ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠪᠡᠭᠡᠵᠢᠩ ᠳᠤ ᠬᠤᠷᠠᠯᠳᠤᠪᠠ  ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠪᠦᠭᠦᠳᠡ ᠬᠤᠷᠠᠯ ᠢ ᠡᠷᠬᠢᠯᠡᠪᠡ  ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/3/2
    

3.2.1.jpg

   

      ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ 2023 ᠣᠨ ᠤ 2

ᠰᠠᠷ᠎ᠠ ᠶᠢᠨ 26 ᠠᠴᠠ 28 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ ᠃ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ

ᠲᠠᠯᠪᠢᠪᠠ ᠃

      ᠰᠢᠨᠬᠤᠸᠠ ᠬᠤᠷᠢᠶᠠᠨ ᠤ ᠰᠤᠷᠪᠤᠯᠵᠢᠯᠠᠬᠴᠢ  ᠵᠢᠦᠢ ᠫᠧᠩ  ᠰᠡᠭᠦᠳᠡᠷᠯᠡᠪᠡ

 

      ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠠᠯᠪᠠᠨ ᠮᠡᠳᠡᠭᠡ

      ︵ 2023 ᠣᠨ ᠤ 2 ᠰᠠᠷ᠎ᠠ ᠶᠢᠨ 28 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ 

ᠬᠤᠶᠠᠳᠤᠭᠠᠷ ᠪᠦᠭᠦᠳᠡ ᠬᠤᠷᠠᠯ ᠠᠴᠠ ᠪᠠᠲᠤᠯᠠᠪᠠ︶

      ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ 2023 ᠣᠨ ᠤ 2

ᠰᠠᠷ᠎ᠠ ᠶᠢᠨ 26 ᠠᠴᠠ 28 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ ᠃

      ᠡᠨᠡ ᠤᠳᠠᠭ᠎ᠠ ᠶᠢᠨ ᠪᠦᠭᠦᠳᠡ ᠬᠤᠷᠠᠯ ᠳᠤ ᠲᠥᠪ ᠬᠤᠷᠢᠶᠠᠨ ᠤ ᠭᠡᠰᠢᠭᠦᠨ 203 ᠬᠥᠮᠥᠨ ᠂ ᠲᠥᠪ ᠬᠤᠷᠢᠶᠠᠨ ᠤ ᠣᠷᠣᠯᠠᠭᠴᠢ ᠭᠡᠰᠢᠭᠦᠨ 170 ᠬᠥᠮᠥᠨ

ᠣᠷᠣᠯᠴᠠᠪᠠ ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ

ᠨᠥᠬᠦᠳ ᠬᠤᠷᠠᠯ ᠳᠤ ᠰᠤᠯᠠ ᠣᠷᠣᠯᠴᠠᠪᠠ ᠃

      ᠪᠦᠭᠦᠳᠡ ᠬᠤᠷᠠᠯ ᠢ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠡᠷᠭᠢᠯᠡᠪᠡ ᠃ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠴᠢᠬᠤᠯᠠ

ᠶᠠᠷᠢᠶ᠎ᠠ ᠲᠠᠯᠪᠢᠵᠠᠢ ᠃

3.2.2.jpg

 

      ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ 2023 ᠣᠨ ᠤ 2

ᠰᠠᠷ᠎ᠠ ᠶᠢᠨ 26 ᠠᠴᠠ 28 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ ᠃ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠬᠤᠷᠠᠯ ᠢ ᠡᠷᠭᠢᠯᠡᠪᠠ ᠃

      ᠰᠢᠨᠬᠤᠸᠠ ᠬᠤᠷᠢᠶᠠᠨ ᠤ ᠰᠤᠷᠪᠤᠯᠵᠢᠯᠠᠬᠴᠢ  ᠶᠠᠨ ᠶᠠᠨ  ᠰᠡᠭᠦᠳᠡᠷᠯᠡᠪᠡ

 

      ᠪᠦᠭᠦᠳᠡ ᠬᠤᠷᠠᠯ ᠠᠴᠠ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠶᠢᠨ ᠨᠠᠶᠢᠳᠠᠯᠭ᠎ᠠ ᠪᠠᠷ ᠬᠢᠭᠰᠡᠨ ᠠᠵᠢᠯ ᠤᠨ ᠢᠯᠡᠳᠬᠡᠯ ᠢ

ᠰᠣᠨᠣᠰᠤᠨ ᠶᠠᠷᠢᠯᠴᠠᠵᠤ ᠂ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠠᠮ ᠤᠨ ᠳᠣᠲᠣᠭᠠᠳᠤ ᠭᠠᠳᠠᠭᠠᠳᠤ ᠶᠢᠨ ᠰᠠᠨᠠᠯ ᠢ ᠥᠷᠭᠡᠨ ᠢᠶᠠᠷ ᠬᠤᠷᠢᠶᠠᠵᠤ ᠂ 

ᠲᠠᠭᠢᠨ ᠳᠠᠪᠲᠠᠨ ᠶᠠᠷᠢᠯᠴᠠᠨ ᠵᠥᠪᠳᠡᠯᠴᠡᠭᠰᠡᠨ ᠰᠠᠭᠤᠷᠢᠨ ᠳᠡᠭᠡᠷ᠎ᠡ ᠳᠤᠷᠠᠳᠤᠭᠰᠠᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠲᠡᠪᠰᠢᠭᠦᠯᠭᠦ ᠪᠠᠷ ᠪᠠᠶᠢᠭ᠎ᠠ ᠲᠦᠷᠦ ᠶᠢᠨ ᠪᠠᠶᠢᠭᠤᠯᠤᠮᠵᠢ ᠶᠢᠨ ᠤᠳᠤᠷᠢᠳᠬᠤ ᠬᠥᠮᠥᠰ ᠤᠨ

ᠵᠢᠱᠢᠭᠳᠡᠭᠴᠢ ᠶᠢᠨ ᠰᠠᠨᠠᠭᠤᠯᠭ᠎ᠠ ᠶᠢᠨ ᠨᠡᠷᠡᠰ ᠪᠣᠯᠣᠨ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ

ᠬᠤᠷᠠᠯ ᠳᠤ ᠲᠡᠪᠰᠢᠭᠦᠯᠭᠦ ᠪᠠᠷ ᠪᠠᠶᠢᠭ᠎ᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠬᠥᠮᠥᠰ ᠤᠨ ᠵᠢᠱᠢᠭᠳᠡᠭᠴᠢ ᠶᠢᠨ ᠰᠠᠨᠠᠭᠤᠯᠭ᠎ᠠ ᠶᠢᠨ

ᠨᠡᠷᠡᠰ ᠢ ᠬᠢᠨᠠᠨ ᠵᠥᠪᠯᠡᠵᠦ ᠪᠠᠲᠤᠯᠠᠭᠠᠳ ᠂ ᠡᠨᠡ ᠬᠤᠶᠠᠷ ᠰᠠᠨᠠᠭᠤᠯᠭ᠎ᠠ ᠶᠢᠨ ᠨᠡᠷᠡᠰ ᠢ ᠲᠤᠰ ᠲᠤᠰ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠪᠣᠯᠣᠨ ᠪᠦᠭᠦ ᠤᠯᠤᠰ ᠤᠨ ᠤᠯᠤᠰ ᠲᠦᠷᠦ ᠶᠢᠨ

ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠳᠤ ᠲᠡᠪᠰᠢᠭᠦᠯᠭᠦ ᠪᠠᠷ ᠲᠣᠭᠲᠠᠪᠠ ᠃ 

ᠥᠷᠭᠡᠨ ᠢᠶᠠᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ ᠳᠤᠷᠠᠳᠤᠭᠰᠠᠨ ︽ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠢ

ᠬᠢᠨᠠᠨ ᠵᠥᠪᠯᠡᠵᠦ ᠪᠠᠲᠤᠯᠠᠪᠠ ᠃ ᠰᠢ ᠶᠢᠨ ᠫᠢᠩ ︽ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ︵ ᠡᠬᠡ ᠨᠣᠣᠷᠠᠭ ︶ ︾ ᠤᠨ

ᠲᠤᠬᠠᠢ ᠪᠦᠭᠦᠳᠡ ᠬᠤᠷᠠᠯ ᠳᠤ ᠲᠣᠳᠣᠷᠬᠠᠶᠢᠯᠠᠯᠲᠠ ᠬᠢᠪᠡ ᠃ ᠪᠦᠭᠦᠳᠡ ᠬᠤᠷᠠᠯ ᠠᠴᠠ ︽ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ

ᠲᠥᠰᠥᠯ ︾ ᠤᠨ ᠬᠡᠰᠡᠭ ᠠᠭᠤᠯᠭ᠎ᠠ ᠶᠢ ᠬᠠᠤᠯᠢ ᠳᠤ ᠲᠣᠭᠲᠠᠭᠠᠭᠰᠠᠨ ᠲᠡᠰ ᠳᠠᠷᠠᠭᠠᠯᠠᠯ ᠶᠣᠰᠣᠭᠠᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠭᠦ ᠪᠠᠷ ᠵᠥᠪᠰᠢᠶᠡᠷᠡᠪᠡ ᠃

      ᠪᠦᠭᠦᠳᠡ ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠦᠭᠦᠳᠡ ᠬᠤᠷᠠᠯ ᠠᠴᠠ ᠨᠠᠭᠠᠰᠢᠬᠢ ᠲᠥᠪ

ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠵᠢᠯ ᠢ ᠭᠦᠢᠴᠡᠳ ᠨᠤᠲᠠᠯᠠᠪᠠ ᠃ ᠬᠦᠨᠳᠦ ᠨᠣᠴᠢᠲᠠᠢ ᠲᠦᠪᠡᠭ ᠪᠤᠳᠤᠯᠢᠶᠠᠨᠲᠠᠢ ᠳᠡᠯᠡᠬᠡᠢ ᠶᠢᠨ ᠣᠷᠴᠢᠨ

ᠨᠥᠬᠦᠴᠡᠯ ᠪᠠ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠬᠠᠲᠠᠭᠤ ᠪᠡᠷᠬᠡ ᠨᠦᠰᠡᠷ ᠬᠦᠨᠳᠦ ᠡᠭᠦᠷᠭᠡ ᠶᠢᠨ ᠡᠮᠦᠨ᠎ᠡ ᠂ ᠤᠯᠤᠰ

ᠲᠦᠷᠦ ᠶᠢᠨ ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠦᠭᠦᠳᠡ ᠬᠤᠷᠠᠯ ᠤᠨ

ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ

ᠮᠠᠨᠳᠤᠭᠤᠯᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ

ᠲᠤᠭᠤᠰᠢᠯᠠᠭᠤᠯᠵᠤ ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ᠤᠯᠤᠰ ᠤᠨ ᠳᠣᠲᠣᠭᠠᠳᠤ

ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ

ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ

ᠲᠥᠯᠥᠪᠵᠢᠭᠦᠯᠵᠦ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠭᠠᠷᠭᠠᠵᠤ ᠂

 ᠵᠢᠶᠠᠩ ᠽᠧ ᠮᠢᠨ ᠨᠥᠬᠦᠷ ᠢ ᠶᠡᠭᠡ ᠪᠠᠷ ᠡᠮᠭᠡᠨᠢᠨ ᠭᠠᠰᠢᠭᠤᠳᠠᠵᠤ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠂ ᠪᠦᠭᠦ ᠤᠯᠤᠰ ᠤᠨ

ᠤᠯᠤᠰ ᠲᠦᠷᠦ ᠶᠢᠨ ᠵᠥᠪᠯᠡᠯᠭᠡᠨ  ᠤ ᠬᠤᠭᠤᠴᠠᠭ᠎ᠠ ᠰᠣᠯᠢᠬᠤ ᠪᠡᠯᠡᠳᠬᠡᠯ ᠠᠵᠢᠯ ᠢ ᠰᠠᠶᠢᠲᠤᠷ ᠬᠢᠵᠦ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ

ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠥᠳᠡᠯᠦᠩᠭᠦᠢ ᠪᠠᠷ ᠰᠢᠯᠢᠳᠡᠭᠵᠢᠭᠦᠯᠦᠨ ᠲᠣᠬᠢᠷᠠᠭᠤᠯᠵᠤ ᠂ ᠠᠵᠤ ᠠᠬᠤᠢ ᠶᠢᠨ ᠲᠣᠭᠲᠠᠭᠤᠨ ᠢᠶᠠᠷ

ᠳᠡᠭᠡᠭᠰᠢᠯᠡᠬᠦ ᠶᠢ ᠬᠦᠴᠦᠯᠡᠨ ᠠᠬᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠨᠡᠶᠢᠭᠡᠮ ᠵᠢᠷᠤᠮ ᠤᠨ ᠠᠷᠠᠳᠴᠢᠯᠠᠯ ᠬᠠᠤᠯᠢᠵᠢᠯ ᠤᠨ ᠪᠠᠶᠢᠭᠤᠯᠤᠯᠲᠠ ᠪᠠ

ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ

ᠰᠠᠶᠢᠵᠢᠷᠠᠭᠤᠯᠵᠤ ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠵᠤ ᠂ ᠳᠤᠮᠳᠠᠳᠤ ᠤᠯᠤᠰ ᠤᠨ ᠣᠨᠴᠠᠯᠢᠭ ᠲᠠᠢ ᠲᠣᠮᠣ

ᠤᠯᠤᠰ ᠤᠨ ᠭᠠᠳᠠᠭᠠᠳᠤ ᠬᠠᠷᠢᠯᠴᠠᠭᠠᠨ ᠤ ᠰᠢᠨ᠎ᠡ ᠠᠶᠠᠨ ᠢ ᠡᠬᠢᠯᠡᠭᠦᠯᠵᠦ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠤᠯᠠᠮ ᠭᠦᠨᠵᠡᠭᠡᠶᠢᠷᠡᠭᠦᠯᠵᠦ ᠂ ᠡᠯ᠎ᠡ

ᠵᠦᠢᠯ ᠤᠨ ᠠᠵᠢᠯ ᠰᠢᠨ᠎ᠡ ᠠᠯᠬᠤᠮ ᠢ ᠠᠯᠬᠤᠵᠠᠢ ᠭᠡᠵᠦ ᠰᠠᠨᠠᠯ ᠨᠢᠭᠡᠲᠡᠢ ᠦᠵᠡᠪᠡ ᠃

      ᠪᠦᠭᠦᠳᠡ ᠬᠤᠷᠠᠯ ᠠᠴᠠ ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ

ᠬᠤᠷᠠᠯ ᠪᠣᠯᠣᠨ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠢ ᠰᠠᠶᠢᠲᠤᠷ

ᠬᠤᠷᠠᠯᠳᠤᠭᠤᠯᠬᠤ ᠨᠢ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠯᠠᠮ ᠴᠢᠨᠠᠭᠰᠢᠳᠠ ᠲᠠᠶᠢᠴᠢᠯᠠᠨ ᠨᠡᠶᠢᠭᠡᠮ ᠵᠢᠷᠤᠮᠲᠤ

ᠣᠳᠣᠬᠢᠴᠢᠯᠠᠭᠰᠠᠨ ᠤᠯᠤᠰ ᠢ ᠪᠦᠭᠦ ᠲᠠᠯ᠎ᠠ  ᠪᠠᠷ ᠪᠦᠲᠦᠭᠡᠨ ᠪᠠᠶᠢᠭᠤᠯᠬᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ

ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ  ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠭᠡᠵᠦ ᠴᠢᠬᠤᠯᠠᠴᠢᠯᠠᠪᠠ ᠃

      ᠪᠦᠭᠦᠳᠡ ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ

ᠲᠥᠪ ᠬᠤᠷᠢᠶ᠎ᠠ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ

ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠡᠭᠦᠷᠭᠡ ᠪᠤᠯᠭᠠᠵᠤ ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠂ 

ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠬᠤ ᠂ ᠰᠢᠯᠢᠳᠡᠭᠵᠢᠭᠦᠯᠬᠦ ᠬᠠᠮᠵᠢᠯᠴᠠᠭᠤᠯᠬᠤ ᠥᠨᠳᠥᠷ ᠪᠦᠲᠦᠮᠵᠢᠲᠡᠶ ᠪᠠᠶᠢᠯᠭᠠᠬᠤ ᠶᠢ ᠪᠠᠷᠢᠮᠲᠠᠯᠠᠬᠤ ᠂ ᠪᠦᠭᠦ

ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠬᠤ ᠵᠠᠷᠴᠢᠮ ᠶᠣᠰᠣᠭᠠᠷ ᠂ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ

ᠭᠦᠨᠵᠡᠭᠡᠶᠢᠷᠡᠭᠦᠯᠵᠦ ᠂ ᠨᠠᠮ ᠪᠣᠯᠣᠨ ᠲᠥᠷᠦ ᠶᠢᠨ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ ᠰᠢᠰᠲ᠋ᠧᠮᠲᠦ ᠴᠢᠨᠠᠷ ᠂ ᠪᠦᠬᠦᠯᠢ ᠴᠣᠭᠴᠠ ᠶᠢᠨ ᠴᠢᠨᠠᠷᠲᠠᠢ ᠲᠠᠭᠢᠨ

ᠪᠠᠶᠢᠭᠤᠯᠤᠯᠲᠠ ᠶᠢ ᠪᠡᠶᠡᠯᠡᠭᠦᠯᠵᠦ ᠂ ᠨᠠᠮ ᠪᠠ ᠤᠯᠤᠰ ᠤᠨ ᠠᠵᠢᠯ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠣᠯᠬᠤ ᠂ ᠲᠡᠦᠬᠡᠲᠦ ᠴᠢᠨᠠᠷᠲᠠᠢ ᠬᠤᠪᠢᠰᠤᠯᠲᠠ

ᠭᠠᠷᠭᠠᠬᠤ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠥᠭᠡᠳ ᠪᠠᠰᠠ ᠨᠠᠮ ᠪᠣᠯᠣᠨ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ

ᠭᠦᠨᠵᠡᠭᠡᠶᠢᠷᠡᠭᠦᠯᠬᠦ ᠳᠤ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠵᠠᠢ ᠭᠡᠵᠦ ᠦᠵᠡᠪᠡ ᠃

      ᠪᠦᠭᠦᠳᠠ ᠬᠤᠷᠠᠯ ᠠᠴᠠ ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠴᠢᠬᠤᠯᠠ

ᠪᠠᠶᠢᠷᠢᠯᠠᠭᠤᠯᠤᠯᠲᠠ ᠬᠢᠪᠡ ᠂ ᠡᠨᠡ ᠨᠢ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠂ ᠳᠤᠮᠳᠠᠳᠤ ᠶᠢᠨ

ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠴᠢᠬᠤᠯᠠ ᠶᠡᠭᠡ ᠪᠥᠭᠡᠳ ᠠᠯᠤᠰ ᠭᠡᠳᠤ ᠶᠢᠨ ᠠᠴᠢ ᠬᠤᠯᠪᠣᠭᠳᠠᠯ ᠲᠠᠢ

ᠶᠤᠮ ᠃ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ

ᠵᠢᠯᠣᠭᠤᠳᠤᠯᠭ᠎ᠠ ᠪᠤᠯᠭᠠᠵᠤ ᠂ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠬᠤ ᠪᠠᠷ ᠶᠡᠷᠦᠩᠬᠡᠶᠢᠯᠡᠨ ᠵᠢᠯᠣᠭᠤᠳᠤᠭᠤᠯᠵᠤ ᠂

 ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠪᠠᠷ ᠤᠳᠤᠷᠢᠳᠤᠮᠵᠢ ᠪᠤᠯᠭᠠᠵᠤ ᠂ ᠲᠣᠭᠲᠠᠭᠤᠨ ᠤ

ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ︽ ᠲᠠᠪᠤ ᠶᠢ ᠨᠢᠭᠡ ᠴᠣᠭᠴᠠᠵᠢᠭᠤᠯᠬᠤ ︾ ᠶᠡᠷᠦᠩᠬᠡᠢ ᠪᠠᠶᠢᠷᠢᠯᠠᠭᠤᠯᠤᠯᠲᠠ ᠶᠢ

ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠂ ︽ ᠳᠥᠷᠪᠡᠨ ᠪᠦᠭᠦ ᠲᠠᠯ᠎ᠠ ︾  ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ

ᠠᠬᠢᠭᠤᠯᠬᠤ ᠱᠠᠭᠠᠷᠳᠠᠯᠭ᠎ᠠ ᠲᠠᠢ ᠵᠣᠬᠢᠴᠠᠭᠤᠯᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ

ᠬᠡᠷᠡᠭᠴᠡᠭᠡ ᠳᠤ ᠵᠣᠬᠢᠴᠠᠭᠤᠯᠵᠤ ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ ᠂ ᠨᠠᠮ ᠤᠨ ᠲᠥᠪ ᠬᠤᠷᠢᠶᠠᠨ ᠤ ᠪᠠᠶᠢᠭᠤᠯᠤᠮᠵᠢ ᠂ ᠪᠦᠭᠦ

ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠮᠵᠢ ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠭᠤᠯᠤᠮᠵᠢ ᠂ ᠪᠦᠭᠦ ᠤᠯᠤᠰ ᠤᠨ

ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠤᠮᠵᠢ ᠶᠢ ᠨᠢᠭᠡᠳᠦᠯᠲᠡᠢ ᠲᠥᠯᠥᠪᠵᠢᠭᠦᠯᠵᠦ ᠂ ᠲᠥᠪ ᠪᠠ ᠣᠷᠣᠨ ᠨᠤᠲᠤᠭ ᠢ ᠨᠢᠭᠡᠳᠦᠯᠲᠡᠢ ᠲᠥᠯᠥᠪᠵᠢᠭᠦᠯᠵᠦ ᠂ 

ᠭᠤᠣᠯᠳᠠᠯᠭ᠎ᠠ ᠲᠠᠢ ᠬᠦᠷᠢᠶᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ

ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢᠨ ᠲᠠᠯ᠎ᠠ ᠪᠠᠷ ᠨᠡᠩ ᠰᠢᠨᠵᠢᠯᠡᠬᠦ ᠤᠬᠠᠭᠠᠨᠴᠢ ᠂ ᠡᠭᠦᠷᠭᠡ

ᠴᠢᠳᠠᠪᠬᠢ ᠶᠢᠨ ᠲᠣᠬᠢᠷᠠᠭᠤᠯᠤᠯᠲᠠ ᠶᠢᠨ ᠲᠠᠯ᠎ᠠ ᠪᠠᠷ ᠨᠡᠩ ᠰᠢᠯᠢᠳᠡᠭᠵᠢᠭᠦᠯᠵᠦ ᠂ ᠪᠠᠶᠢᠭᠤᠯᠤᠮᠵᠢ ᠲᠣᠭᠲᠠᠴᠠ ᠶᠢᠨ ᠲᠠᠯ᠎ᠠ ᠪᠠᠷ ᠨᠡᠩ ᠲᠡᠭᠦᠯᠳᠡᠷᠵᠢᠭᠦᠯᠵᠦ ᠂ 

ᠠᠵᠢᠯᠯᠠᠭᠠᠨ ᠤ ᠬᠠᠮᠢᠶᠠᠷᠤᠯᠲᠠ ᠶᠢᠨ ᠲᠠᠯ᠎ᠠ ᠪᠠᠷ ᠨᠠᠩ ᠥᠨᠳᠥᠷ ᠪᠦᠲᠦᠮᠵᠢᠲᠡᠶ ᠪᠠᠶᠢᠯᠭᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃

      ᠪᠦᠭᠦᠳᠡ ᠬᠤᠷᠠᠯ ᠠᠴᠠ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠭᠦ

ᠲᠠᠯ᠎ᠠ ᠶᠢᠨ ᠥᠨᠳᠥᠷᠴᠡ ᠠᠴᠠ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠴᠢᠬᠤᠯᠠ ᠴᠢᠨᠠᠷ ᠪᠣᠯᠣᠨ ᠲᠤᠯᠭᠠᠮ ᠴᠢᠨᠠᠷ ᠢ ᠭᠦᠢᠴᠡᠳ

ᠲᠠᠨᠢᠵᠤ ᠂ ︽ ᠬᠤᠶᠠᠷ ᠢ ᠲᠣᠭᠲᠠᠭᠠᠭᠰᠠᠨ ︾  ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ ᠳᠥᠷᠪᠡᠨ ᠤᠬᠠᠮᠰᠠᠷ ︾ ᠢᠶᠠᠨ

ᠴᠢᠩᠭᠠᠳᠬᠠᠵᠤ ᠂ ︽ ᠳᠥᠷᠪᠡᠨ ᠢᠲᠡᠭᠡᠯ ︾  ᠢᠶᠠᠨ ᠪᠠᠲᠤᠳᠬᠠᠵᠤ ᠂ ︽ ᠬᠤᠶᠠᠷ ᠢ ᠬᠠᠮᠠᠭᠠᠯᠠᠬᠤ ︾  ᠶᠢ ᠪᠡᠶᠡᠯᠡᠭᠦᠯᠵᠦ ᠂ ᠤᠬᠠᠮᠰᠠᠷ ᠠᠴᠠ ᠪᠠᠨ ᠦᠵᠡᠯ ᠰᠠᠨᠠᠭ᠎ᠠ ᠪᠣᠯᠣᠨ

ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ ᠂ ᠨᠠᠮ ᠤᠨ ᠲᠥᠪ ᠬᠤᠷᠢᠶᠠᠨ ᠤ

ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠡᠷᠬᠡ ᠰᠦᠷᠲᠦ ᠴᠢᠨᠠᠷ ᠪᠣᠯᠣᠨ ᠲᠥᠪ ᠴᠢᠩᠭ᠎ᠠ ᠴᠢᠨᠠᠷ ᠢ ᠡᠷᠡᠰ ᠬᠠᠮᠠᠭᠠᠯᠠᠵᠤ ᠂ ᠥᠭᠡᠷᠡᠴᠢᠯᠡᠯᠲᠡ ᠶᠢᠨ ᠢᠲᠡᠭᠡᠯ

ᠵᠣᠷᠢᠭ ᠢᠶᠠᠨ ᠪᠠᠲᠤᠳᠬᠠᠵᠤ ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ ᠲᠡᠷᠡ ᠶᠣᠰᠣᠭᠠᠷ

 ᠨᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

      ᠪᠦᠭᠦᠳᠡ ᠬᠤᠷᠠᠯ ᠠᠴᠠ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠪᠣᠯ

ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠪᠦᠭᠦ ᠨᠠᠮ ᠤᠨ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠮᠥᠨ ᠂ ᠰᠤᠷᠤᠯᠴᠠᠵᠤ

ᠤᠬᠠᠭᠤᠯᠤᠨ ᠲᠤᠭᠤᠰᠢᠯᠠᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠃ ᠠᠴᠢᠶᠠᠯᠠᠪᠤᠷᠢ ᠶᠢ ᠪᠠᠶᠠᠯᠢᠭᠵᠢᠭᠤᠯᠤᠨ ᠂ ᠠᠷᠭ᠎ᠠ

ᠪᠠᠷᠢᠯ ᠤᠨ ᠲᠠᠯ᠎ᠠ ᠪᠠᠷ ᠰᠢᠨ᠎ᠡ ᠶᠢ ᠡᠭᠦᠳᠴᠦ ᠂ ᠠᠷᠠᠳ ᠤᠯᠠᠨ ᠤ ᠦᠵᠡᠵᠦ ᠰᠣᠨᠢᠷᠬᠠᠬᠤ ᠳᠤᠷᠠᠲᠠᠢ ᠭᠡᠯᠪᠡᠷᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ

ᠰᠠᠨᠠᠭ᠎ᠠ ᠶᠢ ᠪᠠᠶᠢᠭᠤᠯᠭ᠎ᠠ ᠳᠤ ᠣᠷᠣᠭᠤᠯᠬᠤ ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ ᠣᠷᠣᠭᠤᠯᠬᠤ ᠂ ᠬᠤᠳᠠ ᠬᠥᠳᠡᠭᠡ ᠨᠡᠶᠢᠭᠡᠮ ᠲᠣᠭᠤᠷᠢᠭ ᠲᠤ

ᠣᠷᠣᠭᠤᠯᠬᠤ ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠂ ᠴᠡᠷᠢᠭ ᠤᠨ ᠬᠤᠸᠠᠷᠠᠨ ᠳᠤ ᠣᠷᠣᠭᠤᠯᠬᠤ ᠂ ᠡᠯ᠎ᠡ ᠲᠦᠷᠦᠯ ᠤᠨ ᠰᠢᠨ᠎ᠡ ᠠᠵᠤ ᠠᠬᠤᠢ ᠶᠢᠨ

ᠵᠣᠬᠢᠶᠠᠨ ᠪᠠᠶᠢᠭᠤᠯᠤᠯᠲᠠ ᠪᠠ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠣᠷᠣᠭᠤᠯᠬᠤ ᠂ ᠰᠦᠯᠵᠢᠶᠡᠨ ᠤ ᠦᠷᠳᠡᠭᠡ ᠳᠤ ᠣᠷᠣᠭᠤᠯᠬᠤ ᠶᠢ ᠠᠬᠢᠭᠤᠯᠵᠤ ᠂ 

ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠥᠮᠥᠰ ᠤᠨ ᠰᠡᠳᠬᠢᠯ ᠳᠤ ᠦᠨᠡᠨ ᠬᠦ ᠬᠠᠳᠠᠩᠰᠢᠭᠤᠯᠬᠤ ᠬᠡᠷᠡᠭᠲᠡᠢ ᠃ ᠤᠳᠤᠷᠢᠳᠬᠤ ᠺᠠᠳ᠋ᠷᠴᠤᠳ

ᠦᠷᠭᠦᠯᠵᠢᠯᠡᠨ ᠪᠦᠭᠦ ᠲᠠᠯ᠎ᠠ ᠪᠠᠷ ᠰᠤᠷᠤᠯᠴᠠᠬᠤ ᠂ ᠪᠦᠭᠦ ᠲᠠᠯ᠎ᠠ ᠪᠠᠷ ᠡᠵᠡᠮᠰᠢᠬᠦ ᠂ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠲᠠᠯ᠎ᠠ ᠪᠠᠷ ᠦᠯᠢᠭᠡᠷ ᠳᠠᠭᠤᠷᠢᠶᠠᠯ ᠪᠣᠯᠵᠤ ᠂

 ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ ᠂ ᠰᠢ ᠶᠢᠨ ᠫᠢᠩ ᠤᠨ

ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠂ ᠠᠷᠭ᠎ᠠ ᠶᠢᠨ ᠣᠨᠣᠯ ᠪᠠ

ᠲᠡᠭᠦᠨ ᠤ ᠳᠤᠮᠳᠠ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠪᠣᠯᠪᠠᠰᠤᠷᠠᠩᠭᠤᠢ ᠡᠵᠡᠮᠰᠢᠵᠦ ᠂ ᠰᠢᠨ᠎ᠡ ᠴᠠᠭ ᠦᠶ᠎ᠡ ᠰᠢᠨ᠎ᠡ ᠠᠶᠠᠨ ᠳᠤ ᠨᠠᠮ

ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠬᠠᠷᠠᠯᠲᠠ ᠡᠭᠦᠷᠭᠡ ᠂ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠂ ᠴᠢᠬᠤᠯᠠ ᠶᠡᠭᠡ ᠠᠷᠭ᠎ᠠ

ᠬᠡᠮᠵᠢᠶ᠎ᠡ ᠶᠢ ᠪᠦᠬᠦᠯᠢ ᠴᠣᠭᠴᠠ ᠪᠠᠷ ᠨᠢ ᠡᠵᠡᠮᠳᠡᠵᠦ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠲᠥᠰᠥᠯ ᠂ ᠪᠣᠳᠠᠲᠠᠢ ᠠᠷᠭ᠎ᠠ ᠬᠡᠮᠵᠢᠶ᠎ᠡ ᠶᠢ ᠲᠤᠰ ᠭᠠᠵᠠᠷ

ᠣᠷᠣᠨ ᠲᠤᠰ ᠰᠠᠯᠠᠭ᠎ᠠ ᠮᠥᠴᠢᠷ ᠤᠨ ᠢᠶᠠᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ ᠰᠠᠶᠢᠲᠤᠷ ᠲᠣᠭᠲᠠᠭᠠᠵᠤ ᠂ ᠰᠠᠶᠢᠲᠤᠷ ᠬᠡᠷᠡᠭᠵᠢᠭᠦᠯᠵᠦ ᠂ ᠨᠠᠮ ᠤᠨ

ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠦᠵᠡᠪᠡ ᠃

      ᠪᠦᠭᠦᠳᠡ ᠬᠤᠷᠠᠯ ᠠᠴᠠ ᠂ ᠣᠳᠣᠬᠠᠨ ᠳᠤ ᠂ ᠳᠡᠯᠡᠬᠡᠢ ᠳ᠋ᠠᠬᠢᠨ ᠳᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ ᠬᠥᠭᠵᠢᠵᠦ ᠂ 

ᠳᠡᠯᠡᠬᠡᠢ ᠶᠢᠷᠲᠢᠨᠴᠦ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠵᠤ ᠂ ᠮᠠᠨ ᠤ ᠤᠯᠤᠰ ᠤᠨ ᠬᠥᠭᠵᠢᠯᠲᠡ ᠨᠢ ᠪᠠᠶᠢᠯᠳᠤᠬᠤ

ᠪᠣᠳᠣᠯᠭ᠎ᠠ ᠶᠢᠨ ᠠᠵᠠ ᠲᠣᠭᠢᠶᠠᠯ ᠪᠣᠯᠣᠨ ᠠᠶᠤᠯ ᠲᠦᠭᠰᠢᠭᠦᠷᠢ ᠥᠷᠢᠰᠦᠯᠳᠦᠭᠡᠨ ᠵᠡᠷᠭᠡ ᠪᠠᠷ ᠣᠷᠣᠰᠢᠵᠤ ᠂ ᠲᠤᠬᠳᠠᠭᠠᠯᠳᠤ ᠪᠤᠰᠤ ᠴᠢᠨᠠᠷ ᠵᠢᠱᠢᠬᠦᠶ᠎ᠡ ᠪᠡᠷᠬᠡ ᠬᠦᠴᠦᠨ

ᠵᠦᠢᠯ ᠨᠡᠮᠡᠭᠳᠡᠵᠦ ᠪᠠᠶᠢᠭ᠎ᠠ ᠬᠤᠭᠤᠴᠠᠭᠠᠨ ᠳᠤ ᠣᠷᠣᠵᠠᠢ ᠂ ᠡᠷᠬᠡᠪᠰᠢ ᠶᠡᠭᠡ ᠰᠠᠯᠬᠢ ᠰᠢᠷᠦᠭᠦᠨ ᠳᠠᠪᠠᠯᠭᠠᠨ ᠴᠢᠨᠠᠭᠰᠢᠯᠠᠪᠠᠯ ᠳᠣᠬᠰᠢᠨ ᠳᠠᠪᠠᠯᠭᠠᠨ ᠰᠢᠷᠦᠭᠦᠨ

ᠲᠤᠯᠭᠢᠯᠳᠠ ᠶᠢᠨ ᠬᠦᠨᠳᠦ ᠶᠡᠭᠡ ᠰᠢᠯᠭᠠᠯᠲᠠ ᠶᠢ ᠳᠤᠭᠤᠯᠬᠤ ᠪᠠᠷ ᠪᠡᠯᠡᠳᠬᠡᠬᠦ ᠬᠡᠷᠡᠭᠲᠡᠢ ᠃ ᠮᠠᠨ ᠤ ᠤᠯᠤᠰ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠮᠥᠨ

ᠯᠡ ᠴᠥᠭᠡᠨ ᠪᠤᠰᠤ ᠭᠦᠨ ᠳᠠᠪᠬᠤᠷᠭ᠎ᠠ ᠶᠢᠨ ᠵᠥᠷᠢᠴᠡᠯ ᠳᠤ ᠲᠤᠯᠭᠠᠷᠠᠵᠤ ᠂ ᠬᠡᠷᠡᠭᠴᠡᠭᠡ ᠪᠠᠭᠠᠰᠴᠤ ᠂ ᠬᠠᠩᠭᠠᠯᠭ᠎ᠠ ᠳᠠᠭᠠᠷᠢᠯᠲᠠ ᠳᠤ ᠤᠴᠠᠷᠠᠵᠤ ᠂ ᠵᠢᠱᠢᠯᠲᠡ ᠪᠠᠭᠤᠷᠠᠢ

ᠪᠣᠯᠤᠭᠰᠠᠨ ᠭᠤᠷᠪᠠᠨ ᠳᠠᠪᠬᠤᠷ ᠳᠠᠷᠤᠯᠲᠠ ᠮᠥᠨ ᠯᠡ ᠨᠡᠯᠢᠶᠡᠳ ᠶᠡᠭᠡ ᠪᠠᠶᠢᠵᠤ ᠂ ᠠᠵᠤ ᠠᠬᠤᠢ ᠶᠢᠨ ᠰᠡᠷᠭᠦᠯᠲᠡ ᠶᠢᠨ ᠰᠠᠭᠤᠷᠢ ᠬᠠᠷᠠᠬᠠᠨ ᠪᠠᠲᠤ ᠪᠠᠬᠢ ᠪᠢᠰᠢ

ᠪᠠᠶᠢᠵᠤ ᠂ ᠵᠢᠱᠢᠯᠲᠡ ᠠᠴᠠ ᠳᠠᠪᠠᠭᠰᠠᠨ ᠬᠦᠴᠦᠨ ᠵᠦᠢᠯ ᠨᠦᠭᠦᠳ ᠡᠭᠦᠰᠴᠦ ᠮᠡᠳᠡᠨ᠎ᠡ ᠃ ᠪᠦᠭᠦ ᠨᠠᠮ ᠤᠨ ᠨᠥᠬᠦᠳ ᠡᠷᠬᠡᠪᠰᠢ ᠢᠲᠡᠭᠡᠯ ᠵᠣᠷᠢᠭ ᠢᠶᠠᠨ ᠪᠠᠲᠤᠳᠬᠠᠨ ᠂ 

ᠪᠠᠶᠢᠯᠳᠤᠬᠤ ᠪᠣᠳᠣᠯᠭ᠎ᠠ ᠶᠢᠨ ᠰᠡᠷᠭᠡᠭ ᠪᠠᠶᠢᠳᠠᠯ ᠢᠶᠠᠨ ᠪᠠᠲᠤᠯᠠᠵᠤ ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠂ ︽ ᠭᠤᠷᠪᠠ ᠶᠢ ᠨᠡᠩ ᠰᠠᠶᠢᠨ ᠨᠢᠭᠡᠳᠦᠯᠲᠡᠢ

ᠲᠥᠯᠥᠪᠵᠢᠭᠦᠯᠬᠦ ︾  ᠶᠢ ᠪᠡᠶᠡᠯᠡᠭᠦᠯᠵᠦ ᠂ ᠡᠨᠡ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠢ ᠃ ᠰᠢᠨ᠎ᠡ ᠬᠥᠭᠵᠢᠯᠲᠡ ᠶᠢᠨ

ᠣᠶᠢᠯᠠᠭᠠᠭᠳᠠᠬᠤᠨ ᠢ ᠪᠦᠷᠢᠨ ᠪᠦᠲᠦᠨ ᠂ ᠵᠥᠪ ᠣᠨᠣᠪᠴᠢᠲᠠᠶ ᠂ ᠪᠦᠭᠦ ᠲᠠᠯ᠎ᠠ ᠪᠠᠷ ᠲᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ

ᠪᠠᠶᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ ᠃ ᠰᠢᠨ᠎ᠡ ᠱᠠᠲᠤᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ

ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠦ ᠂ ︽ ᠬᠥᠬᠡᠭᠴᠢᠨ

ᠲᠦᠷᠦᠯ ᠤᠨ ᠬᠥᠬᠡᠭᠴᠢᠨ ᠬᠠᠮᠢᠶᠠᠷᠤᠯᠲᠠ ︾ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠃ ᠳᠣᠲᠣᠭᠠᠳᠤ ᠬᠡᠷᠡᠭᠴᠡᠭᠡ ᠶᠢ

ᠴᠢᠷᠮᠠᠶᠢᠨ ᠥᠷᠭᠡᠳᠬᠡᠵᠦ ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠣᠯᠣᠨ ᠠᠮᠤᠷ ᠲᠦᠪᠰᠢᠨ ᠤ ᠲᠦᠪᠰᠢᠨ ᠢ ᠦᠨᠡᠨ

ᠬᠦ ᠳᠡᠭᠡᠭᠰᠢᠯᠡᠭᠦᠯᠵᠦ ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶᠢᠵᠢᠭᠰᠡᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠤᠯᠠᠮ ᠴᠢᠨᠠᠭᠰᠢᠳᠠ

ᠰᠢᠯᠢᠳᠡᠭᠵᠢᠭᠦᠯᠵᠦ ᠂ ᠠᠵᠤ ᠠᠬᠤᠢ ᠮᠥᠩᠭᠦᠨ ᠭᠦᠢᠯᠭᠡᠭᠡᠨ ᠤ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ ᠂ ᠰᠢᠰᠲ᠋ᠧᠮ ᠤᠨ

ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠯ᠎ᠡ

ᠵᠦᠢᠯ ᠤᠨ ᠠᠵᠢᠯ ᠢ ᠬᠦᠴᠦᠯᠡᠨ ᠴᠢᠩᠭᠠᠳᠬᠠᠵᠤ ᠂ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠲᠦᠷᠦ ᠶᠢᠨ ᠪᠣᠳᠣᠯᠭ᠎ᠠ ᠶᠢ ᠪᠣᠳᠠᠲᠠᠢ ᠨᠠᠷᠢᠯᠢᠭ

ᠨᠠᠶᠢᠳᠠᠪᠤᠷᠢᠵᠢᠭᠤᠯᠵᠤ ᠂ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠵᠤ ᠂ ᠨᠡᠶᠢᠭᠡᠮ ᠤᠨ ᠪᠠᠲᠤᠯᠠᠭ᠎ᠠ ᠶᠢᠨ ᠲᠣᠣᠷ ᠢ

ᠪᠠᠬᠢᠵᠢᠭᠦᠯᠵᠦ ᠂ ᠡᠮ ᠡᠮᠨᠡᠯᠭᠡ ᠡᠷᠡᠭᠦᠯ ᠬᠠᠮᠠᠭᠠᠯᠠᠯ ᠢᠯᠠᠩᠭᠤᠶ᠎ᠠ ᠬᠤᠳᠠ ᠬᠥᠳᠡᠭᠡ ᠶᠢᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠤᠯᠠᠨ

ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠵᠦ ᠂ ᠦᠷᠡᠵᠢᠯ ᠢ ᠳᠡᠮᠵᠢᠭᠦ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ ᠃ 

ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠵᠤ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ

ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠬᠡᠪᠴᠢᠶᠡᠵᠢᠯ ᠤᠨ ᠴᠢᠨᠠᠷᠲᠠᠢ ᠲᠠᠭᠢᠨ ᠶᠠᠳᠠᠭᠤᠷᠠᠬᠤ ᠶᠢ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ ᠃

      ᠪᠦᠭᠦᠳᠠ ᠬᠤᠷᠠᠯ ᠠᠴᠠ ᠂ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ ᠂ ᠨᠡᠶᠢᠭᠡᠮ ᠵᠢᠷᠤᠮᠲᠤ ᠣᠳᠣᠬᠢᠴᠢᠯᠠᠭᠰᠠᠨ

ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ ᠂ ᠨᠢᠭᠡ ᠪᠦᠯᠦᠭ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠂ ᠪᠦᠲᠦᠭᠡᠯᠴᠢ

ᠴᠢᠨᠠᠷᠲᠠᠢ ᠂ ᠬᠥᠲᠥᠯᠥᠨ ᠳᠠᠭᠠᠭᠤᠯᠬᠤ ᠴᠢᠨᠠᠷᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ ᠂ ᠥᠭᠡᠷᠡᠴᠢᠯᠡᠯᠲᠡ ᠶᠢᠨ ᠰᠢᠰᠲ᠋ᠧᠮ ᠤᠨ ᠬᠤᠷᠠᠮᠳᠤᠯ ᠂ 

ᠬᠠᠮᠵᠢᠯᠴᠠᠨ ᠥᠨᠳᠥᠷ ᠪᠦᠲᠦᠮᠵᠢᠲᠡᠢ ᠪᠠᠶᠢᠬᠤ ᠶᠢ ᠴᠢᠩᠭᠠᠳᠬᠠᠵᠤ ᠂ ᠴᠢᠬᠤᠯᠠ ᠬᠦᠷᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠳᠤ ᠰᠢᠨ᠎ᠡ ᠰᠢᠪᠲᠤᠯᠤᠯᠲᠠ

ᠭᠠᠷᠭᠠᠬᠤ ᠬᠡᠷᠡᠭᠲᠡᠢ ᠃ ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ ᠂ ᠳᠤᠮᠳᠠᠳᠤ ᠤᠯᠤᠰ ᠤᠨ

ᠣᠨᠴᠠᠯᠢᠭ ᠲᠠᠢ ᠣᠲᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠵᠦ ᠂ ᠣᠲᠣ ᠦᠶ᠎ᠡ ᠶᠢᠨ ᠮᠥᠩᠭᠦᠨ ᠭᠦᠢᠯᠭᠡᠭᠡᠨ ᠤ ᠬᠢᠨᠠᠯᠲᠠ

ᠬᠠᠮᠢᠶᠠᠷᠤᠯᠲᠠ ᠶᠢ ᠴᠢᠩᠭᠠᠳᠬᠠᠨ ᠲᠡᠭᠦᠯᠳᠡᠷᠵᠢᠭᠦᠯᠵᠦ ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ ᠂ ᠡᠯ᠎ᠡ ᠬᠦᠷᠢᠶᠡᠨ ᠤ

ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠲᠥᠰᠥᠪᠯᠡᠬᠦ ᠬᠡᠷᠡᠭᠲᠡᠢ ᠃ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠲᠣᠭᠲᠠᠴᠠ ᠶᠢ

ᠲᠡᠭᠦᠯᠳᠡᠷᠵᠢᠭᠦᠯᠬᠦ ᠶᠢ ᠴᠢᠬᠤᠯᠠᠴᠢᠯᠠᠵᠤ ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ

ᠠᠬᠢᠭᠤᠯᠵᠤ ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠥᠳᠡᠯᠭᠡᠭᠦ ᠬᠦᠴᠦᠨ ᠪᠠ ᠠᠮᠢᠵᠢᠷᠠᠯ ᠤᠨ ᠬᠦᠴᠦᠨ ᠢ ᠲᠠᠰᠤᠷᠠᠯᠲᠠ

ᠦᠭᠡᠢ ᠴᠢᠩᠭᠠᠳᠬᠠᠵᠤ ᠂ ᠮᠠᠨ ᠤ ᠤᠯᠤᠰ ᠤᠨ ᠪᠠᠶᠢᠭᠤᠯᠤᠯ ᠤᠨ ᠳᠠᠪᠠᠭᠤᠯᠢᠭ ᠢ ᠤᠯᠤᠰ ᠤᠨ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠨᠡᠩ ᠰᠠᠶᠢᠲᠤᠷ

ᠬᠤᠪᠢᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃

      ᠪᠦᠭᠦᠳᠡ ᠬᠤᠷᠠᠯ ᠠᠴᠠ ᠂ ᠨᠠᠮ ᠤᠨ ᠪᠠᠶᠢᠭᠤᠯᠤᠯᠲᠠ ᠶᠢᠨ ᠲᠤᠬᠠᠢ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ

ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠶᠡᠭᠡ ᠨᠠᠮ ᠤᠨ ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ ᠰᠡᠷᠭᠡᠭ

ᠪᠠᠶᠢᠳᠠᠯ ᠪᠣᠯᠣᠨ ᠡᠷᠡᠰ ᠪᠠᠲᠤ ᠪᠠᠶᠢᠳᠠᠯ ᠢᠶᠠᠨ ᠴᠠᠭ ᠢᠮᠠᠭᠲᠠ ᠪᠠᠲᠤᠯᠠᠵᠤ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠵᠦ ᠂ ᠨᠠᠮ ᠤᠨ

ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ ᠂ ᠨᠠᠮ ᠤᠨ ᠡᠯ᠎ᠡ ᠲᠠᠯ᠎ᠠ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ ᠂ 

ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠤᠨ ᠭᠦᠨᠵᠡᠭᠡᠶᠢᠷᠡᠨ ᠭᠦᠭᠵᠢᠭᠦ ᠶᠢ ᠠᠬᠢᠭᠤᠯᠬᠤ ᠬᠡᠷᠡᠭᠲᠡᠢ ᠃ ᠪᠦᠭᠦ

ᠨᠠᠮ ᠤᠨ ᠳᠣᠲᠣᠷ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ

ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠳᠤ ᠂ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ ᠂ ᠨᠠᠷᠢᠨ ᠨᠢᠮᠪᠠᠢ ᠵᠣᠬᠢᠶᠠᠨ

ᠪᠠᠶᠢᠭᠤᠯᠵᠤ ᠂ ᠤᠨᠤᠯ ᠤᠨ ᠰᠤᠷᠤᠯᠴᠠᠯᠭ᠎ᠠ ᠪᠠ ᠠᠰᠢᠭᠯᠠᠯᠲᠠ ᠶᠢ ᠴᠢᠩᠭᠠᠳᠬᠠᠵᠤ ᠂ ᠦᠨᠡᠨ ᠪᠣᠳᠠᠲᠠᠢ ᠦᠷ᠎ᠡ ᠪᠦᠲᠦᠮᠵᠢ ᠣᠯᠬᠤ ᠬᠡᠷᠡᠭᠲᠡᠢ ᠃ ᠬᠤᠭᠤᠴᠠᠭ᠎ᠠ

ᠰᠣᠯᠢᠭᠰᠠᠨ ᠤ ᠳᠠᠷᠠᠭᠠᠬᠢ ᠤᠳᠤᠷᠢᠳᠬᠤ ᠪᠠᠭ ᠤᠨ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ ᠂ ᠠᠷᠠᠳᠴᠢᠯᠠᠯ ᠲᠥᠪᠯᠡᠷᠡᠯ ᠤᠨ

ᠶᠣᠰᠣ ᠶᠢ ᠴᠢᠩᠭ᠎ᠠ ᠬᠡᠷᠡᠭᠵᠢᠭᠦᠯᠵᠦ ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠤᠯᠭᠠᠵᠤ ᠂ ᠪᠦᠯᠬᠦᠮᠳᠡᠨ ᠬᠠᠮᠵᠢᠯᠴᠠᠭᠰᠠᠨ ᠂ 

ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠭᠰᠡᠨ ᠂ ᠴᠢᠳᠠᠮᠠᠭᠠᠢ ᠠᠵᠢᠯᠯᠠᠵᠤ ᠠᠮᠵᠢᠯᠲᠠ ᠣᠯᠬᠤ ᠠᠮᠢᠳᠤᠯᠢᠭ ᠪᠠᠶᠢᠳᠠᠯ ᠢ ᠪᠦᠷᠢᠯᠳᠦᠭᠦᠯᠬᠦ ᠬᠡᠷᠡᠭᠲᠡᠢ ᠃ ᠴᠢᠩᠭ᠎ᠠ ᠪᠠᠶᠢᠬᠤ

ᠭᠦᠭ ᠠᠶᠠᠰ ᠢᠶᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠡᠷᠴᠢᠮᠵᠢᠭᠦᠯᠵᠦ ᠂ ᠦᠷᠭᠦᠯᠵᠢᠯᠡᠨ ︽ ᠲᠦᠷᠪᠡᠨ ᠰᠤᠷᠲᠠᠯ ︾  ᠢ ᠭᠦᠨᠵᠡᠭᠡᠶᠢᠷᠡᠭᠦᠯᠦᠨ

ᠵᠠᠰᠠᠵᠤ ᠂ ᠪᠠᠶᠢᠴᠠᠭᠠᠨ ᠰᠤᠳᠤᠯᠬᠤ ᠰᠤᠷᠲᠠᠯ ᠢ ᠶᠡᠭᠡ ᠪᠠᠷ ᠪᠠᠳᠠᠷᠠᠭᠤᠯᠵᠤ ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ ᠂ ᠦᠨᠡᠨ ᠬᠦ ᠠᠳᠬᠤᠵᠤ ᠪᠣᠳᠠᠲᠠᠢ

ᠠᠵᠢᠯᠯᠠᠬᠤ ᠰᠤᠷᠲᠠᠯ ᠢ ᠶᠡᠭᠡ ᠪᠠᠷ ᠪᠠᠳᠠᠷᠠᠭᠤᠯᠵᠤ ᠂ ᠲᠡᠦᠬᠡ ᠪᠠ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ ᠳᠡᠶᠢᠯᠭᠦ ᠪᠣᠳᠠᠲᠠᠢ ᠠᠮᠵᠢᠯᠲᠠ ᠪᠦᠲᠦᠮᠵᠢ ᠭᠠᠷᠭᠠᠬᠤ

ᠬᠡᠷᠡᠭᠲᠡᠢ ᠃ ᠢᠯᠵᠠᠷᠠᠬᠤ ᠠᠴᠠ ᠵᠢᠷᠦᠬᠡᠰᠢᠶᠡᠬᠦ ᠂ ᠢᠯᠵᠠᠷᠠᠵᠤ ᠪᠤᠯᠬᠤ ᠦᠭᠡᠢ ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ ᠂ 

ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠤ ᠢᠯᠠᠯᠲᠠ ᠶᠢ ᠡᠷᠡᠰ ᠣᠯᠬᠤ ᠬᠡᠷᠡᠭᠲᠡᠢ

ᠭᠡᠵᠦ ᠴᠢᠬᠤᠯᠠᠴᠢᠯᠠᠪᠠ ᠃

      ᠪᠦᠭᠦᠳᠠ ᠬᠤᠷᠠᠯ ᠠᠴᠠ ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ

ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ

ᠲᠤᠭ ᠢ ᠥᠨᠳᠥᠷ ᠮᠠᠨᠳᠤᠭᠤᠯᠵᠤ ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ ᠂ ︽ ᠭᠤᠷᠪᠠᠨ ᠡᠷᠬᠡᠪᠰᠢ ︾  ᠶᠢ ᠪᠠᠲᠤ ᠴᠡᠭᠡᠵᠢᠯᠡᠵᠦ ᠂ 

ᠢᠲᠡᠭᠡᠯ ᠲᠡᠭᠦᠯᠳᠡᠷ ᠢᠶᠠᠷ ᠥᠪᠡᠷ ᠢ ᠪᠠᠨ ᠬᠦᠴᠦᠷᠬᠡᠭᠵᠢᠭᠦᠯᠵᠦ ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ ᠂ ᠡᠷᠡᠮᠡᠬᠡᠶᠢᠯᠡᠨ ᠤᠷᠤᠭᠰᠢᠯᠠᠵᠤ ᠂ 

ᠬᠠᠲᠠᠭᠤᠵᠢᠯᠲᠠᠢ ᠲᠡᠮᠡᠴᠡᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ ᠂ 

ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠲᠥᠯᠥᠭᠡ ᠬᠠᠮᠲᠤ ᠪᠠᠷ ᠲᠡᠮᠡᠴᠡᠰᠦᠭᠡᠢ ᠭᠡᠵᠦ ᠤᠷᠢᠶᠠᠯᠠᠪᠠ ᠃

 

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ