ᠣᠷᠳᠣᠰ ᠬᠤᠲᠠ ᠶᠢᠨ ᠲᠥᠯᠥᠭᠡᠯᠡᠭᠴᠢᠳ ᠤᠨ ᠪᠦᠯᠬᠦᠮ ᠬᠥᠬᠡᠮᠥ᠋ᠷᠡᠨ ᠤ ᠭᠤᠷᠪᠠᠯᠵᠢᠨ ᠬᠤᠶᠢᠭ ᠳ᠋ᠠ ᠸᠠᠨ ᠲᠣᠭᠤᠷᠢᠭ ᠤᠨ ᠲᠣᠯᠣᠭᠠᠶᠢᠯᠠᠬᠤ ᠠᠵᠤ ᠠᠬᠤᠶᠢᠯᠠᠯ ᠤᠨ ᠬᠢᠨ ᠳᠤ ᠠᠶᠢᠯᠴᠢᠯᠠᠪᠠ
ᠨᠡᠶᠢᠲᠡᠯᠡᠭᠰᠡᠨ ᠴᠠᠭ᠄
2023/3/2
      ᠥᠢᠷ᠎ᠠ ᠶᠢᠨ ᠡᠳᠤᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠪᠦᠯᠬᠦᠮ ᠳᠠᠭᠠᠭᠤᠯᠤᠨ ᠬᠥᠬᠡᠮᠥ᠋ᠷᠡᠨ ᠤ ᠭᠤᠷᠪᠠᠯᠵᠢᠨ ᠬᠤᠶᠢᠭ᠂ ᠳ᠋ᠠ ᠸᠠᠨ ᠲᠣᠭᠤᠷᠢᠭ ᠤᠨ ᠲᠤᠯᠤᠭᠠᠶᠢᠯᠠᠬᠤ ᠠᠵᠤ ᠠᠬᠤᠶᠢᠯᠠᠯ ᠤᠨ ᠬᠢᠨ ᠳᠤ ᠠᠶᠢᠯᠴᠢᠯᠠᠵᠤ᠂ ᠤᠷᠢᠳ ᠬᠤᠵᠢᠳ ᠬᠤᠸᠠ ᠵᠢᠦ ᠺᠤᠪᠠᠯᠲ ᠤᠨ ᠦᠢᠯᠡᠰ ᠤᠨ ᠬᠤᠪᠢ ᠣᠷᠣᠭᠤᠯᠤᠬᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢ ᠶᠢᠨ ᠳᠠᠷᠤᠭ᠎ᠠ ᠴᠧᠨ ᠰᠢᠤᠸᠠᠢ ᠬᠤᠸᠠ᠂ ᠵᠧᠵᠢᠶᠠᠩ ᠤᠨ ᠴᠢᠩᠬᠤᠸᠠ ᠶᠢᠨ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠰᠤᠳᠤᠯᠭᠠᠨ ᠤ ᠬᠦᠷᠢᠶᠡᠯᠡᠩ ᠤᠨ ᠨᠠᠮ ᠤᠨ ᠬᠤᠷᠢᠶᠠᠨ ᠤ ᠱᠦᠵᠢ ᠂ ᠬᠦᠷᠢᠶᠡᠯᠡᠩ ᠤᠨ ᠳᠠᠷᠤᠭ᠎ᠠ ᠬᠤᠸᠠᠩ ᠺᠠᠢ ᠱᠧᠩ᠂ ᠪᠢ ᠶᠠ ᠳᠢ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢ ᠶᠢᠨ ᠳᠠᠷᠤᠭ᠎ᠠ᠂ ᠶᠡᠷᠦᠩᠭᠡᠢ ᠵᠠᠬᠢᠷᠤᠯ ᠸᠠᠩ ᠴᠤᠸᠠᠨ ᠹᠦ᠂ ᠱᠧᠩ ᠬᠤᠩ ᠬᠤᠪᠢ ᠡᠵᠡᠮᠳᠡᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢ ᠶᠢᠨ ᠳᠠᠷᠤᠭ᠎ᠠ ᠮᠢᠶᠣᠣ ᠬᠠᠨ ᠭᠧᠨ᠂ ᠨᠢᠩ ᠳ᠋ᠧ ᠰᠢ ᠳ᠋ᠠᠢ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢ ᠶᠢᠨ ᠳᠠᠷᠤᠭ᠎ᠠ᠂ ᠶᠡᠷᠦᠩᠬᠡᠢ ᠳᠠᠭᠠᠭᠠᠮᠠᠯ ᠽᠧᠩ ᠢᠦᠢ ᠴᠢᠶᠦ᠋ᠨ ᠲᠠᠢ ᠠᠭᠤᠯᠵᠠᠨ ᠭᠦᠨᠵᠡᠭᠡᠢ ᠶᠠᠷᠢᠯᠴᠠᠨ ᠰᠠᠨᠠᠯ ᠢᠶᠠᠨ ᠰᠣᠯᠢᠯᠴᠠᠵᠤ᠂ ᠬᠠᠮᠲᠤᠷᠠᠯᠴᠠᠭᠠᠨ ᠤ ᠤᠴᠢᠷ ᠶᠠᠪᠤᠳᠠᠯ ᠤᠳ ᠢ ᠵᠥᠪᠳᠡᠯᠴᠡᠭᠰᠡᠨ ᠪᠠᠶᠢᠨ᠎ᠠ᠃          ᠯᠢ ᠯᠢ᠂ ᠣᠷᠳᠣᠰ ᠬᠤᠲᠠ ᠪᠣᠯ ᠨᠢᠭᠡᠨ ᠡᠨᠧᠷᠭᠢ ᠲᠠᠢ᠂ ᠪᠣᠳᠠᠲᠤ ᠬᠦᠴᠦᠨ ᠲᠠᠢ᠂ ᠳᠠᠯᠳᠠ ᠬᠦᠴᠦᠨ ᠲᠠᠢ ᠬᠤᠲᠠ ᠮᠥᠨ᠃ ᠤᠢᠢᠷ᠎ᠠ ᠶᠢᠨ ᠵᠢᠯ ᠤᠳ ᠠᠴᠠ ᠂ ᠤᠷᠳᠤᠰ ᠬᠤᠳᠠ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠶ᠊ ᠡᠶ᠎ᠡ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠤ ᠠᠬᠤᠢ ᠶᠢᠨ ᠪᠣᠳᠠᠲᠤ ᠬᠦᠴᠦᠨ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠰᠢᠨ᠎ᠡ ᠠᠯᠬᠤᠮ ᠢ ᠠᠯᠬᠤᠨ᠂ ᠡᠯ᠎ᠡ ᠲᠥᠷᠥᠯ ᠤᠨ ᠠᠵᠢᠯ ᠦᠢᠯᠡᠰ ᠤᠨ ᠬᠥᠭᠵᠢᠯᠲᠡ ᠰᠢᠨ᠎ᠡ ᠦᠷ᠎ᠡ ᠪᠦᠲᠦᠮᠵᠢ ᠤᠯᠤᠬᠰᠠᠨ ᠪᠠᠶᠢᠨ᠎ᠠ᠃ ᠣᠳᠣᠬᠠᠨ ᠳᠤ᠂ ᠣᠷᠳᠣᠰ ᠬᠤᠲᠠ ᠶᠠᠭ ᠰᠠᠶᠢᠬᠠᠨ ᠬᠡᠯᠪᠡᠷᠢ ᠪᠠᠨ ᠬᠤᠪᠢᠷᠠᠭᠤᠯᠤᠨ ᠬᠥᠭᠵᠢᠬᠦᠯᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠲᠦᠷᠭᠡᠳᠭᠡᠨ ᠬᠡᠷᠡᠭᠵᠢᠭᠦᠯᠵᠦ᠂ ᠰᠢᠨ᠎ᠡ ᠤᠷᠤᠯᠳᠤᠭᠠᠨ ᠤ ᠵᠠᠮ ᠢ ᠨᠡᠭᠡᠭᠡᠬᠦ᠂ ᠰᠢᠨ᠎ᠡ ᠬᠥᠳᠡᠯᠭᠡᠭᠦᠷ ᠢ ᠴᠤᠬᠴᠠᠯᠠᠬᠤ᠂ ᠰᠢᠨ᠎ᠡ ᠳᠠᠪᠠᠭᠤᠯᠢᠭ ᠢ ᠡᠭᠦᠳᠬᠦ ᠪᠠᠷ ᠳᠠᠮᠵᠢᠭᠤᠯᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦᠯᠬᠦ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠪᠠᠶᠢᠨ᠎ᠠ᠂ ᠡᠯ᠎ᠡ ᠠᠵᠢᠯ ᠲᠦᠷᠦᠯ ᠤᠨ ᠲᠤᠯᠤᠭᠠᠶᠢᠯᠠᠬᠤ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠠᠢ ᠰᠣᠯᠢᠯᠴᠠᠭ᠎ᠠ ᠪᠠᠨ ᠭᠦᠨᠵᠡᠭᠡᠶᠢᠷᠡᠭᠦᠯᠤᠨ᠂ ᠪᠦᠬᠦ ᠲᠠᠯ᠎ᠠ᠂ ᠭᠦᠨ ᠳᠠᠪᠬᠤᠷᠭ᠎ᠠ᠂ ᠤᠯᠠᠨ ᠬᠦᠷᠢᠶ᠎ᠠ ᠴᠠᠷᠠᠭᠠᠨ ᠤ ᠬᠠᠮᠲᠤᠷᠠᠯᠴᠠᠭ᠎ᠠ ᠶᠢ ᠥᠷᠨᠢᠭᠦᠯᠵᠦ᠂ ᠨᠡᠩ ᠥᠨᠳᠥᠷ ᠬᠢᠷᠢ ᠲᠦᠪᠰᠢᠨ ᠪᠦᠬᠦᠢ ᠬᠠᠷᠢᠯᠴᠠᠨ ᠠᠰᠢᠭᠲᠠᠶ ᠬᠠᠮᠲᠤ ᠪᠠᠷ ᠠᠰᠢᠭ ᠬᠦᠷᠳᠡᠬᠦ ᠬᠥᠭᠵᠢᠯᠲᠡ ᠶᠢ ᠭᠠᠷ ᠬᠤᠯᠪᠣᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃        ᠡᠯ᠎ᠡ ᠠᠵᠤ ᠠᠬᠤᠶᠢᠯᠠᠯ ᠪᠣᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠬᠢᠨ ᠣᠷᠳᠣᠰ ᠤᠨ ᠬᠥᠭᠵᠢᠯᠲᠡ ᠶᠢᠨ ᠢᠷᠡᠭᠡᠳᠦᠶ ᠭᠡᠭᠡᠨ ᠰᠠᠷᠠᠭᠤᠯ ᠪᠠᠶᠢᠨ᠎ᠠ ᠭᠡᠵᠦ ᠰᠠᠨᠠᠯ ᠨᠢᠭᠡᠲᠡᠶ ᠦᠵᠡᠵᠡᠭᠡᠵᠦ᠂ ᠤᠯᠤᠯᠴᠠᠭ᠎ᠠ ᠵᠣᠯᠭᠠᠯᠴᠠᠭ᠎ᠠ ᠶᠢ ᠦᠷᠭᠦᠯᠵᠢᠯᠡᠨ ᠴᠢᠩᠭᠠᠳᠬᠠᠵᠤ᠂ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠤᠨ᠂ ᠨᠡᠩ ᠥᠷᠭᠡᠨ ᠬᠦᠷᠢᠶ᠎ᠡ ᠴᠠᠷᠠᠭ᠎ᠠ᠂ ᠨᠡᠩ ᠭᠦᠨ ᠳᠠᠪᠬᠤᠷᠭ᠎ᠠ ᠳᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠥᠷᠨᠢᠭᠦᠯᠵᠦ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠤᠷᠳᠤᠰ ᠤᠨ ᠰᠢᠨ᠎ᠡ ᠶᠢ ᠡᠭᠦᠳᠬᠦ ᠬᠥᠭᠵᠢᠯᠲᠡ᠂ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠨ ᠬᠦᠴᠦᠨ ᠨᠡᠮᠡᠷᠢᠯᠡᠵᠦ᠂ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢ ᠨᠠᠶᠢᠳᠠᠪᠤᠷᠢᠵᠢᠭᠤᠯᠤᠨ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠳᠤ ᠦᠢᠯᠡᠴᠢᠯᠡᠵᠦ ᠪᠠᠲᠤᠯᠠᠬᠤ ᠳᠤ ᠬᠠᠮᠲᠤ ᠪᠠᠷ ᠨᠡᠩ ᠶᠡᠭᠡ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠭᠡᠵᠡᠭᠡᠪᠡ᠃         ᠬᠤᠲᠠ ᠶᠢᠨ ᠤᠳᠤᠷᠢᠳᠤᠯᠭ᠎ᠠ ᠬᠤᠸᠠ ᠷᠦᠢ ᠹᠧᠩ᠂ ᠺᠦᠩ ᠹᠠᠨ ᠹᠸᠢ᠂ ᠯᠢᠦ ᠹᠧᠩ ᠶᠦᠨ ᠵᠢᠴᠢ ᠬᠤᠯᠪᠤᠬᠳᠠᠯ ᠪᠥᠬᠦᠶ ᠬᠤᠰᠢᠭᠤ ᠲᠣᠭᠤᠷᠢᠭ ᠪᠠ ᠬᠤᠲᠠ ᠶᠢᠨ ᠰᠢᠭᠤᠳ ᠬᠠᠷᠢᠶ᠎ᠠ ᠬᠤᠯᠪᠤᠬᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠣᠰ ᠲᠣᠰ ᠠᠵᠢᠯᠯᠠᠭ᠎ᠠ ᠳᠤ ᠣᠷᠣᠯᠴᠠᠵᠠᠶ᠃
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ