᠤᠨ | ᠵᠠᠰᠠᠭ ᠤᠨ ᠣᠷᠳᠣᠨ ︽ ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ ︾ ᠴᠢᠭᠯᠡᠯᠲᠡ ᠶᠢ ᠪᠦᠭᠦ ᠲᠠᠯ᠎ᠠ ᠪᠠᠷ ᠵᠥᠪ ᠣᠨᠣᠪᠴᠢᠲᠠᠢ ᠂ ᠡᠷᠡᠰ ᠭᠤᠶᠢᠪᠢᠰᠢ | ᠦᠭᠡᠢ ᠲᠤᠭᠤᠰᠢᠯᠠᠭᠤᠯᠵᠤ ᠂ ᠰᠢᠶᠠᠩᠭᠠᠩ ᠂ ᠣᠣᠮᠧᠨ ᠤ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠠᠭᠤᠰᠤᠯᠴᠠᠬᠤ ᠶᠢ ᠪᠦᠭᠦ ᠬᠦᠴᠦ ᠪᠠᠷ ᠢᠶᠠᠨ ᠳᠡᠮᠵᠢᠵᠦ ᠂ | ᠰᠢᠶᠠᠩᠭᠠᠩ ᠂ ᠣᠣᠮᠧᠨ ᠤ ᠠᠵᠤ ᠠᠬᠤᠢ ᠪᠠᠨ ᠬᠥᠭᠵᠢᠭᠦᠯᠬᠦ ᠂ ᠠᠷᠠᠳ ᠤᠨ ᠠᠮᠢᠳᠤᠷᠠᠯ ᠢᠶᠠᠨ ᠰᠠᠶᠢᠵᠢᠷᠠᠭᠤᠯᠬᠤ ᠶᠢ ᠪᠦᠭᠦ ᠬᠦᠴᠦ ᠪᠠᠷ ᠢᠶᠠᠨ ᠳᠡᠮᠵᠢᠵᠦ ᠂ ᠰᠢᠶᠠᠩᠭᠠᠩ ᠂ | ᠣᠣᠮᠧᠨ ᠤ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠭᠦ ᠶᠢ ᠪᠦᠭᠦ ᠬᠦᠴᠦ ᠪᠠᠷ ᠢᠶᠠᠨ ᠳᠡᠮᠵᠢᠨ᠎ᠡ ᠃ ᠡᠬᠡ ᠤᠯᠤᠰ ᠤᠨ ᠪᠠᠲᠤ ᠴᠢᠩᠭ᠎ᠠ | ᠥᠮᠥᠭ ᠲᠦᠰᠢᠭ ᠲᠠᠢ ᠂ ︽ ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ ︾ ᠪᠠᠶᠢᠭᠤᠯᠤᠯ ᠤᠨ ᠪᠠᠲᠤᠯᠠᠭ᠎ᠠ ᠲᠠᠢ ᠠᠴᠠ ᠰᠢᠶᠠᠩᠭᠠᠩ ᠂ ᠣᠣᠮᠧᠨ ᠤ ᠪᠠᠶᠢᠷᠢ | ᠰᠠᠭᠤᠷᠢ ᠪᠠ ᠦᠢᠯᠡᠳᠦᠯ ᠴᠢᠩᠭᠠᠷᠠᠬᠤ ᠠᠴᠠ ᠪᠢᠰᠢ ᠰᠤᠯᠠᠷᠠᠬᠤ ᠦᠭᠡᠢ ᠶᠤᠮ ᠃ ᠰᠢᠶᠠᠩᠭᠠᠩ ᠂ ᠣᠣᠮᠧᠨ ᠤ ᠮᠠᠷᠭᠠᠰᠢ ᠯᠠᠪᠲᠠᠢ ᠨᠡᠩ ᠰᠠᠶᠢᠨ ᠰᠠᠶᠢᠬᠠᠨ ᠪᠤᠯᠬᠤ ᠶᠤᠮ ︕ | | ᠰᠢᠩᠭᠠᠫᠤᠷ ᠤᠨ ᠬᠤᠯᠪᠣᠭᠠᠲᠤ ᠥᠷᠯᠥᠭᠡ ᠶᠢᠨ ᠰᠣᠨᠢᠨ ᠤ ᠰᠤᠷᠪᠤᠯᠵᠢᠯᠠᠬᠴᠢ ᠄ ᠲᠠ ᠥᠩᠭᠡᠷᠡᠭᠰᠡᠨ ᠳᠤ ᠸᠧᠨᠵᠸᠤ ᠬᠤᠳᠠ ᠶᠢᠨ ᠨᠠᠮ ᠤᠨ ᠬᠤᠷᠢᠶ᠎ᠠ ᠶᠢᠨ | ᠱᠦᠵᠢ ᠪᠠᠶᠢᠪᠠ ᠂ ᠸᠧᠨᠵᠸᠤ ᠬᠤᠳᠠ ᠵᠢᠴᠢ ᠲᠠᠨ ᠤ ᠲᠤᠰᠢᠶᠠᠯ ᠬᠠᠷᠢᠭᠤᠴᠠᠵᠤ ᠪᠠᠶᠢᠭᠰᠠᠨ ᠵᠧᠵᠢᠶᠠᠩ ᠂ ᠵᠢᠶᠠᠩᠰᠤ ᠵᠢᠴᠢ ᠱᠠᠩᠬᠠᠢ ᠨᠢ ᠪᠦᠷ ᠳᠤᠮᠳᠠᠳᠤ ᠤᠯᠤᠰ ᠤᠨ | ᠠᠷᠠᠳ ᠤᠨ ᠡᠵᠡᠩᠨᠡᠯᠲᠡ ᠶᠢᠨ ᠠᠵᠤ ᠠᠬᠤᠢ ᠮᠠᠰᠢ ᠬᠥᠭᠵᠢᠭᠰᠡᠨ ᠭᠠᠵᠠᠷ ᠪᠣᠯᠣᠨ᠎ᠠ ᠂ ᠲᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠲᠤᠬᠠᠢ ᠮᠠᠰᠢ | ᠭᠦᠨᠵᠡᠭᠡᠢ ᠣᠶᠢᠯᠠᠭᠠᠯᠲᠠ ᠲᠠᠢ ᠪᠠᠶᠢᠳᠠᠭ ᠃ ᠲᠠᠨ ᠤ ᠦᠵᠡᠬᠦ ᠪᠠᠷ ᠳᠤᠮᠳᠠᠳᠤ ᠤᠯᠤᠰ ᠪᠠᠰᠠ ᠶᠠᠮᠠᠷ ᠠᠷᠭ᠎ᠠ ᠬᠡᠮᠵᠢᠶ᠎ᠡ ᠠᠪᠴᠤ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠢᠲᠡᠭᠡᠯ ᠵᠣᠷᠢᠭ ᠢ ᠬᠥᠪᠴᠢᠯᠡᠵᠦ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠭᠦ ᠪᠤᠶ︖ ᠪᠠᠰᠠ ᠠᠯᠢ ᠠᠯᠢ | ᠲᠠᠯ᠎ᠠ ᠪᠠᠷ ᠬᠢᠭᠰᠡᠨ ᠨᠢ ᠭᠦᠢᠴᠡᠳ ᠦᠭᠡᠢ ᠪᠤᠢ ᠂ ᠨᠥᠬᠦᠪᠦᠷᠢᠯᠡᠬᠦ ᠴᠢᠬᠤᠯᠠ ᠲᠠᠢ ᠪᠤᠢ︖ | ᠯᠢ ᠴᠢᠶᠠᠩ ᠄ ᠲᠤᠰ ᠤᠳᠠᠭ᠎ᠠ ᠶᠢᠨ ᠬᠤᠶᠠᠷ ᠬᠤᠷᠠᠯ ᠤᠨ ᠬᠤᠭᠤᠴᠠᠭᠠᠨ ᠳᠤ ᠂ ᠶᠡᠷᠦᠩᠬᠡᠢ ᠱᠦᠵᠢ ᠰᠢ ᠶᠢᠨ ᠫᠢᠩ ᠪᠦᠭᠦ ᠤᠯᠤᠰ ᠤᠨ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠢ ᠡᠷᠭᠢᠨ ᠦᠵᠡᠬᠦ ᠳᠡᠭᠡᠨ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠭᠦᠭᠵᠢᠭᠦ ᠂ ᠴᠢᠨᠠᠷ ᠰᠠᠶᠢᠲᠠᠢ ᠭᠦᠭᠵᠢᠭᠦ | ᠲᠤᠬᠠᠢ ᠭᠦᠨᠵᠡᠭᠡᠢ ᠲᠣᠳᠣᠷᠬᠠᠶᠢᠯᠠᠨ ᠥᠭᠦᠯᠡᠵᠦ ᠂ ᠬᠠᠯᠠᠭᠤᠨ ᠲᠤᠰᠬᠠᠯ ᠭᠠᠷᠪᠠ ᠃ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ | ᠲᠤᠶᠢᠯ ᠢᠶᠠᠷ ᠤᠷᠮᠠᠰᠢᠨ ᠵᠣᠷᠢᠭᠵᠢᠵᠤ ᠂ ᠬᠥᠭᠰᠡᠨ ᠲᠤᠬᠳᠤᠯᠤᠬᠰᠠᠨ ᠢ ᠲᠠ ᠪᠦᠭᠦᠳᠡᠭᠡᠷ ᠯᠠᠪ ᠣᠯᠵᠤ ᠠᠩᠬᠠᠷᠤᠭᠰᠠᠨ ᠪᠠᠶᠢᠬᠤ ᠠ᠋ ᠃ | ᠪᠢ ᠠᠷᠠᠳ ᠤᠨ ᠡᠵᠡᠩᠨᠡᠯᠲᠡ ᠶᠢᠨ ᠠᠵᠤ ᠠᠬᠤᠢ ᠨᠡᠯᠢᠶᠡᠳ ᠬᠥᠭᠵᠢᠭᠰᠡᠨ ᠭᠠᠵᠠᠷ ᠣᠷᠣᠨ ᠳᠤ ᠤᠷᠳᠤ ᠬᠤᠭᠤᠴᠠᠭ᠎ᠠ ᠪᠠᠷ ᠠᠵᠢᠯᠯᠠᠵᠤ ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯᠲᠠᠨ ᠲᠠᠢ ᠰᠠᠨᠠᠯ ᠢᠶᠠᠨ ᠰᠣᠯᠢᠯᠴᠠᠬᠤ ᠲᠣᠭᠢᠶᠠᠯ ᠦᠷᠭᠦᠯᠵᠢ ᠭᠠᠷᠳᠠᠭ ᠂ ᠲᠡᠳᠡᠨ ᠤ ᠬᠥᠭᠵᠢᠯᠲᠡ ᠶᠢᠨ ᠶᠠᠪᠤᠴᠠ ᠳᠠᠬᠢ ᠬᠦᠰᠡᠯ | ᠡᠷᠡᠮᠡᠯᠵᠡᠯ ᠪᠣᠯᠣᠨ ᠡᠷᠡᠭᠡᠯᠵᠡᠯ ᠢ ᠨᠡᠯᠢᠶᠡᠳ ᠣᠶᠢᠯᠠᠭᠠᠯ᠎ᠠ ᠃ ᠠᠳᠡ ᠪᠢ ᠭᠤᠣᠯᠳᠠᠭᠤ ᠡᠶᠢᠮᠦ ᠬᠡᠳᠦᠨ ᠳᠠᠪᠬᠤᠷᠭ᠎ᠠ ᠶᠢᠨ ᠤᠳᠬ᠎ᠠ ᠰᠠᠨᠠᠭ᠎ᠠ ᠶᠢ ᠢᠯᠡᠳᠬᠡᠶ᠎ᠡ ᠄ | ᠨᠢᠭᠡᠳᠦᠭᠡᠷ ᠲᠤ ᠂ ︽ ᠬᠤᠶᠠᠷ ᠡᠷᠡᠰ ᠭᠤᠶᠢᠪᠢᠰᠢ ᠦᠭᠡᠢ ᠪᠠᠶᠢᠬᠤ ︾ ᠪᠣᠯ ᠮᠠᠨ ᠤ ᠤᠯᠤᠰ ᠤᠨ ᠠᠵᠤ ᠠᠬᠤᠢ ᠶᠢᠨ ᠦᠨᠳᠦᠰᠦᠨ ᠪᠠᠶᠢᠭᠤᠯᠤᠯ ᠤᠨ ᠴᠢᠬᠤᠯᠠ | ᠠᠭᠤᠯᠭ᠎ᠠ ᠂ ᠤᠷᠳᠤ ᠬᠤᠭᠤᠴᠠᠭᠠᠨ ᠤ ᠠᠷᠭ᠎ᠠ ᠪᠣᠳᠣᠯᠭ᠎ᠠ ᠮᠥᠨ ᠂ ᠥᠩᠭᠡᠷᠡᠭᠰᠡᠨ ᠳᠤ ᠬᠤᠪᠢᠷᠠᠭᠰᠠᠨ ᠦᠭᠡᠢ ᠂ ᠬᠤᠶᠢᠰᠢᠳᠠ ᠨᠡᠩ ᠴᠤ ᠬᠤᠪᠢᠷᠠᠬᠤ ᠦᠭᠡᠢ ᠶᠤᠮ ᠃ | ᠦᠨᠡᠬᠡᠷ ᠂ ᠨᠢᠳᠤᠨᠤᠨ ᠨᠢᠭᠡ ᠬᠡᠰᠡᠭ ᠬᠤᠭᠤᠴᠠᠭᠠᠨ ᠳᠤ ᠂ ᠨᠡᠶᠢᠭᠡᠮ ᠳᠡᠭᠡᠷ᠎ᠡ ᠵᠠᠷᠢᠮ ᠵᠥᠪ ᠪᠤᠰᠤ ᠶᠠᠷᠢᠶ᠎ᠠ ᠬᠡᠯᠡᠯᠴᠡᠭᠡ ᠭᠠᠷᠴᠤ ᠂ ᠵᠠᠷᠢᠮ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯᠲᠠᠨ ᠢ ᠰᠠᠨᠠᠭᠠᠰᠢᠷᠠᠭᠤᠯᠵᠤ ᠪᠠᠶᠢᠪᠠ ᠃ ᠦᠨᠡᠨ ᠳᠡᠭᠡᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠬᠥᠭᠵᠢᠭᠦᠯᠬᠦ ᠠᠰᠠᠭᠤᠳᠠᠯ ᠳᠡᠭᠡᠷ᠎ᠡ ᠂ | ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠶᠡᠷᠦ ᠨᠢ ᠮᠠᠰᠢ ᠲᠣᠳᠣᠷᠬᠠᠢ ᠶᠤᠮ ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠂ | ᠬᠤᠷᠢᠳᠤᠭᠠᠷ ᠶᠡᠭᠡ ᠬᠤᠷᠠᠯ ᠪᠣᠯᠣᠨ ᠨᠢᠳᠤᠨᠤᠨ ᠤ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠴᠥᠮ ᠴᠢᠬᠤᠯᠠᠴᠢᠯᠠᠭᠰᠠᠨ ᠪᠠᠶᠢᠨ᠎ᠠ ᠃ ᠡᠭᠦᠨ ᠳᠤ | ᠪᠢᠳᠡ ᠲᠤᠭ ᠲᠡᠮᠳᠡᠭ ᠲᠣᠳᠣᠷᠬᠠᠢ ᠂ ᠡᠷᠡᠰ ᠭᠤᠶᠢᠪᠢᠰᠢ ᠦᠭᠡᠢ ᠶᠤᠮ ᠃ | ᠬᠤᠶᠠᠳᠤᠭᠠᠷ ᠲᠤ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠥᠬᠦᠴᠡᠯ ᠤᠯᠠᠮ ᠠᠴᠠ ᠤᠯᠠᠮ ᠰᠠᠶᠢᠵᠢᠷᠠᠵᠤ ᠂ | ᠬᠥᠭᠵᠢᠯᠲᠡ ᠶᠢᠨ ᠣᠷᠣᠨ ᠵᠠᠢ ᠤᠯᠠᠮ ᠠᠴᠠ ᠤᠯᠠᠮ ᠶᠡᠭᠡᠳᠭᠦ ᠪᠣᠯᠣᠨ᠎ᠠ ᠃ ᠪᠢᠳᠡ ᠰᠢᠨ᠎ᠡ ᠭᠠᠷᠤᠭ᠎ᠠ ᠠᠴᠠ ᠵᠠᠬ᠎ᠠ ᠳᠡᠯᠭᠡᠭᠦᠷᠴᠢᠯᠡᠭᠰᠡᠨ ᠂ ᠬᠠᠤᠯᠢᠵᠢᠭᠰᠠᠨ ᠂ | ᠳᠡᠯᠡᠬᠡᠶᠢᠵᠢᠭᠰᠡᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠶᠡᠭᠡ ᠪᠠᠷ ᠪᠤᠢ ᠪᠤᠯᠭᠠᠵᠤ ᠂ ᠡᠯ᠎ᠡ ᠲᠦᠷᠦᠯ ᠤᠨ ᠥᠮᠴᠢᠯᠡᠯ ᠤᠨ ᠠᠵᠤ ᠠᠬᠤᠶᠢᠯᠠᠯ ᠳᠤ ᠡᠷᠬᠡ | ᠲᠡᠭᠰᠢ ᠪᠠᠷ ᠬᠠᠨᠳᠤᠵᠤ ᠂ ᠠᠵᠤ ᠠᠬᠤᠶᠢᠯᠠᠯ ᠤᠨ ᠥᠮᠴᠢᠯᠡᠯ ᠤᠨ ᠡᠷᠬᠡ ᠪᠣᠯᠣᠨ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ ᠂ ᠡᠯ᠎ᠡ | ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠡᠷᠬᠡ ᠲᠡᠭᠰᠢ ᠪᠠᠷ ᠥᠷᠢᠰᠦᠯᠳᠦᠬᠦ ᠶᠢ ᠠᠬᠢᠭᠤᠯᠵᠤ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠬᠥᠭᠵᠢᠨ ᠪᠤᠵᠠᠭᠠᠶᠢᠷᠠᠬᠤ ᠶᠢ ᠳᠡᠮᠵᠢᠨ᠎ᠠ ᠃ ᠬᠥᠭᠵᠢᠯᠲᠡ ᠶᠢᠨ ᠣᠷᠣᠨ ᠵᠠᠢ ᠠᠴᠠ ᠦᠵᠡᠪᠡᠯ ᠂ ᠳᠤᠮᠳᠠᠳᠤ ᠤᠯᠤᠰ ᠭᠡᠳᠤ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ | ᠬᠡᠷᠡᠭᠴᠡᠭᠡ ᠲᠠᠢ ᠂ ᠪᠠᠰᠠ ᠮᠠᠰᠢ ᠤᠯᠠᠨ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠢ ᠨᠡᠭᠡᠭᠡᠬᠦ ᠴᠢᠬᠤᠯᠠ ᠲᠠᠢ ᠪᠠᠶᠢᠵᠤ ᠂ ᠴᠥᠮ ᠯᠤᠲᠤ ᠶᠡᠭᠡ ᠬᠥᠭᠵᠢᠯᠲᠡ ᠶᠢᠨ | ᠠᠵᠠ ᠲᠣᠭᠢᠶᠠᠯ ᠬᠠᠳᠠᠭᠠᠯᠠᠭᠳᠠᠵᠤ ᠪᠠᠶᠢᠨ᠎ᠠ ᠃ ᠠᠷᠠᠳ ᠤᠨ ᠡᠵᠡᠩᠨᠡᠯᠲᠡ ᠶᠢᠨ ᠠᠵᠤ ᠠᠬᠤᠢ ᠯᠠᠪᠲᠠᠢ ᠶᠡᠭᠡ ᠵᠢᠳᠬᠦᠯ ᠴᠢᠷᠮᠠᠶᠢᠯᠭ᠎ᠠ ᠭᠠᠷᠭᠠᠵᠤ ᠪᠣᠯᠣᠨ᠎ᠠ ᠃ | ᠭᠤᠷᠪᠠᠳᠤᠭᠠᠷ ᠲᠤ ᠂ ᠴᠠᠭ ᠦᠶ᠎ᠡ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠤᠨ ᠰᠢᠨ᠎ᠡ ᠦᠢᠯᠡᠰ ᠪᠣᠰᠬᠠᠭᠰᠠᠨ ᠲᠡᠦᠬᠡ ᠪᠠᠨ | ᠪᠢᠴᠢᠭᠯᠡᠬᠦ ᠶᠢ ᠤᠷᠢᠶᠠᠯᠠᠵᠤ ᠪᠠᠶᠢᠨ᠎ᠠ ᠃ ᠡᠨᠡ ᠨᠢ ᠪᠠᠰᠠ ᠮᠢᠨᠤ ᠭᠡᠯᠡᠭᠦ ᠭᠡᠰᠡᠨ ᠨᠢᠭᠡ ᠵᠦᠢᠯ ᠮᠥᠨ ᠃ ᠠᠵᠤ ᠠᠬᠤᠢ ᠶᠢᠨ ᠬᠥᠭᠵᠢᠯᠲᠡ ᠨᠢ ᠪᠤᠰᠤᠳᠴᠢ ᠵᠢᠮ᠎ᠡ | ᠶᠣᠰᠣ ᠲᠠᠢ ᠪᠠᠶᠢᠳᠠᠭ ᠪᠥᠭᠡᠳ ᠪᠠᠰᠠ ᠪᠤᠰᠤᠳᠴᠢ ᠨᠥᠬᠦᠴᠡᠯ ᠳᠤ ᠲᠦᠰᠢᠭᠯᠡᠳᠡᠭ ᠂ ᠭᠡᠬᠦ ᠳᠤ ᠮᠠᠰᠢ ᠴᠢᠩᠭ᠎ᠠ ᠪᠡᠶᠡᠴᠢ ᠴᠢᠳᠠᠮᠠᠭᠠᠢ ᠴᠢᠨᠠᠷ ᠢ ᠨᠡᠩ ᠢᠯᠡᠭᠦᠦ | ᠱᠠᠭᠠᠷᠳᠠᠳᠠᠭ ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠰᠢᠯᠢᠳᠡᠭ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ ᠂ ᠢᠲᠡᠭᠡᠯ | ᠵᠣᠷᠢᠭ ᠢᠶᠠᠨ ᠪᠠᠲᠤᠳᠬᠠᠨ ᠠᠶᠠᠨ ᠳᠠᠭᠠᠨ ᠲᠠᠭᠢᠨ ᠮᠣᠷᠳᠠᠬᠤ ᠶᠢ ᠬᠦᠰᠡᠵᠦ ᠪᠠᠶᠢᠨ᠎ᠠ ᠃ ᠠᠳᠡ ᠭᠦᠷᠲᠡᠯ᠎ᠡ ᠶᠠᠷᠢᠬᠤ ᠳᠤ ᠪᠢ ᠲᠤᠬᠠᠢ ᠶᠢᠨ ᠵᠢᠯ ᠳᠤ ᠵᠢᠶᠠᠩᠰᠤ | ᠵᠧᠵᠢᠶᠠᠩ ᠵᠡᠷᠭᠡ ᠭᠠᠵᠠᠷ ᠤᠨ ᠬᠤᠪᠢ ᠶᠢᠨ ᠡᠵᠡᠩᠨᠡᠯᠲᠡ ᠶᠢᠨ ᠠᠵᠤ ᠠᠬᠤᠢ ᠶᠢ ᠬᠥᠭᠵᠢᠭᠦᠯᠬᠦ ᠂ ᠰᠢᠶᠠᠩ ᠪᠠᠯᠭᠠᠰᠤᠨ ᠤ ᠠᠵᠤ ᠠᠬᠤᠶᠢᠯᠠᠯ ᠢ ᠬᠥᠭᠵᠢᠭᠦᠯᠬᠦ ᠦᠶ᠎ᠡ ᠳᠤ | ᠡᠭᠦᠳᠦᠭᠰᠡᠨ ︽ ᠲᠦᠷᠪᠡᠨ ᠮᠢᠩᠭ᠎ᠠ ︾ ᠶᠢᠨ ᠵᠣᠷᠢᠭ ᠰᠠᠨᠠᠭ᠎ᠠ ᠶᠢ ᠥᠪᠡᠷ ᠤᠨ ᠡᠷᠬᠡ ᠦᠭᠡᠢ ᠪᠤᠳᠤᠵᠤ ᠣᠯᠣᠯ᠎ᠠ ᠂ ᠲᠡᠷᠡ ᠨᠢ ᠳᠠᠷᠤᠢ ᠄ ᠮᠢᠩᠭᠠᠨ ᠪᠡᠷᠬᠡ ᠲᠦᠮᠡᠨ | ᠪᠠᠷᠳᠠᠭ᠎ᠠ ᠶᠢ ᠲᠤᠭᠤᠯᠵᠤ ᠂ ᠲᠦᠮᠡ ᠮᠢᠩᠭᠠᠨ ᠦᠭᠡ ᠶᠠᠷᠢᠵᠤ ᠂ ᠡᠯᠳᠡᠪ ᠠᠷᠭ᠎ᠠ ᠪᠦᠭᠦᠨ ᠢ ᠰᠦᠪᠡᠭᠴᠢᠯᠡᠵᠦ ᠂ ᠲᠣᠭᠠᠯᠠᠰᠢ ᠦᠭᠡᠢ ᠬᠦᠴᠢᠷ ᠪᠡᠷᠬᠡᠰᠢᠶᠡᠯ ᠢ ᠠᠮᠰᠠᠬᠤ | ᠭᠡᠳᠡᠭ ᠢ ᠥᠪᠡᠷ ᠤᠨ ᠡᠷᠬᠡ ᠦᠭᠡᠢ ᠪᠤᠳᠤᠵᠤ ᠣᠯᠵᠠᠢ ᠃ ᠬᠡᠳᠦᠶᠢᠪᠡᠷ ᠤᠳᠤ ᠶᠢᠨ ᠦᠢᠯᠡᠰ ᠪᠣᠰᠬᠠᠬᠤ ᠵᠠᠭᠪᠤᠷ ᠂ ᠭᠡᠯᠪᠡᠷᠢ ᠪᠠᠶᠢᠳᠠᠯ ᠳᠤ ᠮᠠᠰᠢ ᠶᠡᠭᠡ ᠬᠤᠪᠢᠷᠠᠯᠲᠠ | ᠭᠠᠷᠤᠭᠰᠠᠨ ᠪᠤᠯᠪᠠᠴᠤ ᠲᠤᠬᠠᠢ ᠶᠢᠨ ᠦᠶ᠎ᠡ ᠶᠢᠨ ᠲᠡᠷᠡ ᠬᠦ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ ᠦᠢᠯᠡᠰ ᠪᠣᠰᠬᠠᠬᠤ ᠵᠣᠷᠢᠭ ᠰᠠᠨᠠᠭ᠎ᠠ ᠨᠢ ᠥᠨᠢ | ᠡᠭᠦᠷᠢᠳᠡ ᠱᠠᠭᠠᠷᠳᠠᠭᠳᠠᠬᠤ ᠶᠤᠮ ᠃ ᠮᠠᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠦᠨᠡᠨ | ᠰᠡᠳᠬᠢᠯ ᠠᠴᠠ ᠪᠠᠨ ᠬᠠᠯᠠᠮᠵᠢᠯᠠᠨ ᠲᠡᠭᠦᠨ ᠳᠤ ᠦᠢᠯᠡᠴᠢᠯᠡᠵᠦ ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠭᠢ ᠳᠣᠲᠣᠨᠣ ᠴᠢᠬᠡᠴᠢ ᠬᠠᠷᠢᠴᠠᠭ᠎ᠠ ᠶᠢ | ᠪᠠᠶᠢᠭᠤᠯᠵᠤ ᠂ ᠪᠦᠭᠦ ᠨᠡᠶᠢᠭᠡᠮ ᠢ ᠲᠠᠶᠢᠴᠢᠯᠠᠨ ᠦᠢᠯᠡᠰ ᠪᠣᠰᠬᠠᠭᠴᠢ ᠶᠢ ᠬᠦᠨᠳᠦᠳᠬᠡᠬᠦ ᠂ ᠠᠵᠤ ᠠᠬᠤᠶᠢᠯᠠᠯᠲᠠᠨ ᠢ ᠬᠦᠨᠳᠦᠳᠬᠡᠬᠦ ᠰᠠᠶᠢᠨ ᠰᠠᠶᠢᠬᠠᠨ ᠠᠭᠤᠷ | ᠠᠮᠢᠰᠬᠤᠯ ᠢ ᠪᠤᠢ ᠪᠤᠯᠭᠠᠬᠤ ᠬᠡᠷᠡᠭᠲᠡᠢ ᠃ ᠰᠢᠨ᠎ᠡ ᠴᠠᠭ ᠦᠶ᠎ᠡ ᠰᠢᠨ᠎ᠡ ᠠᠶᠠᠨ ᠳᠤ ᠂ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠯᠠᠪᠲᠠᠢ | ᠨᠡᠩ ᠭᠡᠷᠡᠯ ᠰᠠᠴᠤᠷᠠᠩᠭᠤᠢ ᠦᠢᠯᠡᠰ ᠪᠣᠰᠬᠠᠬᠤ ᠲᠡᠦᠬᠡ ᠶᠢ ᠪᠢᠴᠢᠭᠯᠡᠨ᠎ᠡ ᠭᠡᠳᠡᠭ ᠲᠤ ᠪᠢ ᠢᠲᠡᠭᠡᠵᠦ ᠪᠠᠶᠢᠨ᠎ᠠ ᠃ | ᠫᠧᠩ ᠫᠠᠢ ᠰᠣᠨᠢᠨ ᠮᠡᠳᠡᠭᠡᠨ ᠤ ᠰᠤᠷᠪᠤᠯᠵᠢᠯᠠᠬᠴᠢ ᠄ ᠰᠦᠯᠵᠢᠶᠡᠨ ᠢᠷᠭᠡᠳ ᠠᠷᠠᠳ ᠤᠨ ᠠᠮᠢᠳᠤᠷᠠᠯ ᠤᠨ ᠵᠠᠷᠢᠮ ᠬᠠᠯᠠᠮᠰᠢᠯ ᠠᠰᠠᠭᠤᠳᠠᠯ ᠢ ᠳᠡᠭᠡᠳᠦ | ᠬᠡᠮᠵᠢᠶ᠎ᠡ ᠪᠠᠷ ᠠᠩᠬᠠᠷᠴᠤ ᠪᠤᠢ ᠃ ᠡᠨᠡ ᠵᠢᠯ ᠮᠠᠨ ᠤ ᠤᠯᠤᠰ ᠤᠨ ᠠᠵᠢᠯ ᠣᠯᠭᠤᠯᠲᠠ ᠶᠢᠨ ᠪᠠᠶᠢᠳᠠᠯ ᠮᠥᠨ ᠯᠡ ᠬᠦᠨᠳᠦ ᠨᠣᠴᠢᠲᠠᠢ ᠪᠠᠶᠢᠨ᠎ᠠ ᠂ ᠲᠡᠭᠡᠪᠡᠯ ᠵᠠᠰᠠᠭ ᠤᠨ | ᠣᠷᠳᠣᠨ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠪᠤᠶ︖ ᠨᠢᠳᠤᠨᠤᠨ ᠳᠤᠮᠳᠠᠳᠤ ᠤᠯᠤᠰ ᠲᠤ ᠤᠯᠠᠨ ᠵᠢᠯ ᠳᠤ | ᠪᠠᠶᠢᠭ᠎ᠠ ᠦᠭᠡᠢ ᠬᠥᠮᠥᠨ ᠠᠮᠠ ᠶᠢᠨ ᠰᠥᠭᠡᠷᠭᠦ ᠨᠡᠮᠡᠭᠳᠡᠯ ᠭᠠᠷᠤᠭᠰᠠᠨ ᠨᠢ ᠬᠥᠮᠥᠨ ᠠᠮᠠ ᠶᠢᠨ ᠴᠡᠪᠡᠷ ᠠᠰᠢᠭ ᠤᠳᠠᠯ ᠦᠭᠡᠢ ᠠᠷᠢᠯᠬᠤ ᠶᠢ ᠬᠠᠷᠠᠭᠤᠯᠵᠤ ᠪᠠᠶᠢᠨ᠎ᠠ ᠦᠦ︖ | ᠡᠨᠡ ᠵᠢᠯ ᠠᠵᠢᠯ ᠠᠴᠠ ᠪᠠᠨ ᠠᠮᠠᠷᠠᠬᠤ ᠶᠢ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠶᠢ ᠨᠡᠶᠢᠲᠡᠯᠡᠵᠦ ᠮᠡᠳᠡᠨ᠎ᠠ ᠦᠦ︖ | ᠯᠢ ᠴᠢᠶᠠᠩ ᠄ ᠪᠢ ᠰᠦᠯᠵᠢᠶᠡᠨ ᠢᠷᠭᠡᠳ ᠤᠨ ᠠᠩᠬᠠᠷᠤᠯ ᠳᠤ ᠬᠠᠷᠢᠭᠤᠯᠲᠠ ᠥᠭᠭᠦ ᠳᠤᠷᠠᠲᠠᠢ ᠂ ᠵᠠᠪ ᠴᠢᠯᠦᠭᠡ ᠣᠯᠳᠠᠭᠰᠠᠭᠠᠷ ᠯᠡ ᠰᠦᠯᠵᠢᠶᠡᠨ ᠳᠤ ᠭᠠᠷᠴᠤ ᠂ | ᠰᠦᠯᠵᠢᠶᠡᠨ ᠢᠷᠭᠡᠳ ᠤᠨ ᠶᠠᠭᠤ ᠶᠢ ᠠᠩᠬᠠᠷᠴᠤ ᠪᠠᠶᠢᠬᠤ ᠂ ᠶᠠᠮᠠᠷ ᠰᠠᠶᠢᠨ ᠰᠠᠨᠠᠯ ᠰᠠᠨᠠᠭᠤᠯᠭ᠎ᠠ ᠪᠠᠶᠢᠬᠤ ᠶᠢ ᠦᠵᠡᠳᠡᠭ ᠃ | ᠦᠨᠡᠨ ᠳᠡᠭᠡᠨ ᠴᠢ ᠰᠠᠶ᠋ᠢᠬᠠᠨ ᠭᠤᠷᠪᠠᠨ ᠠᠰᠠᠭᠤᠯᠲᠠ ᠳᠤᠷᠠᠳᠪᠠ ᠃ ᠨᠢᠭᠡᠳᠦᠭᠡᠷ ᠠᠰᠠᠭᠤᠯᠳᠠ ᠭᠡᠪᠡᠯ ᠂ ᠠᠵᠢᠯ ᠣᠯᠭᠤᠯᠲᠠ ᠶᠢᠨ ᠠᠰᠠᠭᠤᠳᠠᠯ ᠃ ᠠᠵᠢᠯ | ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ ᠂ ᠠᠵᠢᠯ ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠬᠦ ᠶᠢᠨ ᠬᠠᠮᠤᠭ ᠤᠨ ᠦᠨᠳᠦᠰᠦᠨ ᠨᠢᠭᠡ | ᠵᠦᠢᠯ ᠪᠣᠯ ᠬᠠᠰᠢᠯᠠ ᠠᠵᠤ ᠠᠬᠤᠢ ᠶᠢ ᠬᠥᠭᠵᠢᠭᠦᠯᠬᠦ ᠳᠤ ᠲᠦᠰᠢᠭᠯᠡᠬᠦ ᠬᠡᠷᠡᠭᠲᠡᠢ ᠃ ᠪᠣᠳᠠᠲᠠᠢ ᠠᠵᠢᠯ ᠤᠨ ᠳᠤᠮᠳᠠ ᠂ ᠪᠢᠳᠡ ᠠᠵᠢᠯ ᠣᠯᠭᠤᠯᠲᠠ ᠶᠢ ᠲᠡᠷᠢᠭᠦᠨ ᠳᠤ | ᠲᠠᠯᠪᠢᠬᠤ ᠪᠠᠶᠢᠯᠳᠤᠬᠤ ᠪᠣᠳᠣᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠠᠵᠢᠯ ᠣᠯᠭᠤᠯᠲᠠ ᠶᠢᠨ ᠦᠢᠯᠡᠴᠢᠯᠡᠭᠡ ᠂ ᠤᠷ᠎ᠠ ᠴᠢᠳᠠᠪᠤᠷᠢ ᠶᠢᠨ ᠪᠣᠯᠪᠠᠰᠤᠷᠠᠯ | ᠵᠡᠷᠭᠡ ᠲᠠᠯ᠎ᠠ ᠪᠠᠷ ᠬᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ ᠂ ᠣᠯᠠᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠥᠷᠭᠡᠳᠬᠡᠵᠦ ᠂ ᠠᠵᠢᠯ ᠣᠯᠭᠤᠯᠲᠠ ᠶᠢᠨ ᠰᠢᠨ᠎ᠡ ᠭᠡᠯᠪᠡᠷᠢ ᠶᠢ ᠳᠡᠮᠵᠢᠨ | ᠵᠢᠷᠤᠮᠵᠢᠭᠤᠯᠤᠨ᠎ᠠ ᠃ ᠡᠨᠡ ᠵᠢᠯ ᠤᠨ ᠶᠡᠭᠡ ᠳᠡᠭᠡᠳᠦ ᠰᠤᠷᠭᠠᠭᠤᠯᠢ ᠲᠡᠭᠦᠰᠬᠦ ᠰᠤᠷᠤᠬᠴᠢ ᠵᠢᠱᠢᠯᠲᠡ ᠪᠠᠷ 1158 ᠲᠦᠮᠡ ᠪᠤᠢ ᠂ ᠠᠵᠢᠯ ᠣᠯᠭᠤᠯᠲᠠ ᠶᠢᠨ | ᠲᠠᠯ᠎ᠠ ᠠᠴᠠ ᠦᠵᠡᠪᠡᠯ ᠵᠣᠬᠢᠬᠤ ᠳᠠᠷᠤᠯᠲᠠ ᠲᠠᠢ ᠪᠠᠶᠢᠨ᠎ᠠ ︔ ᠭᠡᠪᠡᠴᠦ ᠬᠥᠭᠵᠢᠯᠲᠡ ᠶᠢᠨ ᠲᠠᠯ᠎ᠠ ᠠᠴᠠ ᠠᠪᠴᠤ ᠦᠵᠡᠪᠡᠯ ᠂ ᠡᠨᠡ ᠨᠢ ᠠᠮᠢᠵᠢᠷᠠᠯ ᠤᠨ ᠬᠦᠴᠦᠨ | ᠨᠡᠮᠡᠷᠢᠯᠡᠪᠡ ᠃ ᠪᠢᠳᠡ ᠠᠵᠢᠯ ᠣᠯᠭᠤᠯᠲᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ ᠂ ᠵᠠᠯᠠᠭᠤᠴᠤᠳ ᠢ ᠬᠠᠪᠰᠤᠷᠤᠨ ᠭᠦᠳᠡᠯᠮᠦᠷᠢ ᠪᠠ ᠲᠡᠮᠡᠴᠡᠯ ᠢᠶᠠᠷ | ᠳᠠᠮᠵᠢᠭᠤᠯᠤᠨ ᠂ ᠥᠪᠡᠷ ᠤᠨ ᠠᠮᠢᠳᠤᠷᠠᠬᠤᠢ ᠶᠢᠨ ᠦᠨ᠎ᠡ ᠦᠷᠲᠡᠭ ᠢᠶᠠᠨ ᠨᠡᠩ ᠰᠠᠶᠢᠲᠤᠷ ᠪᠡᠶᠡᠯᠡᠭᠦᠯᠬᠦ ᠪᠣᠯᠭᠠᠨ᠎ᠠ ᠃ | ᠬᠤᠶᠠᠳᠤᠭᠠᠷ ᠠᠰᠠᠭᠤᠯᠳᠠ ᠪᠣᠯ ᠂ ᠬᠥᠮᠥᠨ ᠠᠮᠠ ᠶᠢᠨ ᠰᠥᠭᠡᠷᠭᠦ ᠨᠡᠮᠡᠭᠳᠡᠯ ᠤᠨ ᠠᠰᠠᠭᠤᠳᠠᠯ ᠃ ᠮᠠᠨ ᠤ ᠤᠯᠤᠰ ᠤᠨ ᠬᠥᠮᠥᠨ ᠠᠮᠠ ᠶᠢᠨ ᠥᠰᠦᠯᠲᠡ ᠡᠶᠡᠷᠭᠦ | ᠪᠠᠶᠢᠭᠰᠠᠨ ᠠᠴᠠ ᠪᠠᠨ ᠰᠥᠭᠡᠷᠭᠦ ᠪᠣᠯᠵᠤ ᠪᠠᠶᠢᠨ᠎ᠠ ᠂ ᠬᠥᠮᠥᠨ ᠠᠮᠠ ᠶᠢᠨ ᠴᠡᠪᠡᠷ ᠠᠰᠢᠭ ᠡᠭᠦᠨ ᠠᠴᠠ ᠪᠣᠯᠵᠤ ᠠᠷᠢᠯᠤᠨ᠎ᠠ ᠦᠦ ᠦᠭᠡᠢ ᠦᠦ ᠭᠡᠵᠦ ᠵᠠᠷᠢᠮ ᠬᠥᠮᠥᠨ | ᠰᠠᠨᠠᠭ᠎ᠠ ᠵᠣᠪᠠᠵᠤ ᠪᠠᠶᠢᠨ᠎ᠠ ᠃ ᠮᠢᠨᠤ ᠪᠤᠳᠣᠬᠤ ᠪᠠᠷ ᠲᠡᠶᠢᠮᠦ ᠠᠮᠠᠷᠬᠠᠨ ᠪᠢᠰᠢ ᠃ ᠬᠥᠮᠥᠨ ᠠᠮᠠ ᠶᠢᠨ ᠴᠡᠪᠡᠷ ᠠᠰᠢᠭ ᠢ ᠶᠡᠷᠦᠩᠬᠡᠢ ᠬᠡᠮᠵᠢᠶ᠎ᠡ ᠪᠠᠷ ᠨᠢ ᠦᠵᠡᠬᠦ ᠬᠡᠷᠡᠭᠲᠡᠢ | ᠮᠥᠷᠲᠡᠭᠡᠨ ᠨᠡᠩ ᠴᠤ ᠶᠠᠰᠤ ᠴᠢᠨᠠᠷ ᠢᠶᠠᠷ ᠨᠢ ᠦᠵᠡᠬᠦ ᠬᠡᠷᠡᠭᠲᠡᠢ ᠂ ᠬᠥᠮᠥᠨ ᠠᠮᠠ ᠪᠠᠷ ᠨᠢ ᠦᠵᠡᠬᠦ ᠬᠡᠷᠡᠭᠲᠡᠢ ᠮᠥᠷᠲᠡᠭᠡᠨ ᠨᠡᠩ ᠴᠤ ᠴᠢᠳᠠᠪᠤᠷᠢᠲᠠᠨ ᠢᠶᠠᠷ ᠨᠢ ᠦᠵᠡᠬᠦ | ᠬᠡᠷᠡᠭᠲᠡᠢ ᠃ ᠮᠠᠨ ᠤ ᠤᠯᠤᠰ ᠲᠤ 9 ᠳ᠋ᠦᠩᠰᠢᠭᠤᠷ ᠰᠢᠬᠠᠮ ᠭᠦᠳᠡᠯᠮᠦᠷᠢ ᠬᠦᠴᠦᠨ ᠲᠠᠢ ᠪᠠᠶᠢᠵᠤ ᠂ ᠵᠢᠯ ᠪᠦᠷᠢ ᠶᠢᠨ ᠰᠢᠨ᠎ᠡ ᠪᠠᠷ ᠨᠡᠮᠡᠭᠳᠡᠬᠦ ᠭᠦᠳᠡᠯᠮᠦᠷᠢ ᠬᠦᠴᠦᠨ | ᠴᠥᠮ 1500 ᠲᠦᠮᠡ ᠶᠢ ᠳᠠᠪᠠᠵᠤ ᠂ ᠬᠥᠮᠥᠨ ᠤ ᠬᠦᠴᠦᠨ ᠤ ᠡᠬᠢ ᠪᠠᠶᠠᠯᠢᠭ ᠡᠯᠪᠡᠭ ᠪᠠᠶᠢᠬᠤ ᠨᠢ ᠮᠥᠨ ᠯᠡ ᠳᠤᠮᠳᠠᠳᠤ ᠤᠯᠤᠰ ᠤᠨ ᠲᠣᠪᠣᠶᠢᠮ᠎ᠠ ᠳᠠᠪᠠᠭᠤᠯᠢᠭ | ᠪᠣᠯᠣᠭᠰᠠᠭᠠᠷ ᠪᠠᠶᠢᠨ᠎ᠠ ᠃ ᠨᠡᠩ ᠴᠢᠬᠤᠯᠠ ᠨᠢ ᠂ ᠮᠠᠨ ᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠭᠥᠷᠳᠡᠭᠰᠡᠨ ᠬᠥᠮᠥᠨ ᠠᠮᠠ ᠨᠢᠭᠡᠨᠲᠡ 2.4 | ᠳ᠋ᠦᠩᠰᠢᠭᠤᠷ ᠢ ᠳᠠᠪᠠᠵᠤ ᠂ ᠰᠢᠨ᠎ᠡ ᠪᠠᠷ ᠨᠡᠮᠡᠭᠳᠡᠭᠰᠡᠨ ᠭᠦᠳᠡᠯᠮᠦᠷᠢ ᠬᠦᠴᠦᠨ ᠤ ᠰᠤᠷᠭᠠᠨ ᠬᠥᠮᠦᠵᠢᠯ ᠭᠥᠷᠳᠡᠭᠰᠡᠨ ᠳᠤᠮᠳᠠᠴᠢ ᠵᠢᠯ ᠬᠤᠭᠤᠴᠠᠭ᠎ᠠ ᠨᠢ 14 ᠵᠢᠯ ᠳᠤ | ᠬᠦᠷᠴᠡᠢ ᠃ ᠮᠠᠨ ᠤ ︽ ᠬᠥᠮᠥᠨ ᠠᠮᠠ ᠶᠢᠨ ᠴᠡᠪᠡᠷ ᠠᠰᠢᠭ ︾ ᠠᠷᠢᠯᠤᠭᠠᠳᠤᠢ ᠂ ︽ ᠴᠢᠳᠠᠪᠤᠷᠢᠲᠠᠨ ᠤ ᠴᠡᠪᠡᠷ ᠠᠰᠢᠭ ︾ ᠶᠠᠭ ᠪᠦᠷᠢᠯᠳᠦᠵᠦ ᠂ ᠬᠥᠭᠵᠢᠯᠲᠡ ᠶᠢᠨ | ᠬᠥᠳᠡᠯᠭᠡᠬᠦ ᠬᠦᠴᠦᠨ ᠮᠥᠨ ᠯᠡ ᠢᠳᠡ ᠬᠦᠴᠦᠲᠡᠢ ᠪᠠᠶᠢᠨ᠎ᠠ ᠭᠡᠵᠦ ᠬᠡᠯᠡᠵᠦ ᠪᠣᠯᠣᠨ᠎ᠠ ᠃ ᠬᠡᠯᠡᠯᠭᠡᠨ ᠦᠭᠡᠢ ᠂ ᠪᠢᠳᠡ ᠬᠥᠮᠥᠨ ᠠᠮᠠ ᠶᠢᠨ ᠨᠡᠮᠡᠭᠳᠡᠯ ᠬᠠᠰᠤᠭᠳᠠᠯ ᠤᠨ | ᠠᠪᠴᠢᠷᠠᠵᠤ ᠮᠡᠳᠡᠭᠦ ᠠᠰᠠᠭᠤᠳᠠᠯ ᠢ ᠪᠠᠰᠠ ᠭᠦᠨᠵᠡᠭᠡᠢ ᠵᠠᠳᠠᠯᠤᠨ ᠰᠤᠳᠤᠯᠵᠤ ᠂ ᠢᠳᠡᠪᠬᠢᠲᠡᠢ ᠠᠷᠭᠠᠴᠠᠭᠠᠬᠤ ᠬᠡᠷᠡᠭᠲᠡᠢ ᠃ | ᠠᠵᠢᠯ ᠠᠴᠠ ᠪᠠᠨ ᠠᠮᠠᠷᠠᠬᠤ ᠶᠢ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠶᠢᠨ ᠠᠰᠠᠭᠤᠳᠠᠯ ᠤᠨ ᠲᠤᠬᠠᠢ ᠪᠢᠳᠡ ᠨᠠᠷᠢᠨ ᠬᠢᠨᠠᠮᠠᠭᠠᠢ ᠰᠤᠳᠤᠯᠵᠤ ᠂ | ᠭᠦᠢᠴᠡᠳ ᠨᠤᠲᠠᠯᠠᠯᠲᠠ ᠬᠢᠵᠦ ᠂ ᠵᠣᠬᠢᠰᠲᠠᠢ ᠦᠶ᠎ᠡ ᠳᠤ ᠯᠠᠪᠳᠠᠭᠤᠨ ᠢᠶᠠᠷ ᠬᠡᠷᠡᠭᠵᠢᠭᠦᠯᠦᠨ᠎ᠡ ᠃ | ᠦᠽᠪᠸᠺᠰᠲ᠋ᠠᠨ ᠤ ᠠᠷᠠᠳ ᠤᠨ ᠶᠠᠷᠢᠶ᠎ᠠ ᠬᠡᠯᠡᠯᠴᠡᠭᠡᠨ ᠤ ᠰᠣᠨᠢᠨ ᠤ ᠰᠤᠷᠪᠤᠯᠵᠢᠯᠠᠬᠴᠢ ᠄ ᠳᠡᠯᠡᠬᠡᠢ ᠳᠡᠭᠡᠷᠡᠬᠢ ᠵᠠᠷᠢᠮ ᠬᠥᠮᠥᠰ ᠳᠤᠮᠳᠠᠳᠤ ᠤᠯᠤᠰ ᠪᠤᠰᠤᠳ | ᠤᠯᠤᠰ ᠲᠠᠢ ᠬᠠᠷᠢᠴᠠᠭᠤᠯᠪᠠᠯ ᠬᠢᠵᠢᠭ ᠢ ᠰᠡᠷᠭᠡᠶᠢᠯᠡᠬᠦ ᠲᠠᠯ᠎ᠠ ᠪᠠᠷ ᠬᠤᠶᠠᠷ ᠵᠢᠯ ᠭᠠᠷᠤᠢ ᠴᠢᠩᠭ᠎ᠠ ᠡᠵᠡᠮᠳᠡᠭᠰᠡᠨ ᠨᠢ ᠦᠨᠡᠬᠡᠷ ᠴᠢᠬᠤᠯᠠᠲᠠᠢ ᠦᠦ ᠭᠡᠵᠦ ᠰᠡᠵᠢᠭᠯᠡᠵᠦ | ᠪᠠᠶᠢᠨ᠎ᠠ ᠂ ᠢᠷᠡᠭᠡᠳᠦᠢ ᠳᠤ ᠭᠠᠷᠴᠤ ᠮᠡᠳᠡᠭᠦ ᠰᠢᠨ᠎ᠡ ᠬᠢᠵᠢᠭ ᠤᠨ ᠪᠠᠶᠢᠳᠠᠯ ᠢ ᠠᠷᠭᠠᠴᠠᠭᠠᠬᠤ ᠳᠤ ᠳᠤᠮᠳᠠᠳᠤ ᠤᠯᠤᠰ ᠶᠠᠮᠠᠷ ᠶᠠᠮᠠᠷ ᠪᠡᠯᠡᠳᠬᠡᠯ ᠬᠢᠭᠰᠡᠨ ᠪᠤᠢ︖ | ᠯᠢ ᠴᠢᠶᠠᠩ ᠄ ᠬᠢᠵᠢᠭ ᠤᠨ ᠪᠠᠶᠢᠳᠠᠯ ᠭᠠᠷᠤᠭᠰᠠᠨ ᠭᠤᠷᠪᠠᠨ ᠵᠢᠯ ᠳᠤ ᠂ ᠳᠤᠮᠳᠠᠳᠤ ᠤᠯᠤᠰ ᠤᠨ ᠠᠷᠠᠳ ᠲᠦᠮᠡᠨ ᠳᠤᠮᠳᠠᠳᠤ ᠤᠯᠤᠰ ᠤᠨ ᠡᠪ ᠬᠠᠮᠲᠤ | ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠰᠡᠳᠬᠢᠯ ᠨᠢᠭᠡᠳᠦᠨ ᠬᠢᠵᠢᠭ ᠲᠠᠢ ᠲᠡᠮᠡᠴᠡᠵᠦ ᠂ ᠣᠲᠣ ᠨᠢᠭᠡᠨᠲᠡ ᠴᠢᠬᠤᠯᠠ ᠶᠡᠭᠡ ᠰᠢᠢᠳᠪᠦᠷᠢᠲᠦ ᠴᠢᠨᠠᠷᠲᠠᠢ | ᠢᠯᠠᠯᠲᠠ ᠶᠢ ᠣᠯᠪᠠ ᠃ ᠭᠤᠷᠪᠠᠨ ᠵᠢᠯ ᠭᠠᠷᠤᠢ ᠶᠢᠨ ᠲᠤᠷᠰᠢ ᠂ ᠪᠢᠳᠡ ᠠᠷᠠᠳ ᠲᠦᠮᠡᠨ ᠢ ᠳᠡᠭᠡᠳᠦᠯᠡᠬᠦ ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ ᠂ | ᠰᠢᠨᠵᠢᠯᠡᠬᠦ ᠤᠬᠠᠭᠠᠨᠴᠢ ᠪᠠᠷ ᠣᠨᠣᠴᠠᠲᠠᠢ ᠰᠡᠷᠭᠡᠶᠢᠯᠡᠨ ᠡᠵᠡᠮᠳᠡᠬᠦ ᠶᠢ ᠪᠠᠷᠢᠮᠲᠠᠯᠠᠵᠤ ᠂ ᠴᠠᠭ ᠪᠠ ᠪᠠᠶᠢᠳᠠᠯ ᠳᠤ ᠲᠣᠬᠢᠷᠠᠭᠤᠯᠤᠨ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠪᠠᠨ ᠰᠢᠯᠢᠳᠡᠭᠵᠢᠭᠦᠯᠪᠡ ᠃ ᠸᠢᠷᠦ᠋ᠰ ᠤᠨ ᠡᠪᠡᠳᠴᠢᠯᠡᠭᠦᠯᠬᠦ ᠬᠦᠴᠦᠨ ᠨᠡᠯᠢᠶᠡᠳ ᠴᠢᠩᠭ᠎ᠠ ᠪᠠᠶᠢᠬᠤ ᠱᠠᠲᠤᠨ ᠳᠤ ᠂ ᠪᠢᠳᠡ ᠡᠷᠡᠰ ᠰᠢᠭᠤᠷᠬᠠᠢ ᠪᠠᠷ ︽ | ᠬᠥᠬᠡᠭᠴᠢᠨ ᠲᠥᠷᠥᠯ ᠤᠨ ᠬᠥᠬᠡ ᠬᠠᠮᠢᠶᠠᠷᠤᠯᠲᠠ ︾ ᠶᠢ ᠬᠡᠷᠡᠭᠵᠢᠭᠦᠯᠵᠦ ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ | ᠮᠡᠨᠳᠦ ᠶᠢ ᠪᠦᠲᠦᠮᠵᠢᠲᠡᠶ ᠬᠠᠮᠠᠭᠠᠯᠠᠭᠰᠠᠨ ᠪᠥᠭᠡᠳ ᠸᠠᠺᠼᠢᠨ ᠪᠠ ᠡᠮ ᠤᠨ ᠵᠦᠢᠯᠡᠰ ᠢ ᠰᠤᠳᠤᠯᠤᠨ ᠦᠶᠯᠡᠳᠭᠦ ᠂ ᠸᠠᠺᠼᠢᠨ ᠤ ᠲᠠᠷᠢᠯᠭ᠎ᠠ ᠶᠢ ᠲᠦᠭᠡᠮᠡᠯᠵᠢᠭᠦᠯᠬᠦ | ᠵᠡᠷᠭᠡ ᠳᠤ ᠡᠷᠬᠢᠮ ᠨᠠᠨᠳᠢᠨ ᠴᠠᠭ ᠬᠤᠭᠤᠴᠠᠭ᠎ᠠ ᠣᠯᠭᠤᠭᠰᠠᠨ ᠪᠠᠶᠢᠨ᠎ᠠ ᠃ ᠸᠢᠷᠦ᠋ᠰ ᠤᠨ ᠡᠪᠡᠳᠴᠢᠯᠡᠭᠦᠯᠬᠦ ᠬᠦᠴᠦᠨ ᠰᠤᠯᠠᠷᠠᠬᠤ ᠪᠠ ᠮᠠᠨ ᠤ ᠤᠯᠤᠰ ᠤᠨ ᠰᠡᠷᠭᠡᠶᠢᠯᠡᠨ | ᠵᠠᠰᠠᠬᠤ ᠴᠢᠳᠠᠪᠤᠷᠢ ᠳᠡᠭᠡᠭᠰᠢᠯᠡᠬᠦ ᠶᠢ ᠳᠠᠭᠠᠯᠳᠤᠨ ᠂ ᠪᠢᠳᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠠᠯᠢ ᠣᠯᠠᠨ ᠰᠢᠯᠢᠳᠡᠭᠵᠢᠭᠦᠯᠬᠦ ᠲᠣᠬᠢᠷᠠᠭᠤᠯᠤᠯᠲᠠ ᠬᠢᠵᠦ ᠂ | ᠵᠣᠬᠢᠰᠲᠠᠢ ᠴᠠᠭ ᠲᠤ ᠲᠣᠬᠢᠷᠠᠭᠤᠯᠤᠯᠲᠠ ᠬᠢᠵᠦ ᠂ ︽ ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ ︾ ᠶᠢ ᠬᠡᠷᠡᠭᠵᠢᠭᠦᠯᠪᠡ ᠃ ᠳᠤᠮᠳᠠᠳᠤ ᠤᠯᠤᠰ ᠰᠢᠭ᠋ | ᠡᠶᠢᠮᠦ ᠬᠥᠮᠥᠨ ᠠᠮᠠ ᠤᠯᠠᠨ ᠂ ᠬᠥᠭᠵᠢᠯᠲᠡ ᠲᠡᠩᠴᠡᠭᠦᠷᠢ ᠦᠭᠡᠢ ᠲᠣᠮᠣ ᠤᠯᠤᠰ ᠬᠤᠶᠠᠷ ᠰᠠᠷ᠎ᠠ ᠬᠦᠷᠬᠦ ᠦᠭᠡᠢ ᠬᠤᠭᠤᠴᠠᠭᠠᠨ ᠳᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠲᠣᠭᠲᠠᠭᠤᠨ ᠡᠷᠭᠢᠯᠲᠡ ᠶᠢ ᠪᠡᠶᠡᠯᠡᠭᠦᠯᠵᠦ ᠂ ᠠᠵᠤ ᠠᠬᠤᠢ ᠨᠡᠶᠢᠭᠡᠮ ᠤᠨ ᠬᠡᠪ ᠤᠨ ᠡᠮᠬᠢ ᠳᠢᠭᠯᠢᠮ ᠢ ᠨᠡᠯᠢᠶᠡᠳ ᠲᠦᠷᠭᠡᠨ ᠰᠡᠷᠭᠦᠭᠡᠭᠰᠡᠨ ᠨᠢ | ᠠᠮᠠᠷ ᠦᠭᠡᠢ ᠶᠠᠪᠤᠳᠠᠯ ᠶᠤᠮ ᠃ ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠪᠣᠳᠣᠯᠭ᠎ᠠ ᠠᠷᠭ᠎ᠠ ᠬᠡᠮᠵᠢᠶ᠎ᠡ ᠪᠣᠯ | ᠪᠦᠷᠢᠮᠦᠰᠦᠨ ᠵᠥᠪ ᠂ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠮᠵᠢ ᠯᠤᠲᠤ ᠶᠡᠭᠡ ᠭᠡᠳᠡᠭ ᠢ ᠦᠢᠯᠡᠳᠦᠯᠭᠡ ᠭᠡᠷᠡᠴᠢᠯᠡᠪᠡ ᠃ | ᠬᠥᠮᠥᠨ ᠲᠥᠷᠥᠯᠬᠢᠲᠡᠨ ᠬᠢᠭᠡᠳ ᠸᠢᠷᠦ᠋ᠰ ᠤᠨ ᠲᠡᠮᠡᠴᠡᠯ ᠪᠣᠯ ᠨᠢᠭᠡᠨ ᠤᠷᠳᠤ ᠬᠤᠭᠤᠴᠠᠭᠠᠨ ᠤ ᠲᠡᠦᠬᠡᠨ ᠶᠠᠪᠤᠴᠠ ᠮᠥᠨ ᠃ ᠣᠳᠣᠬᠠᠨ ᠳᠤ ᠰᠢᠨ᠎ᠡ | ᠲᠢᠲᠢᠮᠯᠢᠭ ᠸᠢᠷᠦ᠋ᠰ ᠤᠨ ᠬᠢᠵᠢᠭ ᠤᠨ ᠪᠠᠶᠢᠳᠠᠯ ᠲᠠᠷᠬᠠᠨ ᠳᠡᠯᠭᠡᠷᠡᠬᠦ ᠠᠶᠤᠯ ᠲᠦᠭᠰᠢᠭᠦᠷᠢ ᠮᠥᠨ ᠬᠦ ᠣᠷᠣᠰᠢᠵᠤ ᠪᠠᠶᠢᠨ᠎ᠠ ᠂ ᠪᠢᠳᠡ ᠴᠠᠭ ᠲᠤᠬᠠᠢ ᠳᠤᠨᠢ ᠰᠤᠳᠤᠯᠤᠨ | ᠮᠠᠭᠠᠳᠯᠠᠵᠤ ᠂ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠭᠦ ᠠᠵᠢᠯ ᠢ ᠰᠠᠶᠢᠲᠤᠷ ᠬᠢᠬᠦ ᠶᠢᠨ ᠬᠠᠮᠲᠤ ᠠᠳᠠᠯᠢ ᠪᠤᠰᠤ ᠪᠠᠶᠢᠳᠠᠯ ᠳᠣᠣᠷᠠᠬᠢ ᠬᠢᠵᠢᠭ ᠤᠨ | ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠲᠣᠭᠲᠠᠭᠠᠨ ᠲᠡᠭᠦᠯᠳᠡᠷᠵᠢᠭᠦᠯᠵᠦ ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠵᠤ ᠂ ᠸᠠᠺᠼᠢᠨ ᠪᠠ ᠡᠮ ᠤᠨ ᠵᠦᠢᠯᠡᠰ ᠢ ᠰᠤᠳᠤᠯᠤᠨ ᠨᠡᠭᠡᠭᠡᠬᠦ ᠶᠢ ᠲᠦᠷᠭᠡᠳᠬᠡᠵᠦ ᠂ ᠳᠡᠯᠡᠬᠡᠢ ᠨᠡᠶᠢᠭᠡᠮ | ᠯᠦᠭᠡ ᠶᠢᠨ ᠬᠠᠮᠲᠤᠷᠠᠯᠴᠠᠭ᠎ᠠ ᠪᠠ ᠵᠣᠬᠢᠴᠠᠭᠤᠯᠭ᠎ᠠ ᠪᠠᠨ ᠴᠢᠩᠭᠠᠳᠬᠠᠵᠤ ᠂ ᠬᠥᠮᠥᠨ ᠲᠥᠷᠥᠯᠬᠢᠲᠡᠨ ᠤ ᠡᠷᠡᠭᠦᠯ ᠮᠡᠨᠳᠦ ᠪᠤᠶᠠᠨ ᠵᠢᠷᠭᠠᠯ ᠢ ᠬᠠᠮᠲᠤ ᠪᠠᠷ ᠬᠠᠮᠠᠭᠠᠯᠠᠨ᠎ᠠ ᠃ | ᠲᠠᠶᠢᠸᠠᠨ ᠤ ᠬᠤᠯᠪᠣᠭᠠᠲᠤ ᠰᠣᠨᠢᠨ ᠤ ᠬᠤᠷᠢᠶ᠎ᠠ ᠶᠢᠨ ᠰᠤᠷᠪᠤᠯᠵᠢᠯᠠᠬᠴᠢ ᠄ ᠡᠬᠡ ᠬᠠᠭᠤᠷᠠᠢ ᠶᠢᠨ ᠲᠠᠯ᠎ᠠ ᠠᠴᠠ ᠂ ᠲᠠᠶᠢᠸᠠᠨ ᠤ ᠠᠬ᠎ᠠ ᠳᠡᠭᠦᠦ ᠨᠠᠷ ᠢ | ᠢᠮᠠᠭᠲᠠ ᠬᠠᠶᠢᠷᠠᠯᠠᠨ ᠬᠠᠯᠠᠮᠵᠢᠯᠠᠵᠤ ᠂ ᠭᠦᠨᠳᠦᠳᠭᠡᠵᠦ ᠂ ᠪᠤᠶᠠᠨ ᠦᠢᠯᠡᠳᠦᠨ᠎ᠡ ᠭᠡᠵᠦ ᠢᠯᠡᠷᠬᠡᠶᠢᠯᠡᠪᠡ ᠃ ᠡᠬᠡ ᠬᠠᠭᠤᠷᠠᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠲᠣᠬᠢᠷᠠᠭᠤᠯᠤᠨ ᠰᠢᠯᠢᠳᠡᠭᠵᠢᠭᠦᠯᠬᠦ ᠶᠢ ᠳᠠᠭᠠᠯᠳᠤᠨ ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠷᠠᠳ ᠣᠯᠠᠨ ᠴᠥᠮ | ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠬᠡᠪ ᠤᠨ ᠰᠣᠯᠢᠯᠴᠠᠭ᠎ᠠ ᠶᠠᠪᠤᠯᠴᠠᠭ᠎ᠠ ᠶᠢ ᠠᠯᠢ ᠲᠦᠷᠭᠡᠨ ᠢᠶᠠᠷ ᠪᠦᠭᠦ ᠲᠠᠯ᠎ᠠ ᠪᠠᠷ ᠰᠡᠷᠭᠦᠭᠡᠬᠦ ᠶᠢ ᠬᠦᠰᠡᠵᠦ ᠪᠠᠶᠢᠨ᠎ᠠ ᠃ | ᠲᠡᠭᠡᠪᠡᠯ ᠂ ᠡᠬᠡ ᠬᠠᠭᠤᠷᠠᠢ ᠶᠢᠨ ᠲᠠᠯ᠎ᠠ ᠶᠢᠨ ᠬᠢᠨ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠵᠤ ᠠᠬᠤᠢ ᠰᠣᠶᠣᠯ ᠤᠨ ᠬᠠᠮᠲᠤᠷᠠᠯᠴᠠᠭ᠎ᠠ ᠰᠣᠯᠢᠯᠴᠠᠭ᠎ᠠ | ᠵᠢᠴᠢ ᠬᠥᠮᠥᠰ ᠤᠨ ᠶᠠᠪᠤᠯᠴᠠᠭ᠎ᠠ ᠶᠢ ᠠᠬᠢᠭᠤᠯᠬᠤ ᠲᠠᠯ᠎ᠠ ᠪᠠᠷ ᠶᠠᠮᠠᠷ ᠲᠥᠯᠦᠪᠵᠢᠭᠦᠯᠭᠡ ᠲᠠᠢ ᠪᠤᠢ︖ | ᠯᠢ ᠴᠢᠶᠠᠩ ᠄ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠬ᠎ᠠ ᠳᠡᠭᠦᠦ ᠨᠠᠷ ᠪᠣᠯ ᠨᠢᠭᠡ ᠭᠡᠷ ᠤᠨ ᠬᠥᠮᠥᠨ ᠮᠥᠨ ᠂ ᠴᠢᠰᠤ ᠮᠢᠬᠠᠨ ᠤ ᠪᠠᠷᠢᠯᠳᠤᠯᠭ᠎ᠠ | ᠲᠠᠢ ᠂ ᠶᠠᠰᠤ ᠰᠢᠷᠪᠦᠰᠦ ᠶᠢᠨ ᠬᠤᠯᠪᠤᠭ᠎ᠠ ᠲᠠᠢ ᠶᠤᠮ ᠃ ᠪᠢᠳᠡ ᠨᠢᠭᠡ ᠳᠤᠮᠳᠠᠳᠤ ᠤᠯᠤᠰ ᠪᠠᠶᠢᠬᠤ ᠵᠠᠷᠴᠢᠮ ᠪᠣᠯᠣᠨ ︽ ᠶᠡᠷᠡᠨ ᠬᠤᠶᠠᠷ ᠣᠨ ᠤ ᠬᠠᠮᠲᠤ ᠶᠢᠨ | ᠲᠠᠨᠢᠯᠲᠠ ︾ ᠶᠢᠨ ᠰᠠᠭᠤᠷᠢᠨ ᠳᠡᠭᠡᠷ᠎ᠡ ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠵᠤ ᠠᠬᠤᠢ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ | ᠦᠷᠭᠦᠯᠵᠢᠯᠡᠨ ᠠᠬᠢᠭᠤᠯᠵᠤ ᠂ ᠨᠡᠩ ᠣᠯᠠᠨ ᠲᠠᠶᠢᠸᠠᠨ ᠤ ᠠᠬ᠎ᠠ ᠳᠡᠭᠦᠦ ᠨᠠᠷ ᠪᠣᠯᠣᠨ ᠲᠠᠶᠢᠸᠠᠨ ᠤ ᠠᠵᠤ ᠠᠬᠤᠶᠢᠯᠠᠯ ᠢ ᠡᠬᠡ ᠬᠠᠭᠤᠷᠠᠢ ᠳᠤ ᠢᠷᠡᠭᠦᠯᠵᠦ ᠂ | ᠳᠤᠷᠠᠲᠠᠶ᠎ᠠ ᠢᠷᠡᠭᠦᠯᠭᠦ ᠪᠠᠷ ᠪᠠᠷᠠᠬᠤ ᠦᠭᠡᠢ ᠠᠭᠤᠰᠤᠯᠴᠠᠭᠤᠯᠵᠤ ᠂ ᠰᠠᠶᠢᠨ ᠬᠥᠭᠵᠢᠯᠲᠡ ᠲᠠᠢ ᠪᠣᠯᠭᠠᠨ᠎ᠠ ᠃ | ᠣᠳᠣᠬᠠᠨ ᠳᠤ ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠬ᠎ᠠ ᠳᠡᠭᠦᠦ ᠨᠠᠷ ᠤᠨ ᠬᠡᠪ ᠤᠨ ᠶᠠᠪᠤᠯᠴᠠᠭ᠎ᠠ ᠶᠢ ᠡᠷᠲᠡᠬᠡᠨ ᠪᠡᠶᠡᠯᠡᠭᠦᠯᠵᠦ ᠂ ᠡᠯ᠎ᠡ | ᠬᠦᠷᠢᠶᠡᠨ ᠳᠠᠬᠢ ᠬᠡᠪ ᠤᠨ ᠬᠠᠮᠲᠤᠷᠠᠯᠴᠠᠭ᠎ᠠ ᠶᠢ ᠰᠡᠷᠭᠦᠭᠡᠬᠦ ᠪᠣᠯ ᠣᠯᠠᠨ ᠤ ᠬᠠᠮᠲᠤ ᠶᠢᠨ ᠬᠦᠰᠡᠯ ᠡᠷᠡᠮᠡᠯᠵᠡᠯ ᠮᠥᠨ ᠂ ᠬᠠᠮᠲᠤ ᠪᠠᠷ ᠴᠢᠷᠮᠠᠶᠢᠬᠤ ᠴᠢᠬᠤᠯᠠᠲᠠᠢ ᠶᠤᠮ ᠃ | ᠠᠷᠠᠳ ᠤᠨ ᠡᠳᠦᠷ ᠤᠨ ᠰᠣᠨᠢᠨ ᠤ ᠬᠤᠷᠢᠶ᠎ᠠ ᠶᠢᠨ ᠰᠤᠷᠪᠤᠯᠵᠢᠯᠠᠬᠴᠢ ᠄ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠶᠢᠨ ᠬᠠᠮᠤᠭ ᠤᠨ ᠬᠠᠲᠠᠭᠤ ᠪᠡᠷᠬᠡ ᠪᠥᠭᠡᠳ ᠬᠠᠮᠤᠭ ᠤᠨ ᠨᠦᠰᠡᠷ ᠬᠦᠨᠳᠦ ᠡᠭᠦᠷᠭᠡ ᠮᠥᠨ ᠯᠡ ᠬᠥᠳᠡᠭᠡ ᠲᠣᠰᠬᠤᠨ ᠳᠤ ᠪᠠᠶᠢᠨ᠎ᠠ ᠃ ᠠᠰᠠᠭᠤᠬᠤ ᠨᠢ ᠂ | ᠲᠤᠰ ᠬᠤᠭᠤᠴᠠᠭᠠᠨ ᠤ ᠵᠠᠰᠠᠭ ᠤᠨ ᠣᠷᠳᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠠᠯ᠎ᠠ ᠪᠠᠷ ᠶᠠᠮᠠᠷ ᠪᠣᠳᠣᠯᠬᠢᠯᠠᠯ ᠲᠠᠢ ᠪᠤᠢ︖ | ᠳᠤᠮᠳᠠᠳᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠶᠠᠮᠠᠷ ᠠᠷᠭ᠎ᠠ ᠬᠡᠮᠵᠢᠶ᠎ᠡ ᠠᠪᠬᠤ ᠪᠤᠢ︖ | ᠯᠢ ᠴᠢᠶᠠᠩ ᠄ ᠳᠤᠮᠳᠠᠳᠤ ᠤᠯᠤᠰ ᠪᠣᠯ ᠲᠠᠷᠢᠶᠠᠯᠠᠩ ᠤᠨ ᠶᠡᠭᠡ ᠤᠯᠤᠰ ᠮᠥᠨ ᠂ ᠣᠳᠣᠬᠠᠨ ᠳᠤ ᠪᠠᠰᠠ 5 ᠳ᠋ᠦᠩᠰᠢᠭᠤᠷ ᠰᠢᠬᠠᠮ ᠬᠥᠮᠥᠨ ᠬᠥᠳᠡᠭᠡ | ᠲᠣᠰᠬᠤᠨ ᠳᠤ ᠪᠠᠶᠢᠩᠭᠤ ᠰᠠᠭᠤᠷᠢᠰᠢᠵᠤ ᠪᠤᠢ ᠃ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠪᠠᠶᠢᠬᠤ ᠦᠭᠡᠢ ᠪᠣᠯ ᠨᠡᠶᠢᠭᠡᠮ ᠵᠢᠷᠤᠮᠲᠤ | ᠣᠳᠣᠬᠢᠴᠢᠯᠠᠯᠲᠠ ᠪᠦᠭᠦ ᠲᠠᠯ᠎ᠠ ᠶᠢᠨ ᠪᠢᠰᠢ ᠶᠤᠮ ᠃ ᠨᠢᠳᠤᠨᠤᠨ ᠤ ᠵᠢᠯ ᠤᠨ ᠰᠡᠭᠦᠯᠴᠢ ᠪᠠᠷ ᠬᠤᠷᠠᠯᠳᠤᠭᠰᠠᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ | ᠳᠡᠭᠡᠷ᠎ᠡ ᠂ ᠶᠡᠷᠦᠩᠬᠡᠢ ᠱᠦᠵᠢ ᠰᠢ ᠶᠢᠨ ᠫᠢᠩ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠂︽ ᠬᠥᠳᠡᠭᠡ ᠠᠵᠤ ᠠᠬᠤᠢ ᠬᠥᠳᠡᠭᠡ | ᠲᠣᠰᠬᠤᠨ ᠲᠠᠷᠢᠶᠠᠴᠢᠨ ︾ ᠤ ᠠᠵᠢᠯ ᠢ ᠰᠠᠶᠢᠲᠤᠷ ᠬᠢᠬᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠢ ᠪᠦᠭᠦ ᠲᠠᠯ᠎ᠠ ᠶᠢᠨ | ᠪᠠᠶᠢᠷᠢᠯᠠᠭᠤᠯᠤᠯᠲᠠ ᠬᠢᠵᠡᠢ ᠃ ᠣᠳᠣᠬᠠᠨ ᠳᠤ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ ᠪᠠᠶᠢᠨ᠎ᠠ ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠠᠪᠴᠤ ᠬᠡᠯᠡᠪᠡᠯ ᠂ ᠮᠢᠨᠤ ᠦᠵᠡᠬᠦ ᠪᠠᠷ ᠳᠠᠷᠠᠭᠠᠴᠢ ᠶᠢᠨ ᠪᠣᠳᠠᠲᠠᠢ ᠠᠵᠢᠯ ᠤᠨ ᠳᠤᠮᠳᠠ | ᠪᠠᠨ ᠭᠤᠷᠪᠠᠨ ᠵᠠᠩᠭᠢᠯᠠᠭ᠎ᠠ ᠶᠢᠨ ᠦᠭᠡᠰ ᠢ ᠳᠣᠪᠤᠶᠢᠯᠭᠠᠨ᠎ᠠ ᠄ ᠨᠢᠭᠡ ᠳᠤ ᠪᠦᠭᠦ ᠲᠠᠯ᠎ᠠ ᠪᠠᠷ ᠃ ᠵᠥᠪᠭᠡᠨ ᠠᠵᠤ ᠠᠬᠤᠢ ᠶᠢ ᠬᠥᠭᠵᠢᠭᠦᠯᠬᠦ ᠲᠡᠳᠦᠢ ᠪᠢᠰᠢ ᠂ ᠬᠠᠷᠢᠨ | ᠬᠥᠳᠡᠭᠡ ᠲᠣᠰᠬᠤᠨ ᠤ ᠠᠵᠤ ᠠᠬᠤᠢ ᠶᠢᠨ ᠥᠷᠲᠡᠭ ᠂ ᠠᠮᠢ ᠠᠬᠤᠢ ᠶᠢᠨ ᠥᠷᠲᠡᠭ ᠂ ᠨᠡᠶᠢᠭᠡᠮ ᠤᠨ ᠥᠷᠲᠡᠭ ᠂ ᠰᠣᠶᠣᠯ ᠤᠨ ᠥᠷᠲᠡᠭ ᠢ ᠪᠦᠭᠦ ᠲᠠᠯ᠎ᠠ ᠪᠠᠷ | ᠢᠯᠡᠷᠡᠭᠦᠯᠦᠨ᠎ᠡ ᠃ ᠬᠤᠶᠠᠷ ᠲᠤ ᠥᠪᠡᠷᠮᠢᠴᠡ ᠣᠨᠴᠠᠯᠢᠭ ᠃ ᠳᠤᠮᠳᠠᠳᠤ ᠤᠯᠤᠰ ᠤᠨ ᠨᠤᠲᠤᠭ ᠳᠡᠪᠢᠰᠬᠡᠷ ᠥᠷᠭᠡᠨ ᠠᠭᠤᠳᠠᠮ ᠂ ︽ ᠠᠷᠪᠠᠨ ᠭᠠᠵᠠᠷ ᠲᠤ ᠠᠳᠠᠯᠢ | ᠪᠤᠰᠤ ᠶᠢᠨ ᠰᠠᠯᠬᠢᠨ ᠲᠠᠢ ᠂ ᠵᠠᠭᠤᠨ ᠭᠠᠵᠠᠷ ᠲᠤ ᠠᠳᠠᠯᠢ ᠪᠤᠰᠤ ᠶᠢᠨ ᠵᠠᠩᠰᠢᠯ ᠲᠠᠢ ︾ ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ ᠂ ᠥᠪᠡᠷ ᠤᠨ | ᠣᠨᠴᠠᠯᠢᠭ ᠲᠠᠢ ᠬᠥᠳᠡᠭᠡ ᠲᠣᠰᠬᠤᠨ ᠤ ᠳᠦᠷᠰᠦ ᠪᠠᠶᠢᠳᠠᠯ ᠢ ᠴᠣᠭᠴᠠᠯᠠᠵᠤ ᠂ ᠭᠠᠵᠠᠷ ᠣᠷᠣᠨ ᠤ ᠰᠣᠶᠣᠯ ᠂ ᠨᠤᠲᠤᠭ ᠤᠨ ᠰᠣᠶᠣᠯ ᠢ ᠰᠠᠶᠢᠲᠤᠷ ᠬᠠᠮᠠᠭᠠᠯᠠᠨ | ᠤᠯᠠᠮᠵᠢᠯᠠᠬᠤ ᠬᠡᠷᠡᠭᠲᠡᠢ ᠂ ᠲᠣᠰᠬᠤᠨ ᠪᠣᠯᠭᠠᠨ ᠢ ᠨᠢᠭᠡ ᠯᠡ ᠬᠡᠪ ᠤᠨ ᠪᠠᠶᠢᠯᠭᠠᠵᠤ ᠪᠤᠯᠬᠤ ᠦᠭᠡᠢ ᠃ ᠭᠤᠷᠪᠠ ᠳᠤ ᠥᠭᠡᠷᠡᠴᠢᠯᠡᠯᠲᠡ ᠬᠢᠬᠦ ᠃ ᠬᠥᠳᠡᠭᠡ ᠲᠣᠰᠬᠤᠨ ᠤ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠳᠠᠮᠵᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠂ ᠥᠷᠭᠡᠨ ᠣᠯᠠᠨ ᠲᠠᠷᠢᠶᠠᠴᠢᠨ | ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯ ᠴᠣᠭᠴᠠ ᠮᠥᠨ ᠂ ᠡᠷᠬᠡᠪᠰᠢ ᠲᠡᠳᠡᠨ ᠤ ᠢᠳᠡᠪᠬᠢᠵᠢᠯ ᠢ ᠭᠦᠢᠴᠡᠳ ᠳᠠᠶᠢᠴᠢᠯᠠᠵᠤ ᠂ ᠲᠡᠳᠡᠨ ᠢ | ᠥᠭᠡᠷᠡᠴᠢᠯᠡᠯᠲᠡ ᠳᠤ ᠢᠳᠡᠪᠬᠢᠲᠡᠢ ᠣᠷᠣᠯᠴᠠᠭᠤᠯᠬᠤ ᠶᠢᠨ ᠬᠠᠮᠲᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠨᠡᠩ ᠰᠠᠶᠢᠲᠤᠷ ᠡᠳ᠋ᠯᠡᠭᠦᠯᠭᠦ ᠬᠡᠷᠡᠭᠲᠡᠢ ᠃ | ᠰᠠᠶ᠋ᠢ ᠲᠠ ᠪᠠᠰᠠ ᠠᠮᠤ ᠪᠤᠳᠠᠭᠠᠨ ᠤ ᠠᠮᠤᠷ ᠲᠦᠪᠰᠢᠨ ᠤ ᠠᠰᠠᠭᠤᠳᠠᠯ ᠢ ᠳᠤᠷᠠᠳᠤᠭᠰᠠᠨ ᠪᠠᠶᠢᠨ᠎ᠠ ᠃ ᠮᠠᠨ ᠤ ᠤᠯᠤᠰ ᠤᠨ ᠠᠮᠤ ᠪᠤᠳᠠᠭᠠᠨ ᠤ ᠤᠨᠠᠯᠲᠠ 8 | ᠵᠢᠯ ᠳᠠᠷᠠᠭᠠᠯᠠᠨ 1.3 ᠲᠦᠮᠡᠨ ᠳ᠋ᠦᠩᠰᠢᠭᠤᠷ ᠵᠢᠩ ᠢ ᠳᠠᠪᠠᠵᠤ ᠂ ᠶᠡᠷᠦᠩᠬᠡᠢ ᠳᠡᠭᠡᠨ ᠠᠮᠤ ᠪᠤᠳᠠᠭᠠᠨ ᠤ ᠠᠮᠤᠷ ᠲᠦᠪᠰᠢᠨ ᠪᠠᠲᠤᠯᠠᠭ᠎ᠠ ᠲᠠᠢ ᠶᠤᠮ ᠂ ᠪᠢᠳᠡ ᠲᠠᠷᠢᠶᠠᠨ | ᠭᠠᠵᠠᠷ ᠪᠠ ᠦᠷ᠎ᠡ ᠡᠭᠦᠯᠳᠡᠷ ᠤᠨ ︽ ᠬᠤᠶᠠᠷ ᠵᠠᠩᠭᠢᠯᠠᠭ᠎ᠠ ︾ ᠶᠢ ᠴᠢᠩᠭ᠎ᠠ ᠠᠳᠬᠤᠵᠤ ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠲᠠᠰᠤᠷᠠᠯᠲᠠ | ᠦᠭᠡᠢ ᠳᠡᠭᠡᠭᠰᠢᠯᠡᠭᠦᠯᠦᠨ᠎ᠡ ᠃ ᠠᠳᠡ ᠲᠠᠷᠢᠶᠠᠴᠢᠨ ᠨᠥᠬᠦᠳ ᠲᠤ ᠣᠨᠴᠠᠭᠠᠶᠢᠯᠠᠨ ᠭᠡᠯᠡᠭᠦ ᠨᠢ ᠄ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠭᠦ ᠵᠠᠰᠠᠭ ᠤᠨ | ᠣᠷᠳᠣᠨ ᠤ ᠪᠤᠢ ᠪᠦᠬᠦᠢ ᠲᠥᠷᠥ ᠶᠢᠨ ᠪᠣᠳᠣᠯᠭ᠎ᠠ ᠶᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ ᠂ ᠣᠯᠠᠨ ᠢ ᠵᠣᠷᠢᠭᠵᠢᠭᠤᠯᠤᠨ ᠠᠮᠤ ᠪᠤᠳᠠᠭ᠎ᠠ ᠶᠢ ᠣᠯᠠᠨ | ᠲᠠᠷᠢᠭᠤᠯᠵᠤ ᠂ ᠳᠤᠮᠳᠠᠳᠤ ᠤᠯᠤᠰ ᠤᠨ 14 ᠳ᠋ᠦᠩᠰᠢᠭᠤᠷ ᠭᠠᠷᠤᠢ ᠬᠥᠮᠥᠨ ᠤ ᠪᠤᠳᠠᠭᠠᠨ ᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠠᠳᠬᠤᠬᠤ ᠶᠢ ᠦᠨᠡᠨ ᠬᠦ | ᠪᠠᠲᠤᠯᠠᠨ᠎ᠠ ᠃ | ᠳᠤᠮᠳᠠᠳᠤ ᠤᠯᠤᠰ ᠲᠤ ᠰᠠᠭᠤᠭ᠎ᠠ ᠠᠷᠠᠪ ᠤᠨ ᠣᠳᠣᠨ ᠲᠧᠯᠸᠢᠰ ᠤᠨ ᠬᠤᠷᠢᠶ᠎ᠠ ᠶᠢᠨ ᠰᠤᠷᠪᠤᠯᠵᠢᠯᠠᠬᠴᠢ ᠄ ᠣᠳᠣᠬᠠᠨ ᠳᠤ ᠭᠠᠵᠠᠷ ᠣᠷᠣᠨ ᠤ ᠤᠯᠤᠰ | ᠲᠥᠷᠥ ᠶᠢᠨ ᠮᠥᠷᠭᠦᠯᠳᠦᠭᠡᠨ ᠪᠠ ᠳᠡᠯᠡᠬᠡᠶᠢᠵᠢᠯᠲᠡ ᠶᠢ ᠦᠭᠡᠶᠢᠰᠭᠡᠭᠦ ᠶᠠᠪᠤᠳᠠᠯ ᠬᠤᠷᠴᠠᠳᠴᠤ ᠂ ᠳᠤᠮᠳᠠᠳᠤ ᠠᠮᠧᠷᠢᠺᠠ ᠶᠢᠨ ᠬᠠᠷᠢᠴᠠᠭ᠎ᠠ ᠪᠠᠴᠢᠮ ᠰᠢᠷᠦᠭᠦᠨ | ᠮᠥᠷᠲᠡᠭᠡᠨ ᠡᠰᠡᠷᠭᠦᠴᠡᠯᠳᠦᠵᠦ ᠪᠠᠶᠢᠨ᠎ᠠ ᠂ ᠬᠡᠳᠦᠶᠢᠪᠡᠷ ᠳᠤᠮᠳᠠᠳᠤ ᠤᠯᠤᠰ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠪᠠᠷ ᠠᠬᠢᠭᠤᠯᠬᠤ ᠶᠢ | ᠴᠢᠬᠤᠯᠠᠴᠢᠯᠠᠭᠰᠠᠭᠠᠷ ᠢᠷᠡᠭᠰᠡᠨ ᠪᠤᠯᠪᠠᠴᠤ ᠭᠠᠳᠠᠭᠠᠳᠤ ᠪᠡᠯᠡ ᠶᠢᠨ ᠠᠵᠤ ᠠᠬᠤᠶᠢᠯᠠᠯ ᠭᠠᠳᠠᠭᠠᠳᠤ ᠶᠢᠨ ᠠᠵᠤ ᠠᠬᠤᠶᠢᠯᠠᠯ ᠮᠥᠨ ᠯᠡ ᠰᠠᠨᠠᠭ᠎ᠠ ᠠᠮᠤᠷ ᠡᠵᠡᠩᠨᠡᠯᠲᠡ | ᠬᠢᠵᠦ ᠳᠡᠶᠢᠯᠭᠦ ᠦᠭᠡᠢ ᠪᠠᠶᠢᠵᠤ ᠂ ᠵᠠᠷᠢᠮ ᠨᠢ ᠤᠬᠤᠷᠢᠨ ᠭᠠᠷᠬᠤ ᠶᠢ ᠪᠣᠳᠣᠯᠬᠢᠯᠠᠵᠤ ᠪᠠᠶᠢᠨ᠎ᠠ ᠃ ᠲᠡᠭᠡᠪᠡᠯ ᠂ ᠳᠤᠮᠳᠠᠳᠤ ᠤᠯᠤᠰ ᠤᠨ ᠭᠠᠳᠠᠭᠠᠳᠤ ᠨᠡᠭᠡᠭᠡᠯᠲᠡ ᠶᠢᠨ | ᠲᠥᠷᠥ ᠶᠢᠨ ᠪᠣᠳᠣᠯᠭ᠎ᠠ ᠳᠤ ᠬᠤᠪᠢᠷᠠᠯᠲᠠ ᠭᠠᠷᠤᠨ᠎ᠠ ᠤᠤ︖ ᠣᠳᠣᠬᠠᠨ ᠤ ᠳᠤᠮᠳᠠᠳᠤ ᠠᠮᠧᠷᠢᠺᠠ ᠶᠢᠨ ᠬᠠᠷᠢᠴᠠᠭ᠎ᠠ ᠵᠢᠴᠢ ᠲᠡᠭᠦᠨ ᠤ ᠰᠠᠶᠢᠵᠢᠷᠠᠯᠲᠠ ᠶᠢᠨ | ᠢᠷᠡᠭᠡᠳᠦᠢ ᠶᠢᠨ ᠬᠠᠨᠳᠤᠰᠢ ᠶᠢ ᠬᠡᠷᠬᠢᠨ ᠦᠵᠡᠵᠦ ᠪᠠᠶᠢᠬᠤ ᠪᠤᠢ︖ | ᠯᠢ ᠴᠢᠶᠠᠩ ᠄ ᠡᠨᠡ ᠵᠢᠯ ᠪᠣᠯ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠬᠢᠭᠰᠡᠨ 45 ᠵᠢᠯ ᠤᠨ ᠣᠢ ᠪᠣᠯᠣᠨ᠎ᠠ ᠂ ᠥᠭᠡᠷᠡᠴᠢᠯᠡᠯᠲᠡ ᠨᠡᠭᠡᠭᠡᠯᠲᠡ ᠨᠢ | ᠳᠤᠮᠳᠠᠳᠤ ᠤᠯᠤᠰ ᠢ ᠬᠥᠭᠵᠢᠭᠦᠯᠦᠭᠰᠡᠨ ᠪᠥᠭᠡᠳ ᠳᠡᠯᠡᠬᠡᠢ ᠳ᠋ᠠᠬᠢᠨ ᠢ ᠨᠥᠯᠥᠭᠡᠯᠡᠪᠡ ᠃ ᠮᠢᠨᠤ ᠡᠵᠡᠮᠰᠢᠭᠰᠡᠨ ᠪᠠᠶᠢᠳᠠᠯ ᠠᠴᠠ ᠦᠵᠡᠪᠡᠯ ᠂ ᠵᠣᠩᠬᠢᠯᠠᠬᠤ ᠣᠯᠠᠨ ᠲᠣᠭᠠᠨ | ᠤ ᠭᠠᠳᠠᠭᠠᠳᠤ ᠪᠡᠯᠡ ᠶᠢᠨ ᠠᠵᠤ ᠠᠬᠤᠶᠢᠯᠠᠯ ᠮᠥᠨ ᠯᠡ ᠳᠤᠮᠳᠠᠳᠤ ᠤᠯᠤᠰ ᠲᠠᠬᠢ ᠬᠥᠭᠵᠢᠯᠲᠡ ᠶᠢᠨ ᠢᠷᠡᠭᠡᠳᠦᠢ ᠳᠤ ᠢᠲᠡᠭᠡᠯ ᠲᠠᠢ ᠪᠠᠶᠢᠵᠤ ᠂ ᠨᠢᠳᠤᠨᠤᠨ | ᠳᠤᠮᠳᠠᠳᠤ ᠤᠯᠤᠰ 1890 ᠭᠠᠷᠤᠢ ᠳ᠋ᠦᠩᠰᠢᠭᠤᠷ ᠳ᠋ᠣᠯᠯᠠᠷ ᠤᠨ ᠭᠠᠳᠠᠭᠠᠳᠤ ᠪᠡᠯᠡ ᠶᠢ ᠬᠡᠷᠡᠭᠯᠡᠵᠦ ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ ᠂ ᠭᠤᠷᠪᠠᠨ ᠵᠢᠯ | ᠤᠨ ᠡᠮᠦᠨᠡᠬᠢ ᠠᠴᠠ ᠪᠠᠷᠤᠭ 500 ᠳ᠋ᠦᠩᠰᠢᠭᠤᠷ ᠳ᠋ᠣᠯᠯᠠᠷ ᠨᠡᠮᠡᠭᠳᠡᠵᠡᠢ ᠃ ᠡᠨᠡ ᠨᠢ ᠳᠤᠮᠳᠠᠳᠤ ᠤᠯᠤᠰ ᠮᠥᠨ ᠬᠦ ᠪᠦᠭᠦ ᠪᠥᠮᠪᠥᠷᠴᠡᠭ ᠤᠨ ᠪᠡᠯᠡ ᠣᠷᠣᠭᠤᠯᠤᠯᠲᠠ | ᠶᠢᠨ ᠬᠠᠯᠠᠮᠰᠢᠯ ᠭᠠᠵᠠᠷ ᠪᠤᠯᠬᠤ ᠶᠢ ᠬᠠᠷᠠᠭᠤᠯᠵᠤ ᠪᠠᠶᠢᠨ᠎ᠠ ᠃ | ᠭᠠᠳᠠᠭᠠᠳᠤ ᠨᠡᠭᠡᠭᠡᠯᠲᠡ ᠪᠣᠯ ᠮᠠᠨ ᠤ ᠦᠨᠳᠦᠰᠦᠨ ᠤᠯᠤᠰ ᠤᠨ ᠪᠣᠳᠣᠯᠭ᠎ᠠ ᠮᠥᠨ ᠂ ᠭᠠᠳᠠᠭᠠᠳᠤ ᠪᠠᠶᠢᠳᠠᠯ ᠶᠠᠭᠠᠬᠢᠵᠤ ᠬᠤᠪᠢᠷᠠᠭᠰᠠᠨ ᠴᠦ ᠪᠢᠳᠡ ᠴᠥᠮ | ᠡᠷᠡᠰ ᠭᠤᠶᠢᠪᠢᠰᠢ ᠦᠭᠡᠢ ᠪᠠᠷ ᠤᠷᠤᠭᠰᠢ ᠠᠬᠢᠭᠤᠯᠬᠤ ᠪᠣᠯᠣᠨ᠎ᠠ ᠃ ᠪᠢ ᠠᠳᠡ ᠳᠤᠮᠳᠠᠳᠤ ᠤᠯᠤᠰ ᠤᠨ ᠣᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ | ᠦᠵᠡᠰᠭᠦᠯᠡᠩ ᠤᠨ ᠴᠤᠭᠯᠠᠭᠠᠨ ᠢ ᠣᠨᠴᠠᠭᠠᠶᠢᠯᠠᠨ ᠳᠤᠷᠠᠳᠤᠶ᠎ᠠ ᠂ ᠡᠨᠡ ᠪᠣᠯ ᠳᠤᠮᠳᠠᠳᠤ ᠤᠯᠤᠰ ᠰᠠᠨᠠᠭᠠᠴᠢᠯᠠᠭ᠎ᠠ ᠠᠴᠠ ᠪᠠᠨ ᠳᠡᠯᠡᠬᠡᠢ ᠳ᠋ᠠᠬᠢᠨ ᠲᠡᠶᠢᠰᠢ ᠵᠠᠬ᠎ᠠ | ᠳᠡᠯᠭᠡᠭᠦᠷ ᠢᠶᠠᠨ ᠨᠡᠭᠡᠭᠡᠵᠦ ᠂ ᠬᠥᠭᠵᠢᠯᠲᠡ ᠶᠢᠨ ᠠᠵᠠ ᠲᠣᠭᠢᠶᠠᠯ ᠢ ᠬᠠᠮᠲᠤ ᠪᠠᠷ ᠡᠳ᠋ᠯᠡᠭᠦ ᠴᠢᠬᠤᠯᠠ ᠶᠡᠭᠡ ᠠᠷᠭ᠎ᠠ ᠬᠡᠮᠵᠢᠶ᠎ᠡ ᠪᠣᠯᠣᠨ᠎ᠠ ᠂ ᠨᠢᠭᠡᠨᠲᠡ 5 ᠬᠤᠭᠤᠴᠠᠭ᠎ᠠ | ᠦᠷᠭᠦᠯᠵᠢᠯᠡᠨ ᠡᠷᠭᠢᠯᠡᠵᠦ ᠂ ᠬᠢᠵᠢᠭ ᠤᠨ ᠪᠠᠶᠢᠳᠠᠯ ᠳᠤ ᠴᠦ ᠭᠡᠰᠡᠨ ᠲᠠᠰᠤᠯᠳᠠᠭᠰᠠᠨ ᠦᠭᠡᠢ ᠶᠤᠮ ᠂ ᠨᠢᠳᠤᠨᠤᠨ 127 ᠤᠯᠤᠰ ᠪᠠ ᠭᠠᠵᠠᠷ ᠣᠷᠣᠨ ᠤ 2800 | ᠭᠠᠷᠤᠢ ᠠᠵᠤ ᠠᠬᠤᠶᠢᠯᠠᠯ ᠦᠵᠡᠰᠭᠦᠯᠡᠩ ᠤᠨ ᠴᠤᠭᠯᠠᠭᠠᠨ ᠳᠤ ᠣᠷᠣᠯᠴᠠᠬᠰᠠᠨ ᠪᠠᠶᠢᠨ᠎ᠠ ᠃ ᠳᠤᠮᠳᠠᠳᠤ ᠤᠯᠤᠰ ᠤᠨ ᠨᠡᠭᠡᠭᠡᠯᠲᠡᠲᠤ ᠲᠣᠮᠣ ᠵᠠᠬ᠎ᠠ ᠳᠡᠯᠭᠡᠭᠦᠷ ᠨᠢ ᠡᠯ᠎ᠡ | ᠤᠯᠤᠰ ᠤᠨ ᠠᠵᠤ ᠠᠬᠤᠶᠢᠯᠠᠯ ᠤᠨ ᠬᠥᠭᠵᠢᠯᠲᠡ ᠶᠢᠨ ᠴᠢᠬᠤᠯᠠ ᠠᠵᠠ ᠲᠣᠭᠢᠶᠠᠯ ᠪᠤᠯᠬᠤ ᠶᠢ ᠡᠨᠡ ᠬᠦ ᠦᠵᠡᠰᠭᠦᠯᠡᠩ ᠤᠨ ᠴᠤᠭᠯᠠᠭᠠᠨ ᠢ ᠠᠮᠵᠢᠯᠲᠠ ᠲᠠᠢ | ᠡᠷᠭᠢᠯᠡᠭᠰᠡᠨ ᠨᠢ ᠭᠦᠢᠴᠡᠳ ᠲᠣᠳᠣᠷᠬᠠᠶᠢᠯᠠᠵᠤ ᠪᠠᠶᠢᠨ᠎ᠠ ᠃ | ᠡᠨᠡ ᠵᠢᠯ ᠪᠢᠳᠡ ᠪᠠᠰᠠ ᠥᠨᠳᠥᠷ ᠪᠠᠷᠢᠮᠵᠢᠶᠠᠲᠤ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠳᠦᠷᠢᠮ ᠲᠠᠢ ᠵᠣᠯᠭᠠᠭᠤᠯᠵᠤ ᠂ ᠨᠡᠭᠡᠭᠡᠯᠲᠡ ᠪᠠᠨ ᠤᠯᠠᠮ | ᠴᠢᠨᠠᠭᠰᠢᠳᠠ ᠥᠷᠭᠡᠳᠬᠡᠨ᠎ᠡ ᠃ ᠳᠤᠮᠳᠠᠳᠤ ᠤᠯᠤᠰ ᠤᠨ ᠨᠡᠭᠡᠭᠡᠯᠲᠡ ᠬᠢᠬᠦ ᠡᠭᠦᠳᠡ ᠶᠠᠪᠤᠬᠤ ᠳᠤᠳᠤᠮ ᠲᠣᠮᠣ ᠨᠡᠭᠡᠭᠡᠭᠳᠡᠵᠦ ᠂ ᠣᠷᠴᠢᠨ ᠲᠣᠭᠤᠷᠢᠨ ᠶᠠᠪᠤᠬᠤ ᠳᠤᠳᠤᠮ | ᠰᠠᠶᠢᠵᠢᠷᠠᠵᠤ ᠂ ᠦᠢᠯᠡᠴᠢᠯᠡᠭᠡ ᠶᠠᠪᠤᠬᠤ ᠳᠤᠳᠤᠮ ᠰᠢᠯᠢᠳᠡᠭᠵᠢᠨ᠎ᠡ ᠃ ᠨᠡᠭᠡᠭᠡᠯᠲᠡ ᠲᠠᠢ ᠳᠤᠮᠳᠠᠳᠤ ᠤᠯᠤᠰ ᠣᠯᠠᠨ ᠤ ᠪᠡᠯᠡ ᠣᠷᠣᠭᠤᠯᠵᠤ ᠦᠢᠯᠡᠰ ᠪᠣᠰᠬᠠᠬᠤ ᠶᠢ | ᠪᠠᠶᠠᠷᠯᠠᠨ ᠤᠭᠲᠤᠵᠤ ᠪᠠᠶᠢᠨ᠎ᠠ ᠃ | ᠳᠤᠮᠳᠠᠳᠤ ᠠᠮᠧᠷᠢᠺᠠ ᠶᠢᠨ ᠬᠠᠷᠢᠴᠠᠭᠠᠨ ᠤ ᠪᠣᠳᠠᠲᠠᠢ ᠠᠰᠠᠭᠤᠳᠠᠯ ᠤᠨ ᠲᠤᠬᠠᠢ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠴᠢᠨ ᠭᠠᠩ ᠲᠦᠷᠦᠭᠦᠦ | ᠬᠡᠳᠦᠨ ᠡᠳᠦᠷ ᠤᠨ ᠰᠤᠷᠪᠤᠯᠵᠢᠯᠠᠬᠴᠢᠳ ᠤᠨ ᠬᠤᠷᠠᠯ ᠳᠡᠭᠡᠷ᠎ᠡ ᠨᠢᠭᠡᠨᠲᠡ ᠲᠣᠳᠣᠷᠬᠠᠶᠢᠯᠠᠨ ᠥᠭᠦᠯᠡᠵᠡᠢ ᠂ ᠪᠢ ᠲᠠᠭᠢᠵᠤ ᠨᠣᠷᠱᠣᠬᠤ ᠦᠭᠡᠢ ᠃ ᠣᠳᠣᠬᠠᠨ ᠤ | ᠴᠢᠬᠤᠯᠠ ᠶᠠᠪᠤᠳᠠᠯ ᠪᠣᠯ ᠰᠢ ᠶᠢᠨ ᠫᠢᠩ ᠲᠡᠷᠢᠭᠦᠯᠡᠭᠴᠢ ᠪᠣᠯᠣᠨ ᠪᠠᠶᠢᠳᠧᠨ ᠶᠡᠷᠦᠩᠬᠡᠶᠢᠯᠡᠭᠴᠢ ᠶᠢᠨ ᠨᠢᠳᠤᠨᠤᠨ ᠤ 11 ᠰᠠᠷ᠎ᠠ ᠳᠤ ᠠᠭᠤᠯᠵᠠᠯᠲᠠ ᠬᠢᠬᠦ ᠦᠶ᠎ᠡ ᠳᠤ | ᠲᠣᠬᠢᠷᠠᠯᠴᠠᠭᠰᠠᠨ ᠠᠯᠢ ᠣᠯᠠᠨ ᠴᠢᠬᠤᠯᠠ ᠬᠠᠮᠲᠤ ᠶᠢᠨ ᠲᠠᠨᠢᠯᠲᠠ ᠶᠢ ᠪᠣᠳᠠᠲᠠᠢ ᠲᠥᠷᠥ ᠶᠢᠨ ᠪᠣᠳᠣᠯᠭ᠎ᠠ ᠪᠣᠯᠣᠨ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ | ᠶᠠᠪᠤᠳᠠᠯ ᠪᠣᠯᠣᠨ᠎ᠠ ᠃ | ᠮᠢᠨᠤ ᠮᠡᠳᠡᠭᠦ ᠪᠠᠷ ᠂ ᠡᠨᠡ ᠬᠡᠳᠦᠨ ᠵᠢᠯ ᠳᠤ ᠠᠮᠧᠷᠢᠺᠠ ᠶᠢᠨ ᠤᠯᠤᠰ ᠤᠨ ᠳᠣᠲᠣᠭᠠᠳᠤ ᠶᠢᠨ ᠵᠠᠷᠢᠮ ᠬᠥᠮᠥᠰ ᠬᠤᠶᠠᠷ ᠤᠯᠤᠰ ᠤᠨ ︽ ᠬᠠᠷᠢᠴᠠᠭ᠎ᠠ ᠪᠠᠨ | ᠲᠠᠰᠤᠯᠬᠤ ︾ ᠶᠠᠷᠢᠶ᠎ᠠ ᠬᠡᠯᠡᠯᠴᠡᠭᠡ ᠶᠢ ᠬᠥᠭᠡᠷᠭᠡᠳᠡᠵᠦ ᠪᠠᠶᠢᠨ᠎ᠠ ᠂ ᠵᠠᠷᠢᠮ ᠳᠠᠭᠠᠨ ᠪᠠᠰᠠ ᠮᠠᠰᠢ ᠶᠡᠭᠡ ᠬᠠᠯᠠᠮᠰᠢᠯ ᠪᠤᠯᠳᠠᠭ ᠪᠠᠶᠢᠨ᠎ᠠ ᠂ ᠭᠡᠪᠡᠴᠦ ᠴᠣᠬᠤᠮ ᠬᠡᠳᠦᠢ ᠬᠥᠮᠥᠨ | ᠡᠶᠢᠮᠦᠷᠬᠦ ᠬᠥᠭᠡᠷᠭᠡᠳᠡᠯ ᠠᠴᠠ ᠦᠨᠡᠨ ᠬᠦ ᠠᠰᠢᠭ ᠭᠦᠷᠳᠡᠭᠦ ᠶᠢ ᠪᠢ ᠮᠡᠳᠡᠭᠦ ᠦᠭᠡᠢ ᠪᠠᠶᠢᠨ᠎ᠠ ᠃ ᠳᠤᠮᠳᠠᠳᠤ ᠶᠢᠨ ᠲᠠᠯ᠎ᠠ ᠶᠢᠨ ᠪᠦᠷᠢᠳᠬᠡᠯ ᠢ ᠦᠨᠳᠦᠰᠦᠯᠡᠪᠡᠯ ᠂ | ᠨᠢᠳᠤᠨᠤᠨ ᠳᠤᠮᠳᠠᠳᠤ ᠠᠮᠧᠷᠢᠺᠠ ᠶᠢᠨ ᠠᠷᠠᠯᠵᠢᠶᠠᠨ ᠤ ᠬᠡᠮᠵᠢᠶ᠎ᠡ 7600 ᠳ᠋ᠦᠩᠰᠢᠭᠤᠷ ᠭᠠᠷᠤᠢ ᠳ᠋ᠣᠯᠯᠠᠷ ᠲᠤ ᠬᠦᠷᠴᠦ ᠂ ᠲᠡᠦᠬᠡ ᠶᠢᠨ ᠰᠢᠨ᠎ᠡ ᠲᠡᠮᠳᠡᠭᠯᠡᠯ ᠢ | ᠡᠭᠦᠳᠪᠡ ᠃ ᠳᠤᠮᠳᠠᠳᠤ ᠠᠮᠧᠷᠢᠺᠠ ᠬᠤᠶᠠᠷ ᠤᠯᠤᠰ ᠤᠨ ᠠᠵᠤ ᠠᠬᠤᠢ ᠬᠡᠨ ᠠᠯᠢᠨ ᠠᠴᠠ ᠪᠠᠨ ᠰᠠᠯᠵᠤ ᠴᠢᠳᠠᠬᠤ ᠦᠭᠡᠢ ᠂ ᠬᠠᠷᠢᠯᠴᠠᠨ ᠪᠦᠷ ᠨᠦᠭᠦᠭᠡ | ᠡᠲᠡᠭᠡᠳ ᠤᠨ ᠢᠶᠠᠨ ᠬᠥᠭᠵᠢᠯᠲᠡ ᠠᠴᠠ ᠠᠰᠢᠭ ᠬᠦᠷᠲᠡᠵᠦ ᠪᠤᠢ ᠃ ᠪᠢ ᠨᠢᠳᠤᠨᠤᠨ ᠶᠡᠬᠡᠩᠬᠢ ᠴᠠᠭ ᠲᠤ ᠱᠠᠩᠬᠠᠢ ᠳᠤ ᠠᠵᠢᠯᠯᠠᠵᠤ ᠂ ᠠᠮᠧᠷᠢᠺᠠ ᠶᠢᠨ ᠪᠡᠯᠡ ᠶᠢ | ᠪᠠᠭᠲᠠᠭᠠᠭᠰᠠᠨ ᠴᠥᠭᠡᠨ ᠪᠤᠰᠤ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠳᠡᠭᠡᠳᠦ ᠲᠡᠰ ᠤᠨ ᠬᠠᠮᠢᠶᠠᠷᠤᠭᠴᠢ ᠲᠠᠢ ᠠᠭᠤᠯᠵᠠᠵᠤ ᠤᠴᠠᠷᠠᠭᠰᠠᠨ ᠶᠤᠮ ᠂ ᠲᠡᠳᠡ | ᠪᠦᠷ ᠨᠠᠳᠠ ᠳᠤ ᠱᠠᠩᠬᠠᠢ ᠶᠢ ᠲᠣᠭᠤᠵᠤ ᠂ ᠳᠤᠮᠳᠠᠳᠤ ᠤᠯᠤᠰ ᠢ ᠲᠣᠭᠤᠵᠤ ᠂ ᠬᠠᠮᠲᠤᠷᠠᠯᠴᠠᠭ᠎ᠠ ᠶᠢᠨ ᠳᠤᠮᠳᠠ ᠠᠴᠠ ᠬᠠᠮᠲᠤ ᠪᠠᠷ ᠠᠰᠢᠭ ᠭᠦᠷᠳᠡᠭᠦ ᠶᠢ ᠬᠦᠰᠡᠵᠦ | ᠪᠠᠶᠢᠨ᠎ᠠ ᠭᠡᠵᠦ ᠬᠡᠯᠡᠪᠡ ᠃ ᠡᠳᠡᠭᠡᠷ ᠨᠢ ᠴᠥᠮ ᠳᠤᠮᠳᠠᠳᠤ ᠠᠮᠧᠷᠢᠺᠠ ᠬᠠᠮᠲᠤᠷᠠᠨ ᠠᠵᠢᠯᠯᠠᠵᠤ ᠪᠤᠯᠬᠤ ᠪᠥᠭᠡᠳ ᠬᠠᠮᠲᠤᠷᠠᠨ ᠠᠵᠢᠯᠯᠠᠬᠤ ᠴᠤ ᠶᠣᠰᠣᠲᠠᠢ ᠭᠡᠳᠡᠭ ᠢ | ᠬᠠᠷᠠᠭᠤᠯᠵᠤ ᠪᠠᠶᠢᠨ᠎ᠠ ᠃ ᠳᠤᠮᠳᠠᠳᠤ ᠠᠮᠧᠷᠢᠺᠠ ᠬᠠᠮᠲᠤᠷᠠᠯᠴᠠᠭ᠎ᠠ ᠬᠢᠬᠦ ᠰᠠᠷᠠᠭᠤᠯ ᠢᠷᠡᠭᠡᠳᠦᠢ ᠲᠠᠢ ᠃ ᠪᠦᠰᠡᠯᠡᠯᠲᠡ ᠂ ᠳᠠᠷᠤᠯᠲᠠ ᠨᠢ ᠬᠡᠨ ᠳᠤ ᠴᠦ ᠠᠰᠢᠭ ᠦᠭᠡᠢ | ᠶᠤᠮ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠄ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠬᠠᠲᠠᠭᠤ ᠪᠡᠷᠬᠡ ᠬᠦᠨᠳᠦ ᠨᠦᠰᠡᠷ ᠡᠭᠦᠷᠭᠡ ᠳᠤ | ᠲᠤᠯᠭᠠᠷᠠᠵᠤ ᠂ ᠡᠯ᠎ᠡ ᠲᠠᠯ᠎ᠠ ᠶᠢᠨ ᠬᠢᠨ ᠴᠦ ᠮᠠᠰᠢ ᠥᠨᠳᠥᠷ ᠬᠦᠰᠡᠯ ᠡᠷᠡᠮᠡᠯᠵᠡᠯ ᠲᠠᠯᠪᠢᠵᠤ ᠪᠠᠶᠢᠨ᠎ᠠ ᠂ ᠡᠨᠡ ᠨᠢ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ | ᠪᠠᠨ ᠭᠦᠢᠴᠡᠳᠬᠡᠬᠦ ᠴᠢᠳᠠᠪᠤᠷᠢ ᠂ ᠠᠵᠢᠯ ᠤᠨ ᠰᠤᠷᠲᠠᠯ ᠳᠤ ᠴᠥᠮ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ ᠃ ᠰᠢᠨ᠎ᠡ ᠨᠢᠭᠡ ᠬᠤᠭᠤᠴᠠᠭᠠᠨ ᠤ ᠵᠠᠰᠠᠭ ᠤᠨ | ᠣᠷᠳᠣᠨ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠲᠠᠯ᠎ᠠ ᠪᠠᠷ ᠶᠠᠮᠠᠷ ᠶᠠᠮᠠᠷ ᠪᠣᠳᠣᠯᠬᠢᠯᠠᠯ ᠲᠠᠢ ᠪᠤᠶ︖ | ᠯᠢ ᠴᠢᠶᠠᠩ ᠄ ᠲᠠᠨ ᠤ ᠬᠡᠯᠡᠭᠰᠡᠨ ᠰᠢᠭ ᠢᠶᠠᠷ ᠂ ᠰᠢᠨ᠎ᠡ ᠡᠭᠦᠷᠭᠡ ᠬᠠᠷᠢᠭᠤᠴᠠᠯᠭ᠎ᠠ ᠪᠢᠳᠡᠨ ᠳᠤ ᠨᠠᠩ ᠥᠨᠳᠥᠷ ᠰᠢᠨ᠎ᠡ ᠱᠠᠭᠠᠷᠳᠠᠯᠭ᠎ᠠ ᠳᠤᠷᠠᠳᠴᠠᠢ ᠃ ᠪᠢᠳᠡ | ᠰᠢᠨ᠎ᠡ ᠨᠢᠭᠡᠨ ᠡᠭᠡᠯᠵᠢ ᠶᠢᠨ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠪᠠᠷ ᠲᠣᠭᠢᠶᠠᠯ ᠪᠣᠯᠭᠠᠨ ᠂ ᠵᠠᠰᠠᠭ ᠤᠨ ᠣᠷᠳᠣᠨ ᠤ ᠲᠣᠰ ᠪᠡᠶ᠎ᠡ ᠶᠢᠨ | ᠪᠠᠶᠢᠭᠤᠯᠤᠯᠲᠠ ᠪᠠᠨ ᠦᠨᠡᠨ ᠬᠦ ᠴᠢᠩᠭᠠᠳᠬᠠᠵᠤ ᠂ ᠡᠭᠦᠷᠭᠡ ᠴᠢᠳᠠᠪᠤᠷᠢ ᠪᠠᠨ ᠤᠯᠠᠮ ᠨᠢᠭᠡ ᠠᠯᠬᠤᠮ ᠬᠤᠪᠢᠷᠠᠭᠤᠯᠤᠨ ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠂ | ᠰᠤᠷᠲᠠᠯ ᠢᠶᠠᠨ ᠰᠠᠶᠢᠵᠢᠷᠠᠭᠤᠯᠬᠤ ᠪᠠᠷ ᠲᠥᠯᠥᠪᠯᠡᠵᠦ ᠪᠠᠶᠢᠨ᠎ᠠ ᠃ ᠳᠥᠷᠪᠡᠨ ᠵᠦᠢᠯ ᠤᠨ ᠠᠵᠢᠯ ᠢ ᠲᠣᠪᠣᠶᠢᠮ᠎ᠠ ᠠᠳᠬᠤᠨ᠎ᠠ ᠄ | ᠨᠢᠭᠡ ᠳᠤ ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠪᠠᠳᠠᠷᠠᠭᠤᠯᠤᠨ᠎ᠠ ᠃ ᠣᠶᠢᠷ᠎ᠠ ᠳᠤ ᠨᠠᠮ ᠤᠨ ᠲᠥᠪ ᠬᠤᠷᠢᠶ᠎ᠠ ᠠᠴᠠ ᠨᠢᠭᠡᠨᠲᠡ ᠲᠣᠳᠣᠷᠬᠠᠢ | ᠱᠠᠭᠠᠷᠳᠠᠯᠭ᠎ᠠ ᠳᠤᠷᠠᠳᠴᠤ ᠂ ᠲᠦᠷᠦ ᠶᠢᠨ ᠶᠠᠪᠤᠳᠠᠯ ᠤᠨ ᠬᠤᠷᠢᠶ᠎ᠠ ᠲᠦᠷᠦᠭᠦᠯᠡᠨ ᠨᠠᠷᠢᠨ ᠬᠢᠨᠠᠮᠠᠭᠠᠢ ᠰᠠᠶᠢᠲᠤᠷ ᠠᠳᠬᠤᠵᠤ ᠨᠠᠶᠢᠳᠠᠪᠤᠷᠢᠵᠢᠭᠤᠯᠬᠤ ᠬᠡᠷᠡᠭᠲᠡᠢ ᠭᠡᠪᠡ ᠃ | ᠪᠢ ᠤᠷᠲᠤ ᠬᠤᠭᠤᠴᠠᠭ᠎ᠠ ᠪᠠᠷ ᠣᠷᠣᠨ ᠨᠤᠲᠤᠭ ᠲᠤ ᠠᠵᠢᠯᠯᠠᠵᠤ ᠂ ᠡᠨᠡ ᠲᠠᠯ᠎ᠠ ᠪᠠᠷ ᠮᠠᠰᠢ ᠭᠦᠨ ᠲᠥᠷᠥᠭᠳᠡᠯ ᠲᠠᠢ ᠄ ᠠᠯᠪᠠᠨ ᠭᠡᠷ ᠲᠤ ᠰᠠᠭᠤᠪᠠᠯ ᠲᠤᠯᠭᠠᠷᠠᠬᠤ ᠨᠢ | ᠴᠥᠮ ᠠᠰᠠᠭᠤᠳᠠᠯ ᠪᠠᠶᠢᠳᠠᠭ ᠂ ᠦᠨᠳᠦᠰᠦᠨ ᠱᠠᠲᠤᠨ ᠳᠤ ᠭᠦᠨᠵᠡᠭᠡᠶᠢᠷᠡᠪᠡᠯ ᠠᠯᠢ ᠤᠯᠠᠨ ᠠᠷᠭ᠎ᠠ ᠣᠯᠳᠠᠳᠠᠭ ᠃ ᠮᠡᠷᠭᠡᠳ ᠠᠷᠠᠳ ᠤᠨ ᠳᠤᠮᠳᠠ ᠪᠠᠶᠢᠳᠠᠭ ᠃ ᠪᠢᠳᠡ | ᠡᠯ᠎ᠡ ᠱᠠᠲᠤᠨ ᠤ ᠺᠠᠳ᠋ᠷᠴᠤᠳ ᠤᠨ ᠡᠮᠦᠨ᠎ᠡ ᠹᠷᠣᠨᠲ ᠲᠤ ᠢᠯᠡᠭᠦᠬᠡᠨ ᠣᠴᠢᠬᠤ ᠶᠢ ᠠᠬᠢᠭᠤᠯᠵᠤ ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠵᠤ ᠂ ᠠᠷᠭ᠎ᠠ | ᠪᠣᠳᠣᠯᠭ᠎ᠠ ᠶᠢ ᠠᠷᠠᠳ ᠠᠴᠠ ᠠᠰᠠᠭᠤᠵᠤ ᠂ ᠠᠷᠠᠳ ᠤᠯᠠᠨ ᠠᠴᠠ ᠰᠤᠷᠤᠯᠴᠠᠵᠤ ᠂ ᠦᠨᠳᠦᠰᠦᠨ ᠱᠠᠲᠤ ᠶᠢ ᠦᠨᠡᠨ ᠬᠦ ᠬᠠᠪᠰᠤᠷᠤᠨ ᠪᠣᠳᠠᠲᠠᠢ ᠠᠰᠠᠭᠤᠳᠠᠯ ᠢ ᠨᠢ | ᠰᠢᠢᠳᠪᠦᠷᠢᠯᠡᠵᠦ ᠥᠭᠭᠦ ᠬᠡᠷᠡᠭᠲᠡᠢ ᠃ ᠢᠯᠠᠩᠭᠤᠶ᠎ᠠ ᠤᠷᠳᠤ ᠬᠤᠭᠤᠴᠠᠭ᠎ᠠ ᠪᠠᠷ ᠲᠣᠮᠣ ᠪᠠᠶᠢᠭᠤᠯᠭ᠎ᠠ ᠳᠤ ᠠᠵᠢᠯᠯᠠᠵᠤ ᠪᠠᠶᠢᠭ᠎ᠠ ᠵᠠᠯᠠᠭᠤ ᠨᠥᠬᠦᠳ ᠦᠨᠳᠦᠰᠦᠨ | ᠱᠠᠲᠤᠨ ᠳᠤ ᠭᠦᠨᠵᠡᠭᠡᠶᠢᠷᠡᠵᠦ ᠂ ᠦᠨᠳᠦᠰᠦᠨ ᠱᠠᠲᠤᠨ ᠳᠤ ᠰᠡᠳᠬᠢᠯ ᠬᠤᠯᠪᠣᠨ ᠂ ᠤᠯᠠᠨ ᠲᠦᠮᠡᠨ ᠲᠠᠢ ᠨᠡᠩ ᠣᠶᠢᠷᠠᠲᠤᠭᠰᠠᠨ ᠪᠠᠶᠢᠬᠤ ᠬᠡᠷᠡᠭᠲᠡᠢ ᠃ | ᠬᠤᠶᠠᠷ ᠲᠤ ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ ᠃ ᠵᠠᠰᠠᠭ ᠤᠨ ᠣᠷᠳᠣᠨ ᠤ ᠠᠵᠢᠯ ᠢ ᠡᠷᠬᠡᠪᠰᠢ ᠬᠠᠤᠯᠢ | ᠴᠠᠭᠠᠵᠠ ᠶᠢᠨ ᠪᠣᠷᠣ ᠲᠥᠯᠥᠪ ᠤᠨ ᠳᠣᠲᠣᠷ᠎ᠠ ᠶᠠᠪᠤᠭᠳᠠᠭᠤᠯᠵᠤ ᠂ ᠠᠯᠢᠪᠠ ᠵᠠᠰᠠᠭ ᠵᠠᠬᠢᠷᠭᠠᠨ ᠤ ᠠᠵᠢᠯᠯᠠᠭ᠎ᠠ ᠶᠢ ᠴᠥᠮ ᠬᠠᠤᠯᠢ ᠶᠢᠨ ᠦᠨᠳᠦᠰᠦᠯᠡᠯ ᠲᠠᠢ ᠪᠠᠶᠢᠯᠭᠠᠬᠤ | ᠬᠡᠷᠡᠭᠲᠡᠢ ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ ᠂ ᠬᠠᠤᠯᠢᠵᠢᠯ ᠤᠨ ᠰᠡᠳᠬᠢᠬᠦᠢ ᠂ ᠬᠠᠤᠯᠢᠵᠢᠯ ᠤᠨ | ᠠᠷᠭ᠎ᠠ ᠭᠡᠯᠪᠡᠷᠢ ᠪᠠᠷ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠃ | ᠭᠤᠷᠪᠠ ᠳᠤ ᠂ ᠪᠦᠲᠦᠭᠡᠯᠴᠢ ᠴᠢᠨᠠᠷᠲᠠᠢ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ ᠃ ᠡᠯ᠎ᠡ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ | ᠪᠠ ᠠᠯᠪᠠᠨ ᠠᠵᠢᠯᠲᠠᠳ ᠴᠥᠮ ᠦᠢᠯᠡᠴᠢᠯᠡᠬᠦ ᠤᠬᠠᠮᠰᠠᠷ ᠂ ᠬᠥᠭᠵᠢᠯᠲᠡ ᠶᠢᠨ ᠤᠬᠠᠮᠰᠠᠷ ᠲᠠᠢ ᠪᠠᠶᠢᠬᠤ ᠬᠡᠷᠡᠭᠲᠡᠢ ᠂ ᠢᠯᠠᠩᠭᠤᠶ᠎ᠠ ᠬᠢᠨᠠᠨ ᠵᠥᠪᠰᠢᠶᠡᠷᠡᠬᠦ ᠂ ᠬᠠᠮᠢᠶᠠᠷᠬᠤ | ᠡᠭᠦᠷᠭᠡ ᠴᠢᠳᠠᠪᠤᠷᠢ ᠪᠠᠨ ᠭᠦᠢᠴᠡᠳᠬᠡᠬᠦ ᠦᠶ᠎ᠡ ᠳᠤ ᠲᠣᠷᠣᠮᠰᠤᠯᠠᠭᠤᠷ ᠢ ᠯᠠ ᠭᠢᠰᠬᠢᠭᠡᠳ ᠂ ᠲᠣᠰᠣ ᠨᠡᠮᠡᠭᠦ ᠪᠠᠨ ᠮᠠᠷᠲᠠᠵᠤ ᠪᠤᠯᠬᠤ ᠦᠭᠡᠢ ︔ ᠵᠦᠪᠭᠡᠨ ᠵᠠᠮ ᠤᠨ | ᠬᠤᠷᠢᠭ᠎ᠠ ᠯᠡ ᠭᠠᠷᠭᠠᠵᠤ ᠂ ᠵᠠᠮ ᠤᠨ ᠲᠡᠮᠳᠡᠭ ᠲᠠᠯᠪᠢᠬᠤ ᠦᠭᠡᠢ ᠪᠠᠶᠢᠵᠤ ᠪᠤᠯᠬᠤ ᠦᠭᠡᠢ ︔ ᠠᠯᠢᠪᠠ ᠶᠠᠪᠤᠳᠠᠯ ᠳᠤ ︽ ᠬᠢᠪᠡᠯ ᠵᠣᠬᠢᠬᠤ ᠡᠰᠡᠬᠦ ︾ ᠶᠢᠨ ᠦᠷᠳᠡᠭ ᠤᠨ | ᠮᠠᠭᠠᠳᠯᠠᠯᠲᠠ ᠶᠢ ᠢᠯᠡᠭᠦᠬᠡᠨ ᠬᠢᠬᠦ ᠬᠡᠷᠡᠭᠲᠡᠢ ᠂ ᠵᠥᠪᠭᠡᠨ ᠳᠥᠭᠦᠮᠬᠡᠨ ᠢᠶᠠᠷ ︽ ᠬᠢᠵᠦ ᠪᠤᠯᠬᠤ ᠡᠰᠡᠬᠦ ︾ ᠶᠢᠨ ᠮᠡᠷᠭᠡᠵᠢᠯ ᠤᠨ ᠮᠠᠭᠠᠳᠯᠠᠯᠲᠠ ᠬᠢᠵᠦ ᠪᠤᠯᠬᠤ ᠦᠭᠡᠢ ᠃ | ᠠᠯᠢᠪᠠ ᠬᠡᠯᠪᠡᠷᠢᠴᠢ ᠦᠵᠡᠯ ᠂ ᠨᠣᠶᠠᠨᠴᠢ ᠰᠤᠷᠲᠠᠯ ᠢ ᠡᠷᠡᠰ ᠡᠰᠡᠷᠭᠦᠴᠡᠵᠦ ᠂ ᠵᠢᠩᠬᠢᠨᠢ ᠪᠦᠲᠦᠭᠡᠯᠴᠢ ᠴᠢᠳᠠᠪᠤᠷᠢ ᠲᠠᠢ ᠭᠦᠢᠴᠡᠳᠭᠡᠭᠴᠢ ᠪᠤᠯᠬᠤ ᠬᠡᠷᠡᠭᠲᠡᠢ ᠃ | ᠳᠥᠷᠪᠡ ᠳᠤ ᠂ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠡᠷᠡᠰ ᠰᠠᠬᠢᠨ᠎ᠠ ᠃ ᠪᠢᠳᠡ ᠢᠮᠠᠭᠲᠠ ᠴᠢᠩᠭ᠎ᠠ ᠪᠠᠷᠢᠮᠵᠢᠶ᠎ᠠ ᠂ ᠴᠢᠩᠭ᠎ᠠ ᠠᠷᠭ᠎ᠠ ᠬᠡᠮᠵᠢᠶ᠎ᠡ ᠪᠠᠷ | ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠰᠠᠶᠢᠲᠤᠷ ᠠᠳᠬᠤᠵᠤ ᠂ ᠠᠯᠢᠪᠠ ᠢᠯᠵᠢᠷᠡᠯ ᠤᠨ ᠠᠵᠢᠯᠯᠠᠭ᠎ᠠ ᠶᠢ ᠥᠴᠥᠬᠡᠨ ᠴᠦ ᠠᠭᠤᠴᠢᠯᠠᠬᠤ | ᠦᠭᠡᠢ ᠃ ᠵᠠᠰᠠᠭ ᠤᠨ ᠣᠷᠳᠣᠨ ᠤ ᠠᠵᠢᠯᠲᠠᠨ ᠨᠢᠭᠡᠪᠦᠷᠢ ᠴᠥᠮ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠵᠦ ᠂ ᠦᠨᠡᠨᠴᠢ ᠰᠢᠳᠤᠷᠭᠤ ᠂ ᠴᠡᠪᠡᠷ ᠴᠢᠬᠡᠴᠢ ᠂ | ᠬᠠᠷᠢᠭᠤᠴᠠᠯᠭ᠎ᠠ ᠲᠠᠢ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ ᠃ | ᠰᠤᠷᠪᠤᠯᠵᠢᠯᠠᠬᠴᠢᠳ ᠤᠨ ᠬᠤᠷᠠᠯ ᠠᠷᠠᠳ ᠤᠨ ᠶᠡᠭᠡ ᠬᠤᠷᠠᠯ ᠤᠨ ᠲᠠᠩᠬᠢᠮ ᠤᠨ ᠭᠤᠷᠪᠠᠳᠤᠭᠠᠷ ᠳᠠᠪᠬᠤᠷᠯᠢᠭ ᠤᠨ ᠠᠯᠲᠠᠨ ᠥᠩᠭᠡᠲᠦ ᠣᠷᠳᠣᠨ ᠳᠤ 80 | ᠮᠢᠨᠦ᠋ᠲ ᠶᠠᠪᠤᠭᠳᠠᠵᠤ ᠂ ᠳᠣᠲᠣᠭᠠᠳᠤ ᠭᠠᠳᠠᠭᠠᠳᠤ ᠶᠢᠨ 500 ᠭᠠᠷᠤᠢ ᠰᠤᠷᠪᠤᠯᠵᠢᠯᠠᠬᠴᠢ ᠣᠷᠣᠯᠴᠠᠵᠠᠢ ᠃ | |