​ᠬᠤᠲᠠ ᠶᠢᠨ ᠵᠠᠰᠠᠭ ᠤᠨ ᠣᠷᠳᠣᠨ ᠬᠤᠷᠠᠯ ᠬᠤᠷᠠᠯᠳᠤᠭᠤᠯᠵᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/3/2
        ᠤᠶᠢᠷ᠎ᠠ ᠶᠢᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠳ᠋ᠦ᠋ ᠬᠤᠢ ᠯᠢᠶᠠᠩ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠥᠷ ᠮᠣᠩᠭᠤᠯ ᠤᠨ ᠠᠯᠠᠱᠠ ᠵᠡᠭᠦᠨ ᠬᠤᠰᠢᠭᠤᠨ ᠤ ᠨᠢᠭᠡᠨ ᠵᠠᠳᠠᠭᠠᠢ ᠨᠡᠭᠦᠷᠡᠰᠦᠨ ᠠᠭᠤᠷᠬᠠᠢ ᠶᠢᠨ ᠶᠡᠬᠦᠷᠡᠭᠰᠡᠨ ᠡ᠊ᠨᠳᠡᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠢ ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠦᠨ ᠱᠤᠤ ᠴᠧᠩ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠬᠤᠳᠠ ᠶᠢᠨ ᠠᠶᠤᠯ ᠦᠬᠡᠢ ᠦᠢᠯᠡᠳᠪᠦᠷᠢᠯᠡᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃          ᠳ᠋ᠦ᠋ ᠬᠤᠢ ᠯᠢᠶᠠᠩ᠂ ᠠᠯᠠᠱᠠ ᠠᠶᠢᠮᠠᠭ ᠤᠨ ᠵᠠᠳᠠᠭᠠᠢ ᠨᠡᠭᠦᠷᠡᠰᠦᠨ ᠠᠭᠤᠷᠬᠠᠢ ᠶᠢᠨ ᠶᠡᠬᠦᠷᠡᠭᠰᠡᠨ ᠡ᠊ᠨᠳᠡᠯ ᠤᠨ ᠪᠠᠶᠢᠳᠠᠯ ᠬᠦᠨᠳᠦ ᠨᠣᠴᠢᠲᠠᠢ ᠪᠠᠶᠢᠨ᠎ᠠ᠂ ᠭᠦᠨᠵᠡᠭᠡᠢ ᠰᠤᠷᠭᠠᠮᠵᠢ ᠠᠪᠴᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠠᠵᠤ ᠠᠬᠤᠶᠢᠯᠠᠯ ᠳᠤ ᠠᠩᠬᠠᠷᠤᠯ ᠢᠶᠠᠨ ᠲᠥᠪᠯᠡᠷᠡᠭᠦᠯᠤᠨ᠂ ᠠᠶᠤᠯ ᠦᠬᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢ ᠳᠠᠷᠦ᠋ᠢᠬᠠᠨ ᠥᠷᠨᠢᠭᠦᠯᠬᠦ ᠬᠡᠷᠡᠭᠲᠡᠢ᠃ ᠠᠰᠠᠭᠤᠳᠠᠯ ᠢ ᠠᠩᠬᠠᠷᠴᠤ ᠪᠦᠬᠦ ᠬᠦᠴᠦᠨ ᠢᠶᠠᠷ ᠢᠶᠠᠨ ᠬᠠᠯᠠᠨ ᠰᠠᠶᠢᠵᠢᠷᠠᠭᠤᠯᠵᠤ᠂ ᠠᠰᠠᠭᠤᠳᠠᠯ ᠤᠨ ᠨᠠᠷᠢᠨ ᠳᠠᠩᠰᠠ ᠪᠣᠯᠤᠨ ᠬᠠᠯᠠᠨ ᠰᠠᠶᠢᠵᠢᠷᠠᠭᠤᠯᠬᠤ ᠳᠠᠩᠰᠠ ᠶᠢ ᠭᠠᠷᠭᠠᠵᠤ᠂ ᠬᠠᠯᠠᠨ ᠰᠠᠶᠢᠵᠢᠷᠠᠭᠤᠯᠬᠤ ᠬᠤᠭᠤᠴᠠᠭ᠎ᠠ᠂ ᠬᠠᠯᠠᠨ ᠰᠠᠶᠢᠵᠢᠷᠠᠭᠤᠯᠬᠤ ᠱᠠᠭᠠᠷᠳᠠᠯᠭ᠎ᠠ ᠶᠢ ᠲᠣᠳᠣᠷᠬᠠᠶᠢᠯᠠᠨ᠂ ᠵᠤᠷᠪᠤᠰ ᠳᠠᠷᠠᠭᠠᠯᠠᠨ ᠬᠠᠯᠠᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠬᠡᠷᠡᠭᠲᠡᠢ᠂ ᠨᠡᠭᠦᠷᠡᠰᠦᠨ ᠠᠭᠤᠷᠬᠠᠢ ᠶᠢ ᠶᠠᠭᠠᠬᠢᠭᠰᠠᠨ ᠴᠤ ᠠᠰᠠᠭᠤᠳᠠᠯ ᠲᠠᠢ ᠪᠠᠷ ᠦᠢᠯᠡᠳᠪᠦᠷᠢᠯᠡᠯ ᠬᠢᠯᠭᠡᠵᠦ ᠪᠣᠯᠬᠤ ᠦᠭᠡᠢ᠃ ︽ᠨᠠᠮ ᠵᠠᠰᠠᠭ ᠠᠳᠠᠯᠢᠬᠠᠨ ᠬᠠᠷᠢᠭᠤᠴᠠᠯᠭ᠎ᠠ ᠲᠠᠢ ᠪᠠᠶᠢᠬᠤ︾ ᠪᠠ ︽ᠭᠤᠷᠪᠠᠨ ᠡᠷᠬᠡᠪᠰᠢ︾ ᠶᠢᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠪᠠᠷ ᠨᠠᠶᠢᠳᠠᠪᠤᠷᠢᠵᠢᠭᠤᠯᠵᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠤ ᠠᠶᠤᠯ ᠦᠬᠡᠢ ᠦᠢᠯᠡᠳᠪᠦᠷᠢᠯᠡᠯ ᠤᠨ ᠠᠵᠢᠯ ᠢ ᠭᠦᠨᠵᠡᠭᠡᠢ ᠰᠠᠶᠢᠲᠤᠷ ᠠᠳᠬᠤᠵᠤ᠂ ᠪᠦᠬᠦ ᠬᠤᠳᠠ ᠶᠢᠨ ᠠᠶᠤᠯ ᠦᠬᠡᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠬᠤ ᠬᠡᠷᠡᠭᠲᠡᠢ ᠬᠡᠪᠡ᠃         ᠬᠤᠲᠠ ᠶᠢᠨ ᠤᠳᠤᠷᠢᠳᠤᠯᠭ᠎ᠠ ᠰᠤ᠋ ᠼᠦᠢ ᠹᠠᠩ᠂ ᠵᠢᠶᠠᠩ ᠪᠥᠸᠧ᠂ ᠡᠷᠳᠡᠨᠢᠪᠢᠯᠢᠭ᠂ ᠵᠢᠷᠦᠮᠲᠦ ᠬᠤᠷᠠᠯ ᠳᠤ ᠣᠷᠣᠯᠴᠠᠪᠠ᠃ 
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ