ᠪᠦᠭᠦ ᠬᠤᠲᠠ ᠶᠢᠨ ᠠᠶᠤᠯ ᠥᠬᠡᠢ ᠦᠢᠯᠡᠳᠪᠦᠷᠢᠯᠡᠯ ᠤᠨ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠵᠢᠴᠢ ᠠᠶᠤᠯ ᠥᠬᠡᠢ ᠦᠢᠯᠡᠳᠪᠦᠷᠢᠯᠡᠯ ᠤᠨ ᠵᠥᠪᠯᠡᠯ ᠤᠨ ᠠᠩᠬᠠᠳᠤᠭᠠᠷ ᠪᠦᠭᠦᠳᠡ ᠬᠤᠷᠠᠯ ᠬᠤᠷᠠᠯᠳᠤᠪᠠ    ᠮᠠᠨ ᠤ ᠬᠤᠰᠢᠭᠤ ᠬᠤᠪᠢᠶᠠᠷᠢ ᠬᠤᠷᠠᠯ ᠤᠨ ᠲᠠᠯᠠᠪᠠᠢ ᠳᠤᠬᠢᠷᠠᠭᠤᠯᠪᠠ
ᠨᠡᠶᠢᠲᠡᠯᠡᠭᠰᠡᠨ ᠴᠠᠭ᠄
2023/3/2
      ᠤᠶᠢᠷ᠎ᠡ ᠶᠢᠨ ᠡᠳᠤᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠪᠦᠬᠦ ᠬᠤᠲᠠ ᠶᠢᠨ ᠠᠶᠤᠯ ᠥᠭᠡᠶ ᠦᠢᠯᠡᠳᠪᠦᠷᠢᠯᠡᠯ ᠤᠨ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠵᠢᠴᠢ ᠠᠶᠤᠯ ᠦᠭᠡᠶ ᠦᠢᠯᠡᠳᠪᠦᠷᠢᠯᠡᠯ ᠤᠨ ᠵᠥᠪᠯᠡᠯ ᠤᠨ ᠠᠩᠬᠠᠳᠤᠭᠠᠷ ᠪᠥᠬᠦᠳᠡ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯ ᠥᠬᠡᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠥ᠂ ᠪᠦᠬᠦ ᠣᠷᠣᠨ ᠤ ᠠᠶᠤᠯ ᠥᠭᠡᠢ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠵᠥ᠂ ᠠᠯᠠᠱᠠ ᠠᠶᠢᠮᠠᠭ ᠤᠨ ᠵᠠᠳᠠᠭᠠᠢ ᠨᠡᠭᠦᠷᠡᠰᠦᠨ ᠠᠭᠤᠷᠬᠠᠢ ᠶᠢᠨ ᠶᠡᠬᠦᠷᠡᠭᠰᠡᠨ ᠡ᠊ᠡᠳᠡᠯ ᠤᠨ ᠰᠤᠷᠭᠠᠮᠵᠢ ᠶᠢ ᠭᠦᠨᠵᠡᠭᠡᠢ ᠬᠦᠯᠢᠶᠡᠨ ᠠᠪᠴᠤ᠂ ᠪᠦᠬᠦ ᠬᠤᠳᠠ ᠶᠢᠨ ᠠᠶᠤᠯ ᠥᠬᠡᠢ ᠦᠢᠯᠡᠳᠪᠦᠷᠢᠯᠡᠯ ᠤᠨ ᠠᠵᠢᠯ ᠢ ᠵᠠᠷᠯᠠᠨ ᠮᠡᠳᠡᠭᠳᠡᠵᠦ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃        ᠳ᠋ᠦ᠋ ᠬᠤᠢ ᠯᠢᠶᠠᠩ᠂ ᠠᠶᠤᠯ ᠥᠬᠡᠢ ᠦᠢᠯᠡᠳᠪᠦᠷᠢᠯᠡᠯ ᠤᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ︽ ᠠᠮᠢ ᠨᠠᠰᠤ ᠶᠢ ᠳᠡᠭᠡᠳᠦᠯᠡᠵᠦ᠂ ᠠᠶᠤᠯ ᠦᠭᠡᠢ ᠶᠢ ᠲᠡᠷᠢᠭᠦᠨ ᠳᠤ ᠲᠠᠯᠪᠢᠬᠤ︾ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠨᠡᠩ ᠶᠡᠭᠡ ᠬᠦᠴᠦ ᠣᠷᠣᠭᠤᠯᠵᠤ ᠪᠠᠶᠢᠭᠠᠳ ᠨᠡᠭᠦᠷᠡᠰᠦᠨ ᠠᠭᠤᠷᠬᠠᠢ ᠂ ᠠᠶᠤᠯ ᠲᠠᠢ ᠬᠢᠮᠢ ᠶᠢᠨ ᠪᠣᠳᠠᠰ᠂ ᠨᠡᠭᠦᠷᠡᠰᠦᠨ ᠤ ᠪᠤᠰᠤ ᠠᠭᠤᠷᠬᠠᠢ ᠵᠡᠷᠭᠡ ᠶᠢᠰᠤᠨ ᠲᠠᠯ᠎ᠠ ᠶᠢᠨ ᠠᠮᠤᠷ ᠲᠦᠪᠰᠢᠨ ᠤ ᠠᠵᠢᠯ ᠢ ᠰᠠᠶᠢᠲᠤᠷ ᠠᠳᠬᠤᠵᠤ᠂ ᠠᠶᠤᠯ ᠥᠬᠡᠢ ᠦᠢᠯᠡᠳᠪᠦᠷᠢᠯᠡᠯ ᠤᠨ ᠡ᠊ᠨᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠳᠠᠯᠳᠠ ᠭᠡᠮ ᠢ ᠵᠠᠰᠠᠬᠤ ᠶᠢ ᠴᠢᠩᠭᠠᠳᠬᠠᠨ᠂ ᠳᠠᠯᠳᠠ ᠭᠡᠮ ᠢ ᠪᠠᠶᠢᠴᠠᠭᠠᠬᠤ ᠶᠢ ᠪᠦᠬᠦᠨ ᠢ ᠪᠦᠷᠬᠦᠭᠦᠯᠬᠦ᠂ ᠵᠠᠰᠠᠵᠤ ᠬᠠᠯᠨᠨ ᠰᠠᠶᠢᠵᠢᠷᠠᠭᠤᠯᠬᠤ ᠶᠢ ᠪᠦᠬᠦᠨ ᠢ ᠪᠢᠳᠡᠬᠦᠮᠵᠢᠯᠡᠨ ᠬᠠᠮᠢᠶᠠᠷᠬᠤ᠂ ᠵᠠᠩᠭᠢᠯᠠᠭ᠎ᠠ ᠶᠢᠨ ᠬᠥᠮᠦᠰ ᠢ ᠪᠦᠬᠦᠨ ᠢ ᠠᠵᠢᠯ ᠤᠨ ᠪᠠᠶᠢᠷᠢᠨ ᠳᠤ ᠪᠠᠶᠢᠯᠭᠠᠬᠤ ᠶᠢ ᠪᠠᠷᠢᠮᠲᠠᠯᠠᠵᠤ᠂ ᠨᠢᠬᠡ ᠶᠢ ᠴᠤ ᠣᠷᠬᠢᠭᠳᠠᠭᠤᠯᠬᠤ ᠦᠭᠡᠢ ᠪᠠᠶᠢᠵᠤ᠂ ᠦᠨᠡᠨ ᠬᠦ ᠪᠠᠶᠢᠴᠠᠭᠠᠵᠤ ᠪᠣᠳᠠᠲᠠᠢ ᠥᠭᠡᠷᠡᠴᠢᠯᠡᠬᠦ ᠶᠢ ᠪᠡᠶᠡᠯᠡᠭᠦᠯᠬᠦ ᠬᠡᠷᠡᠭᠲᠡᠢ᠃ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠨ᠂ ᠤᠷᠢᠳᠴᠢᠯᠠᠨ ᠰᠡᠷᠭᠡᠶᠢᠯᠡᠬᠦ ᠲᠣᠭᠲᠠᠴᠠ ᠶᠢ ᠪᠦᠷᠢᠨᠰᠢᠬᠦᠯᠵᠦ᠂ ᠳᠤᠲᠠᠭᠤᠳᠠᠯ ᠢᠶᠠᠨ ᠴᠠᠭ ᠲᠤᠬᠠᠢ ᠳᠤᠨᠢ ᠨᠥᠬᠦᠪᠥᠷᠢᠯᠡᠵᠦ᠂ ᠭᠠᠮᠰᠢᠭ ᠤᠨ ᠠᠶᠤᠯ ᠲᠦᠭᠰᠢᠭᠦᠷᠢ ᠶᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠠᠰᠬᠠᠬᠤ ᠪᠠᠷ ᠴᠢᠷᠮᠠᠶᠢᠬᠤ ᠬᠡᠷᠡᠭᠲᠡᠢ᠃ ᠬᠠᠤᠯᠢ ᠶᠣᠰᠣᠭᠠᠷ ᠵᠠᠰᠠᠬᠤ ᠶᠢ ᠴᠢᠩᠭᠠᠳᠬᠠᠵᠤ᠂ ᠠᠶᠤᠯ ᠥᠬᠡᠢ ᠦᠢᠯᠡᠳᠪᠦᠷᠢᠯᠡᠯ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠤᠨ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠵᠦ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠠᠶᠤᠯ ᠥᠬᠡᠢ ᠦᠢᠯᠡᠳᠪᠦᠷᠢᠯᠡᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠡᠷᠡᠰ ᠴᠣᠬᠢᠯᠲᠠ ᠥᠭᠬᠦ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠵᠠᠰᠠᠬᠤ ᠶᠢ ᠴᠢᠩᠭᠠᠳᠬᠠᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠤᠯᠭᠤᠭᠰᠠᠨ ᠠᠮᠤᠷ ᠲᠦᠪᠰᠢᠨ ᠤ ᠬᠠᠮᠢᠶᠠᠷᠤᠯᠲᠠ ᠶᠢᠨ ᠳᠤᠬᠳᠠᠯᠴᠠᠭᠠᠨ ᠤ ᠪᠠᠶᠢᠭᠤᠯᠤᠯᠲᠠ ᠶᠢ ᠡᠷᠴᠢᠮᠵᠢᠬᠦᠯᠵᠤ᠂ ᠵᠠᠩᠭᠢᠯᠠᠭ᠎ᠠ ᠶᠢᠨ ᠭᠤᠣᠯᠯᠠᠭᠤ ᠮᠡᠷᠭᠡᠵᠢᠯ ᠤᠨ ᠪᠣᠭᠤᠮᠲᠠ ᠰᠢᠪᠲᠤᠯᠬᠤ ᠪᠠ ᠠᠵᠤ ᠠᠬᠤᠶᠢᠯᠠᠯ ᠤᠨ ᠠᠮᠤᠷ ᠲᠦᠪᠰᠢᠨ ᠤ ᠮᠡᠷᠭᠡᠵᠢᠯ ᠤᠨ ᠥᠭᠡᠷᠡᠴᠢᠯᠡᠯᠲᠡ ᠶᠢ ᠴᠢᠩᠭᠠᠳᠬᠠᠵᠤ᠂ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠵᠠᠢ᠃           ᠳ᠋ᠦ᠋ ᠬᠤᠢ ᠯᠢᠶᠠᠩ᠂ ᠣᠷᠣᠨ ᠨᠤᠲᠤᠭ ᠤᠨ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠣᠯᠤᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠠᠲᠤᠳᠬᠠᠨ᠂ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠣᠳᠣᠬᠠᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠵᠡᠷᠭᠡ ᠠᠵᠢᠯ ᠢ ᠰᠠᠶᠢᠲᠤᠷ ᠠᠳᠬᠤᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠤᠨ᠂ ᠠᠮᠤᠷ ᠲᠦᠪᠰᠢᠨ ᠲᠣᠭᠲᠠᠭᠤᠨ ᠣᠷᠴᠢᠨ ᠠᠬᠤᠢ ᠪᠠᠷ ᠪᠦᠬᠦ ᠤᠯᠤᠰ ᠤᠨ ᠬᠤᠶᠠᠷ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠱᠠᠭᠠᠷᠳᠠᠪᠠ᠃          ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠰᠤ᠋ ᠼᠦᠢ ᠹᠠᠩ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠬᠤᠲᠠ ᠶᠢᠨ ᠤᠳᠤᠷᠢᠳᠤᠯᠭ᠎ᠠ ᠵᠢᠶᠠᠩ ᠪᠥᠸᠧ᠂ ᠵᠢᠷᠭᠠᠯᠳᠤ ᠬᠤᠷᠠᠯ ᠳᠤ ᠣᠷᠣᠯᠴᠠᠪᠠ᠃         ᠬᠤᠷᠠᠯ ᠢ ᠸᠢᠳᠢᠣ᠋ ᠬᠤᠷᠠᠯ ᠤᠨ ᠬᠡᠯᠪᠡᠷᠢ ᠪᠠᠷ ᠡᠯ᠎ᠡ ᠬᠤᠰᠢᠭᠤ ᠲᠣᠭᠤᠷᠢᠭ ᠲᠤ ᠬᠦᠷᠳᠡᠯ᠎ᠠ ᠬᠤᠷᠠᠯᠳᠤᠭᠤᠯᠵᠦ᠂ ᠡᠯ᠎ᠡ ᠬᠤᠰᠢᠭᠤ ᠲᠤᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠳᠤᠬᠢᠷᠠᠭᠤᠯᠪᠠ᠃ ᠸᠠᠩ ᠰᠢᠶᠤᠤ ᠫᠢᠩ᠂ ᠱᠠᠩ ᠵᠧᠨ ᠹᠸᠢ᠂ ᠶᠠᠨ ᠰᠢᠦᠸᠧᠢ ᠵᠢᠶᠦ᠋ᠨ᠂ ᠪᠠᠢ ᠰᠢᠶᠤᠤ ᠶᠠᠨ᠂ ᠯᠢ ᠫᠸᠡᠩ ᠵᠢᠴᠢ ᠬᠤᠲᠠ ᠶᠢᠨ ᠠᠶᠤᠯ ᠥᠭᠡᠶ ᠦᠢᠯᠡᠳᠪᠦᠷᠢᠯᠡᠯ ᠤᠨ ᠭᠤᠷᠪᠠᠳᠤᠭᠠᠷ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ  ᠬᠤᠯᠪᠤᠭᠳᠠᠯ ᠪᠦᠬᠦᠢ ᠬᠠᠷᠢᠭᠤᠴᠠᠯᠭᠠᠳᠠᠨ᠂ ᠡᠯ᠎ᠡ ᠰᠤᠮᠤ ᠪᠠᠯᠭᠠᠰᠤ ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠰᠢᠭᠤᠨ ᠤ ᠬᠤᠲᠠ ᠶᠢᠨ ᠠᠶᠤᠯ ᠥᠭᠡᠶ ᠦᠢᠯᠡᠳᠪᠦᠷᠢᠯᠡᠯ ᠤᠨ ᠪᠦᠷᠢᠯᠳᠦᠭᠦᠨ ᠨᠢᠭᠡᠴᠢ᠂  ᠭᠡᠰᠡᠭ ᠬᠤᠰᠢᠭᠤᠨ ᠤ ᠰᠢᠭᠤᠳ ᠬᠠᠷᠢᠶ᠎ᠠ ᠤᠯᠤᠰ ᠤᠨ ᠦᠮᠴᠢᠯᠡᠯᠳᠦ ᠠᠵᠦ ᠠᠬᠤᠶᠢᠯᠠᠯ ᠵᠡᠷᠭᠡ ᠪᠠᠶᠢᠭᠤᠯᠭ᠎ᠠ ᠨᠢᠭᠡᠴᠢ ᠶᠢᠨ ᠬᠤᠯᠪᠤᠭᠳᠠᠯ ᠪᠦᠬᠦᠢ ᠬᠠᠷᠢᠭᠤᠴᠠᠯᠭᠠᠳᠠᠳ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠠ᠃   
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ