ᠲᠠᠬᠢᠶᠠᠨ ᠡᠭᠦᠷ ᠤᠨ ᠠᠷᠢᠭᠤᠳᠬᠠᠯ ᠢ ᠰᠠᠶᠢᠨ ᠬᠢᠬᠦ ᠲᠤᠬᠠᠢ
ᠨᠡᠶᠢᠲᠡᠯᠡᠭᠰᠡᠨ ᠴᠠᠭ᠄
2023/3/2
      ᠬᠠᠪᠤᠷ ᠤᠨ ᠡᠬᠢ ᠪᠠᠷ ᠠᠭᠠᠷ ᠤᠨ ᠳᠤᠯᠠᠭᠠᠨ ᠨᠡᠯᠢᠶᠡᠳ ᠳᠣᠣᠷ᠎ᠠ ᠪᠠᠶᠢᠵᠤ᠂ ᠪᠠᠺᠲ᠋ᠧᠷᠢ ᠶᠢᠨ ᠬᠥᠳᠡᠯᠭᠡᠭᠡᠨ ᠤ ᠳᠠᠪᠲᠠᠮᠵᠢ ᠨᠢ ᠬᠡᠳᠦ᠋ᠢᠪᠡᠷ ᠪᠠᠭᠤᠷᠠᠭᠰᠠᠨ ᠪᠣᠯᠪᠠᠴᠤ ᠵᠣᠬᠢᠬᠤ ᠨᠥᠬᠦᠴᠡᠯ ᠲᠠᠢ ᠲᠣᠬᠢᠶᠠᠯᠳᠤᠪᠠᠯ ᠳᠠᠷᠤᠢ ᠶᠡᠭᠡ ᠬᠡᠮᠵᠢᠶ᠎ᠡ ᠪᠠᠷ ᠦᠷᠡᠵᠢᠵᠦ᠂ ᠲᠠᠬᠢᠶᠠᠨ ᠰᠦᠷᠦᠭ ᠤᠨ ᠡᠷᠡᠭᠦᠯ ᠮᠡᠨᠳᠦ ᠶᠢ ᠬᠤᠬᠢᠷᠠᠭᠤᠯᠳᠠᠭ᠃ ᠡᠭᠦᠨ ᠤ ᠳᠡᠭᠡᠷ᠎ᠡ ᠬᠠᠪᠤᠷ ᠤᠨ ᠡᠬᠢᠨ ᠤ ᠠᠭᠤᠷ ᠠᠮᠢᠰᠬᠤᠯ ᠬᠠᠬᠢᠷ ᠬᠦᠢᠲᠡᠨ᠂ ᠲᠠᠬᠢᠶᠠᠨ ᠤ ᠪᠡᠶ᠎ᠡ ᠶᠢᠨ ᠡᠪᠡᠳᠴᠢᠨ ᠢ ᠡᠰᠡᠷᠭᠦᠴᠡᠬᠦ ᠴᠢᠳᠠᠪᠤᠷᠢ ᠨᠡᠶᠢᠳᠡᠮ ᠳᠤ ᠪᠠᠨ ᠪᠠᠭᠤᠷᠠᠢ ᠪᠠᠶᠢᠵᠤ᠂ ᠬᠡᠷᠪᠡ ᠠᠷᠢᠭᠤᠳᠬᠠᠬᠤ ᠠᠵᠢᠯ ᠢ ᠣᠮᠲᠣᠭᠠᠶᠢᠯᠠᠪᠠᠯ᠂ ᠬᠢᠵᠢᠭ ᠡᠪᠡᠳᠴᠢᠨ ᠠᠮᠠᠷᠬᠠᠨ ᠡᠭᠦᠰᠬᠦ ᠪᠤᠶᠤ ᠳᠡᠯᠭᠡᠷᠡᠳᠡᠭ᠃       ᠶᠡᠷᠦ ᠳᠤ ᠪᠠᠨ ᠬᠠᠪᠤᠷ ᠤᠨ ᠤᠯᠠᠷᠢᠯ ᠳᠤ ᠦᠷᠭᠦᠯᠵᠢ ᠤᠤᠭᠤᠬᠤ ᠤᠰᠤ ᠶᠢ ᠠᠷᠢᠭᠤᠳᠬᠠᠬᠤ ᠠᠷᠭ᠎ᠠ ᠪᠠᠷ ᠠᠷᠢᠭᠤᠳᠬᠠᠨ᠎ᠠ᠂ ᠳᠠᠷᠤᠢ ᠤᠤᠭᠤᠬᠤ ᠤᠰᠤᠨ ᠳᠤ ᠬᠠᠷᠢᠴᠠᠯ ᠶᠣᠰᠣᠭᠠᠷ ᠠᠷᠢᠭᠤᠳᠬᠠᠬᠤ ᠡᠮ ᠢ ᠬᠢᠵᠦ᠂ ᠭᠠᠷᠠᠭ ᠪᠦᠷᠢ ᠨᠢᠭᠡ ᠤᠳᠠᠭ᠎ᠠ ᠬᠢᠪᠡᠯ ᠪᠣᠯᠴᠢᠬᠠᠨ᠎ᠠ᠃ ᠲᠠᠬᠢᠶᠠᠨ ᠤ ᠰᠠᠷᠠᠪᠴᠢᠨ ᠳᠣᠲᠣᠷᠠᠬᠢ ᠭᠠᠵᠠᠷ ᠤᠨ ᠭᠠᠳᠠᠷᠭᠤ ᠶᠢ ᠲᠦᠭᠦᠬᠡᠢ ᠴᠣᠬᠤᠢ᠂ ᠬᠦᠴᠦᠲᠡᠢ ᠠᠷᠢᠭᠤᠳᠬᠠᠭᠴᠢ ᠵᠡᠷᠭᠡ ᠬᠠᠭᠤᠷᠠᠢ ᠨᠤᠨᠳᠠᠭ ᠬᠡᠯᠪᠡᠷᠢ ᠶᠢᠨ ᠠᠷᠢᠭᠤᠳᠬᠠᠭᠴᠢ ᠡᠳ᠋ ᠢᠶᠠᠷ ᠰᠦᠷᠴᠢᠨ ᠠᠷᠢᠭᠤᠳᠬᠠᠵᠤ ᠪᠣᠯᠣᠨ᠎ᠠ᠂ ᠭᠠᠷᠠᠭ ᠪᠦᠷᠢ 1-2 ᠤᠳᠠᠭ᠎ᠠ ᠰᠦᠷᠴᠢᠪᠡᠯ ᠨᠡᠯᠢᠶᠡᠳ ᠲᠣᠬᠢᠷᠠᠮᠵᠢᠲᠠᠢ ᠶᠤᠮ᠃       ᠬᠠᠪᠤᠷ ᠤᠨ ᠡᠬᠢᠨ ᠤ ᠤᠯᠠᠷᠢᠯ ᠤᠨ ᠠᠭᠤᠷ ᠠᠮᠢᠰᠬᠤᠯ ᠮᠥᠨ ᠯᠡ ᠬᠠᠬᠢᠷ ᠬᠦᠢᠲᠡᠨ ᠪᠠᠶᠢᠵᠤ᠂ ᠲᠠᠬᠢᠶᠠᠨ ᠡᠭᠦᠷ ᠨᠢ ᠳᠤᠯᠠᠭᠠᠨ ᠢ ᠬᠠᠮᠠᠭᠠᠯᠠᠵᠤ ᠳᠤᠯᠠᠭᠠᠯᠠᠬᠤ ᠠᠴᠠ ᠭᠠᠳᠠᠨ᠎ᠠ ᠪᠠᠰᠠ ᠰᠠᠯᠬᠢ ᠵᠢᠪᠠᠷ ᠨᠡᠪᠲᠡᠷᠡᠭᠦᠯᠳᠡᠭ᠃ ᠬᠡᠷᠪᠡ ᠵᠥᠪᠬᠡᠨ ᠲᠠᠬᠢᠶᠠᠨ ᠤ ᠰᠠᠷᠠᠪᠴᠢ ᠶᠢᠨ ᠳᠤᠯᠠᠭᠠᠨ ᠢ ᠬᠠᠮᠠᠭᠠᠯᠠᠬᠤ ᠶᠢ ᠴᠢᠬᠤᠯᠠᠴᠢᠯᠠᠭᠠᠳ ᠰᠠᠯᠬᠢ ᠵᠢᠪᠠᠷ ᠨᠡᠪᠲᠡᠷᠡᠬᠦ ᠶᠢ ᠣᠮᠲᠣᠭᠠᠶᠢᠯᠠᠪᠠᠯ᠂ ᠰᠠᠷᠠᠪᠴᠢ ᠶᠢᠨ ᠳᠣᠲᠣᠷᠠᠬᠢ ᠠᠭᠠᠷ ᠢ ᠮᠠᠰᠢ ᠠᠮᠠᠷᠬᠠᠨ ᠪᠤᠵᠠᠷᠲᠤᠭᠤᠯᠵᠤ᠂ ᠡᠪᠡᠳᠴᠢᠨ ᠤ ᠪᠠᠺᠲ᠋ᠧᠷᠢ ᠶᠡᠭᠡ ᠬᠡᠮᠵᠢᠶ᠎ᠡ ᠪᠠᠷ ᠦᠷᠡᠵᠢᠳᠡᠭ᠃ ᠲᠠᠬᠢᠶ᠎ᠠ ᠡᠪᠡᠳᠴᠢᠨ ᠤ ᠪᠠᠺᠲ᠋ᠧᠷᠢ ᠶᠢᠨ ᠦᠷᠡᠵᠢᠯ ᠤᠨ ᠣᠷᠴᠢᠨ ᠳᠤ ᠦᠰᠦᠵᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ᠂ ᠰᠢᠪᠲᠦᠷ ᠤᠨ ᠬᠡᠢ ᠵᠡᠷᠭᠡ ᠬᠤᠣᠷᠲᠤ ᠬᠡᠢ ᠪᠡᠶᠡᠲᠦ ᠶᠢ ᠣᠷᠳᠣ ᠬᠤᠭᠤᠴᠠᠭ᠎ᠠ ᠪᠠᠷ ᠰᠣᠷᠣᠵᠤ ᠣᠷᠣᠭᠤᠯᠪᠠᠯ᠂ ᠣᠯᠠᠩᠬᠢ ᠳᠤ ᠪᠠᠨ ᠪᠦᠳᠦᠭᠦᠨ ᠭᠡᠳᠡᠰᠦᠨ ᠤ ᠰᠠᠪᠬᠠᠨᠴᠢᠷ ᠪᠠᠺᠲ᠋ᠧᠷᠢ ᠶᠢᠨ ᠡᠪᠡᠳᠴᠢᠨ᠂ ᠤᠳᠠᠭᠠᠨ ᠴᠢᠨᠠᠷᠲᠠᠢ ᠠᠮᠢᠰᠬᠤᠯ ᠤᠨ ᠵᠠᠮ ᠤᠨ ᠡᠪᠡᠳᠴᠢᠨ᠂ ᠬᠠᠯᠳᠠᠪᠤᠷᠢᠲᠤ ᠴᠢᠨᠠᠷᠲᠠᠢ ᠰᠠᠯᠪᠤᠷᠢ ᠮᠥᠭᠡᠷᠰᠦᠨ ᠬᠤᠭᠤᠯᠠᠢ ᠶᠢᠨ ᠦᠷᠪᠢᠰᠦᠯ᠂ ᠲᠥᠪᠥᠩᠬᠡᠢ ᠶᠢᠨ ᠦᠷᠪᠢᠰᠦᠯ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠳᠤ ᠬᠤᠣᠷᠳᠠᠭᠳᠠᠬᠤ ᠵᠡᠷᠭᠡ ᠡᠪᠡᠳᠴᠢᠨ ᠳᠤ ᠠᠮᠠᠷᠬᠠᠨ ᠨᠡᠷᠪᠡᠭᠳᠡᠵᠦ᠂ ᠡᠳᠡᠭᠡᠷᠡᠯᠲᠡ ᠶᠢᠨ ᠨᠣᠷᠮ᠎ᠠ ᠶᠢ ᠳᠣᠷᠣᠭᠰᠢᠯᠠᠭᠤᠯᠳᠠᠭ᠃       ᠵᠥᠪ ᠠᠷᠭ᠎ᠠ ᠨᠢ ᠭᠡᠪᠡᠯ 2 ᠴᠠᠭ ᠠᠴᠠ 3 ᠴᠠᠭ ᠠᠯᠤᠰᠯᠠᠬᠤ ᠪᠦᠷᠢ 5 ᠮᠢᠨᠦ᠋ᠲ ᠠᠴᠠ 10 ᠮᠢᠨᠦ᠋ᠲ ᠰᠠᠯᠬᠢ ᠨᠡᠪᠲᠡᠷᠡᠭᠦᠯᠦᠨ᠎ᠡ᠃ ᠣᠨᠴᠠᠭᠠᠶᠢᠯᠠᠨ ᠰᠦᠯᠢᠶᠥᠦ ᠪᠦᠷᠬᠦᠭᠦᠯ ᠤᠨ ᠳᠤᠯᠠᠭᠠᠨ ᠢ ᠬᠠᠮᠠᠭᠠᠯᠠᠨ ᠴᠤᠷᠪᠠᠭ᠎ᠠ ᠪᠤᠶᠢᠵᠢᠭᠤᠯᠬᠤ ᠱᠠᠲᠤᠨ ᠳᠤ᠂ ᠬᠠᠮᠤᠭ ᠰᠠᠶᠢᠨ ᠨᠢ ᠰᠠᠷᠠᠪᠴᠢᠨ ᠤ ᠣᠷᠣᠢ ᠳᠤ ᠬᠡᠳᠦᠨ ᠲᠣᠭᠤᠨᠣ ᠭᠠᠷᠭᠠᠵᠤ᠂ ᠳᠤᠯᠠᠭᠠᠯᠠᠬᠤ ᠮᠥᠷᠲᠡᠭᠡᠨ ᠪᠤᠯᠠᠩᠭᠢᠷ ᠢ ᠭᠠᠳᠠᠭᠰᠢᠯᠠᠭᠤᠯᠬᠤ ᠵᠣᠷᠢᠯᠭ᠎ᠠ ᠳᠤ ᠪᠠᠨ ᠬᠦᠷᠦᠨ᠎ᠡ᠃ ᠬᠥᠮᠥᠨ ᠲᠠᠬᠢᠶᠠᠨ ᠤ ᠰᠠᠷᠠᠪᠴᠢᠨ ᠳᠤ ᠣᠷᠣᠬᠤ ᠳᠤ ᠰᠣᠨᠢᠨ ᠦᠨᠦᠷ ᠭᠠᠷᠬᠤ ᠦᠭᠡᠢ᠂ ᠰᠠᠷᠠᠪᠴᠢᠨ ᠳᠣᠲᠣᠷᠠᠬᠢ ᠳᠥᠷᠪᠡᠨ ᠲᠠᠯ᠎ᠠ ᠶᠢᠨ ᠰᠦᠯᠢᠶᠥᠦ ᠪᠦᠷᠬᠦᠭᠦᠯ ᠳᠡᠭᠡᠷ᠎ᠡ ᠤᠰᠤᠨ ᠮᠥᠬᠦᠯᠢᠭ ᠢ ᠨᠠᠭᠠᠯᠳᠤᠨ ᠡᠯᠭᠦᠬᠦ ᠦᠭᠡᠢ ᠨᠢ ᠰᠠᠨᠠᠭᠠᠨ ᠳᠤ ᠳᠠᠭᠠᠷᠠᠭᠰᠠᠨ ᠣᠷᠴᠢᠨ ᠲᠣᠭᠤᠷᠢᠨ ᠶᠤᠮ᠃ ᠲᠠᠬᠢᠶᠠᠨ ᠰᠠᠷᠠᠪᠴᠢᠨ ᠳᠤ ᠬᠢ ᠢᠯᠭᠠᠳᠠᠰᠤ ᠪᠠ ᠳᠡᠪᠢᠰᠬᠡᠷ ᠢ ᠴᠠᠭ ᠲᠤᠬᠠᠢ ᠳᠤ ᠨᠢ ᠴᠡᠪᠡᠷᠯᠡᠨ ᠠᠷᠢᠯᠭᠠᠵᠤ᠂ ᠰᠠᠷᠠᠪᠴᠢ ᠶᠢᠨ ᠳᠣᠲᠣᠷᠠᠬᠢ ᠲᠠᠬᠢᠶᠠᠨ ᠤ ᠢᠯᠭᠠᠳᠠᠰᠤᠨ ᠳᠣᠲᠣᠷ᠎ᠠ ᠠᠴᠠ ᠳᠡᠭᠳᠡᠨ ᠭᠠᠷᠤᠭᠰᠠᠨ ᠰᠢᠪᠲᠦᠷ ᠤᠨ ᠬᠡᠢ ᠶᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠤᠨ᠎ᠠ᠃  
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ