ᠳᠠᠯᠠᠳ ᠬᠤᠰᠢᠭᠤ ᠪᠥᠬᠦ ᠤᠯᠤᠰ ᠤᠨ ᠲᠤᠰᠬᠤᠨ ᠢ ᠭᠤᠶᠤᠵᠢᠭᠤᠯᠬᠤ ᠠᠵᠢᠯᠯᠠᠭ᠎ᠠ ᠶᠢᠨ ᠲᠡᠷᠢᠭᠦᠨ ᠤ ᠰᠢᠶᠠᠨ ᠢᠶᠠᠷ ᠦᠨᠡᠯᠡᠭᠳᠡᠵᠡᠢ
ᠨᠡᠶᠢᠲᠡᠯᠡᠭᠰᠡᠨ ᠴᠠᠭ᠄
2023/3/16
      ᠤᠶᠢᠷ᠎ᠠ ᠶᠢᠨ ᠡᠳᠦᠷ᠂ ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠬᠦ ᠲᠣᠪᠴᠢᠶ᠎ᠠ ᠠᠴᠠ ︽2022 ᠣᠨ ᠤ ᠪᠥᠬᠦ ᠤᠯᠤᠰ ᠤᠨ ᠲᠤᠰᠬᠤᠨ ᠢ ᠭᠤᠶᠤᠵᠢᠭᠤᠯᠬᠤ ᠠᠵᠢᠯᠯᠠᠭ᠎ᠠ ᠶᠢᠨ ᠲᠡᠷᠢᠭᠦᠨ ᠤ ᠰᠢᠶᠠᠨ ᠢ ᠵᠠᠷᠯᠠᠨ ᠬᠥᠬᠢᠭᠦᠯᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠠᠷᠭ᠎ᠠ ᠬᠡᠮᠵᠢᠶ᠎ᠡ ᠨᠢ ᠬᠦᠴᠦᠲᠡᠶ᠂ ᠦᠷ᠎ᠡ ᠪᠦᠲᠦᠮᠵᠢ ᠨᠢ ᠲᠣᠪᠤᠶᠢᠮ᠎ᠠ᠂ ᠣᠯᠠᠨ ᠲᠦᠮᠡᠨ ᠳᠤ ᠲᠠᠭᠠᠰᠢᠶᠠᠭᠳᠠᠭᠰᠠᠨ 94 ᠲᠣᠰᠬᠤᠨ ᠢ ᠭᠤᠶᠤᠵᠢᠭᠤᠯᠤᠬᠰᠠᠨ ᠲᠡᠷᠢᠭᠦᠨ ᠤ ᠰᠢᠶᠠᠨ ᠢ ᠵᠠᠷᠯᠠᠨ ᠬᠥᠬᠢᠭᠦᠯᠪᠡ᠃ ᠡᠭᠦᠨ ᠳᠤ᠂ ᠮᠠᠨ ᠤ ᠬᠤᠲᠠ ᠶᠢᠨ ᠳᠠᠯᠠᠳ ᠬᠤᠰᠢᠭᠤ ᠨᠡᠷᠡᠰ ᠤᠨ ᠵᠢᠭᠰᠠᠭᠠᠯᠲᠠ ᠳᠤ ᠤᠷᠤᠵᠠᠢ ᠃ ᠤᠳᠤ᠂ ᠪᠥᠬᠦ ᠬᠤᠲᠠ ᠶᠢᠨ 2 ᠬᠤᠰᠢᠭᠤ ᠨᠢᠭᠡᠨᠲᠡ ᠪᠥᠬᠦ ᠤᠯᠤᠰ ᠤᠨ ᠲᠤᠰᠬᠤᠨ ᠢ ᠭᠤᠶᠤᠵᠢᠭᠤᠯᠬᠤ ᠠᠵᠢᠯᠯᠠᠭ᠎ᠠ ᠶᠢᠨ ᠲᠡᠷᠢᠭᠦᠨ ᠤ ᠰᠢᠶᠠᠨ ᠤ ᠢᠷᠠᠭᠤ ᠠᠯᠳᠠᠷ ᠢ ᠬᠦᠷᠳᠡᠭᠰᠡᠨ ᠪᠠᠶᠢᠨ᠎ᠠ᠃          ᠣᠶᠢᠷ᠎ᠠ ᠶᠢᠨ ᠵᠢᠯ ᠤᠳ ᠠᠴᠠ᠂ ᠮᠠᠨ ᠤ ᠬᠤᠲᠠ ᠬᠥᠳᠡᠭᠡ ᠲᠣᠰᠬᠤᠨ ᠤ ᠬᠦᠮᠤᠨ ᠠᠷᠠᠳ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠤᠬᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠦ᠂ ︽ᠣᠷᠳᠣᠰ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠥᠮᠦᠨ ᠠᠷᠠᠳ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠦᠷᠢᠮ︾ ᠢᠶᠠᠷ ᠬᠠᠤᠯᠢᠵᠢᠯ ᠤᠨ ᠵᠢᠯᠣᠭᠤᠳᠤᠮᠵᠢ ᠪᠣᠯᠭᠠᠨ᠂ ᠪᠡᠯᠡ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠣᠷᠴᠢᠨ ᠲᠣᠭᠤᠷᠢᠨ ᠤ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠤᠨ᠂ ︽ᠭᠤᠷᠪᠠ ᠶᠢ ᠴᠡᠪᠡᠷᠯᠡᠵᠦ ᠨᠢᠭᠡ ᠶᠢ ᠥᠭᠡᠷᠡᠴᠢᠯᠡᠬᠦ︾ ᠪᠠᠷ ᠭᠤᠤᠯᠳᠠᠯᠭ᠎ᠠ ᠪᠣᠯᠭᠠᠭᠰᠠᠨ ᠲᠤᠰᠬᠤᠨ ᠢ ᠭᠤᠶᠤᠵᠢᠭᠤᠯᠬᠤ ᠠᠵᠢᠯᠯᠠᠭ᠎ᠠ ᠶᠢ ᠪᠥᠬᠦ ᠬᠦᠷᠢᠶ᠎ᠡ ᠴᠠᠷᠠᠭᠠᠨ ᠳᠤ ᠠᠬᠢᠭᠤᠯᠵᠤ᠂ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠬᠦᠳᠴᠦ᠂ ᠣᠯᠠᠨ ᠲᠦᠮᠡᠨ ᠣᠷᠣᠯᠴᠠᠬᠤ ᠳᠤᠷᠠᠲᠠᠶ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠦᠨ᠂ ᠲᠣᠰᠬᠤᠨ ᠤ ᠳᠦᠷᠰᠦ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠬᠦ ᠶᠢ ᠪᠥᠬᠦ ᠲᠠᠯ᠎ᠠ ᠪᠠᠷ ᠠᠬᠢᠭᠤᠯᠬᠤ᠂ ᠪᠣᠬᠢᠷᠲᠤᠯ ᠥᠬᠡᠶ ᠪᠥᠭᠡᠳ ᠣᠷᠣᠰᠢᠨ ᠠᠮᠢᠳᠤᠷᠠᠬᠤ ᠳᠤ ᠳᠠᠭᠠᠯᠠᠮᠵᠢᠲᠠᠶ ᠵᠣᠯ ᠵᠢᠷᠭᠠᠯᠲᠤ ᠣᠷᠳᠣᠰ ᠢ ᠪᠥᠲᠥᠭᠡᠨ ᠪᠠᠶᠢᠭᠤᠯᠬᠤ ᠳᠤ ᠰᠠᠶᠢᠨ ᠰᠠᠭᠤᠷᠢ ᠶᠢ ᠲᠠᠯᠪᠢᠭᠰᠠᠨ ᠪᠠᠶᠢᠨ᠎ᠠ᠃    
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ