ᠳ᠋ᠦ᠋ ᠬᠤᠢ ᠯᠢᠶᠠᠩ ᠬᠤᠳᠠ ᠶᠢᠨ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠭᠦ ᠤᠳᠤᠷᠢᠳᠬᠤ ᠲᠤᠭᠤᠶᠢᠯᠠᠩ ᠤᠨ ᠭᠤᠷᠪᠠᠳᠤᠭᠠᠷ ᠤᠳᠠᠭ᠎ᠠ ᠶᠢᠨ ᠬᠤᠷᠡᠯ ᠢ ᠡᠷᠭᠢᠯᠡᠨ ᠬᠤᠷᠡᠯᠳᠤᠭᠤᠯᠪᠡ
ᠨᠡᠶᠢᠲᠡᠯᠡᠭᠰᠡᠨ ᠴᠠᠭ᠄
2023/3/28
     ᠤᠶᠢᠷ᠎ᠠ ᠶᠢᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠤᠳᠤᠷᠢᠳᠬᠤ ᠳᠤᠭᠤᠶᠢᠯᠠᠩ ᠤᠨ ᠳᠠᠷᠤᠭ᠎ᠠ ᠳ᠋ᠦ᠋ ᠬᠤᠢ ᠯᠢᠶᠠᠩ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠡᠭ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠨᠠᠶᠢᠳᠠᠪᠤᠷᠢᠵᠢᠭᠤᠯᠤᠨ᠂ ᠪᠦᠬᠦ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃        ᠳ᠋ᠦ᠋ ᠬᠤᠢ ᠯᠢᠶᠠᠩ᠂ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠡᠯ ᠤᠨ ᠵᠢᠶᠠᠩᠰᠦ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠭᠦ ᠳᠤ ᠤᠷᠤᠯᠴᠠᠬᠤ ᠦᠶ᠎ᠡ ᠶᠢᠨ ᠴᠢᠬᠤᠯᠠ ᠶᠠᠷᠢᠶ᠎ᠠ ᠨᠢ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠣᠳᠣᠷᠬᠠᠶᠢᠯᠠᠨ ᠲᠠᠶᠢᠯᠪᠤᠷᠢᠯᠠᠪᠡ᠃ ᠡᠯ᠎ᠡ ᠱᠠᠳᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠢᠨᠠᠮᠠᠭᠠᠢ ᠤᠢᠢᠯᠠᠭᠠᠨ᠂ ᠣᠨᠣᠪᠴᠢᠲᠠᠢ ᠡᠵᠡᠮᠳᠡᠵᠦ᠂ ᠵᠣᠬᠢᠶᠠᠨ ᠪᠠᠶᠢᠭᠤᠯᠤᠯᠲᠠ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠦᠨᠡᠨ ᠬᠦ ᠴᠢᠩᠭᠠᠳᠬᠠᠵᠤ᠂ ᠰᠢᠨ᠎ᠡ ᠶᠢ ᠡᠭᠦᠳᠬᠦ ᠲᠠᠪᠴᠠᠩ ᠢ ᠪᠤᠢ ᠪᠣᠯᠭᠠᠬᠤ᠂ ᠰᠢᠨ᠎ᠡ ᠶᠢ ᠡᠭᠦᠳᠬᠦ ᠭᠤᠣᠯ ᠴᠣᠭᠴᠠ ᠶᠢ ᠪᠤᠶᠢᠵᠢᠭᠤᠯᠬᠤ᠂ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠦᠵᠢᠭᠦᠯᠬᠦ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠬᠤᠷᠠᠮᠳᠤᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠲᠠᠯ᠎ᠠ ᠪᠠᠷ ᠲᠡᠷᠢᠭᠦᠨ ᠳᠤᠨᠢ ᠤᠷᠤᠵᠤ᠂ ᠤᠷᠢᠳ ᠢᠶᠠᠷ ᠬᠢᠵᠦ᠂ ᠤᠯᠤᠰ ᠤᠨ ᠰᠢᠨ᠎ᠡ ᠶᠢ ᠡᠭᠦᠳᠬᠦ ᠬᠡᠯᠪᠡᠷᠢ ᠶᠢᠨ ᠬᠤᠳᠠ ᠶᠢ ᠲᠦᠷᠭᠡᠳᠭᠡᠨ ᠡᠭᠦᠳᠦᠨ ᠪᠠᠶᠢᠭᠤᠯᠬᠤ ᠬᠡᠷᠡᠭᠲᠡᠢ᠃ ᠪᠦᠬᠦ ᠤᠯᠤᠰ ᠤᠨ ᠲᠡᠷᠢᠭᠦᠨ ᠤ ᠰᠢᠨ᠎ᠡ ᠶᠢ ᠡᠭᠦᠳᠬᠦ ᠠᠮᠢ ᠠᠬᠤᠢ ᠶᠢᠨ ᠬᠠᠷᠠᠯᠲᠠ ᠡᠭᠦᠷᠭᠡ ᠶᠢ ᠬᠦᠴᠦ ᠪᠠᠨ ᠲᠥᠪᠯᠡᠷᠡᠭᠦᠯᠦᠨ ᠴᠣᠭᠴᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠨᠥᠬᠦᠷᠰᠡᠭ ᠬᠡᠯᠪᠡᠷᠢ᠂ ᠰᠤᠷᠭᠠᠨ ᠬᠥᠮᠦᠵᠢᠯ ᠤᠨ ᠨᠥᠬᠦᠷᠰᠡᠭ ᠬᠡᠯᠪᠡᠷᠢ᠂ ᠵᠠᠯᠠᠭᠤᠴᠤᠳ ᠤᠨ ᠨᠥᠬᠦᠷᠰᠡᠭ ᠬᠡᠯᠪᠡᠷᠢ ᠶᠢᠨ ᠬᠤᠳᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ᠂ ᠰᠢᠨ᠎ᠡ ᠶᠢ ᠡᠭᠦᠳᠬᠦ ᠬᠡᠯᠬᠢᠶ᠎ᠠ᠂ ᠠᠵᠤ ᠦᠢᠯᠡᠰ ᠤᠨ ᠬᠡᠯᠬᠢᠶ᠎ᠠ᠂ ᠪᠡᠯᠡ ᠮᠥᠩᠭᠦᠨ ᠤ ᠬᠡᠯᠬᠢᠶ᠎ᠠ᠂ ᠴᠢᠳᠠᠪᠤᠷᠢᠲᠠᠨ ᠤ ᠬᠡᠯᠬᠢᠶ᠎ᠠ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠠᠶᠢᠨ ᠰᠠᠶᠢᠬᠠᠨ ᠰᠢᠨ᠎ᠡ ᠶᠢ ᠡᠭᠦᠳᠬᠦ ᠠᠮᠢ ᠠᠬᠤᠢ ᠶᠢᠨ ᠲᠤᠬᠳᠠᠯᠴᠠᠭ᠎ᠠ ᠶᠢ ᠪᠦᠬᠦ ᠲᠠᠯ᠎ᠠ ᠪᠠᠷ ᠪᠠᠶᠢᠭᠤᠯᠬᠤ ᠬᠡᠷᠡᠭᠲᠡᠢ᠃ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢᠨ ᠵᠠᠶᠢᠯᠠᠰᠢ ᠦᠭᠡᠢ ᠨᠡᠮᠡᠭᠳᠡᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠡᠪᠴᠢᠶᠡᠵᠢᠯ ᠠᠴᠠ ᠲᠡᠭᠡᠭᠰᠢᠭᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ︽ᠭᠤᠷᠪᠠ ᠶᠢ ᠦᠭᠡᠶᠢᠰᠭᠡᠭᠦ︾ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ︽ᠬᠤᠶᠠᠷ ᠢ ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠭᠦᠨᠵᠡᠭᠡᠢ ᠦᠷᠨᠢᠬᠦᠯᠦᠨ᠂ ᠨᠡᠩ ᠤᠯᠠᠨ ᠮᠥᠩᠭᠦᠨ ᠭᠦᠢᠯᠭᠡᠭᠡᠨ ᠤ ᠬᠦᠷᠦᠩᠭᠡ᠂ ᠨᠡᠶᠢᠭᠡᠮ ᠤᠨ ᠬᠦᠷᠦᠩᠬᠡ ᠶᠢᠨ ᠰᠢᠨ᠎ᠡ ᠶᠢ ᠡᠭᠦᠳᠬᠦ ᠬᠦᠷᠢᠶ᠎ᠠ ᠴᠠᠷᠠᠭᠠᠨ ᠳᠤ ᠤᠷᠤᠭᠤᠯᠬᠤ ᠶᠢ ᠠᠬᠢᠭᠤᠯᠵᠤ᠂ ᠪᠦᠬᠦ ᠨᠡᠶᠢᠭᠡᠮ ᠢᠶᠠᠷ ᠢᠶᠠᠨ ᠰᠢᠨ᠎ᠡ ᠶᠢ ᠡᠭᠦᠳᠬᠦ ᠶᠢ ᠳᠡᠮᠵᠢᠬᠦ᠂ ᠰᠢᠨ᠎ᠡ ᠶᠢ ᠡᠭᠦᠳᠬᠦ ᠳᠤ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠦᠷᠢᠯᠳᠦᠭᠦᠯᠬᠦ ᠬᠡᠷᠡᠭᠲᠡᠢ᠃ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠳᠤ ᠠᠩᠬᠠᠷᠤᠯ ᠢᠶᠠᠨ ᠲᠦᠪᠯᠡᠷᠡᠭᠦᠯᠦᠨ᠂ ᠠᠵᠤ ᠦᠢᠯᠡᠰ ᠤᠨ ᠬᠥᠭᠵᠢᠯᠲᠡ᠂ ᠠᠮᠢ ᠠᠬᠤᠢ ᠶᠢᠨ ᠪᠦᠳᠦᠬᠡᠨ ᠪᠠᠶᠢᠭᠤᠯᠤᠯᠲᠠ᠂ ᠠᠶᠤᠯ ᠦᠭᠡᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠭᠦᠷᠢᠶ᠎ᠠ ᠴᠠᠷᠠᠭᠠᠨ ᠤ ᠲᠣᠭᠤᠷᠢᠨ ᠳᠤ᠂ ︽ᠲᠦᠷᠦᠭᠦᠯᠡᠨ ᠲᠠᠭᠠᠭᠤᠯᠬᠤ︾ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠵᠤ ᠬᠡᠷᠡᠭᠵᠢᠭᠦᠯᠦᠨ᠂ ᠨᠢᠭᠡ ᠪᠦᠯᠦᠭ ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ ᠤᠨ ᠬᠦᠴᠢᠷ ᠠᠰᠠᠭᠤᠳᠠᠯ ᠢ ᠴᠢᠷᠮᠠᠶᠢᠨ ᠰᠶᠢᠳᠪᠤᠷᠢᠯᠡᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠪᠡ᠃          ᠬᠤᠷᠠᠯ ᠠᠴᠠ ᠤᠯᠤᠰ ᠤᠨ ᠦᠷᠭᠦᠯᠵᠢᠯᠡᠭᠰᠡᠨ ᠬᠥᠭᠵᠢᠯᠲᠡ ᠶᠢᠨ ᠵᠥᠪᠯᠡᠬᠦ ᠵᠦᠢᠯ ᠤᠨ ᠰᠢᠨ᠎ᠡ ᠶᠢ ᠡᠭᠦᠳᠬᠦ ᠲᠠᠭᠤᠷᠢᠶᠡᠯ ᠦᠵᠡᠭᠦᠯᠬᠦ ᠣᠷᠣᠨ ᠤ ᠪᠦᠳᠦᠭᠡᠨ ᠪᠠᠶᠢᠭᠤᠯᠤᠯᠲᠠ᠂ ᠲᠢᠩᠬᠢᠮ ᠬᠤᠳᠠ ᠶᠢᠨ ᠵᠥᠪᠳᠡᠯᠴᠡᠬᠦ ᠲᠣᠭᠲᠠᠴᠠ᠂ ᠤᠷᠳᠤᠰ ᠤᠨ ᠲᠤᠷᠰᠢᠯᠲᠠ ᠶᠢᠨ ᠲᠠᠰᠤᠭ ᠤᠨ ᠲᠦᠷᠢᠮ ᠪᠣᠯᠤᠨ ᠰᠢᠨ᠎ᠡ ᠶᠢ ᠡᠭᠦᠳᠬᠦ ᠵᠦᠷᠢᠶᠡᠳᠤ ᠭᠠᠵᠠᠷ ᠤᠨ ᠪᠦᠳᠦᠭᠡᠨ ᠪᠠᠶᠢᠭᠤᠯᠤᠯᠲᠠ ᠵᠡᠷᠭᠡ ᠤᠴᠢᠷ ᠶᠠᠪᠤᠳᠠᠯ ᠤᠳ ᠢ ᠰᠤᠳᠤᠯᠵᠠᠢ᠃      ᠬᠤᠲᠠ ᠶᠢᠨ ᠳᠡᠳ᠋ ᠳᠠᠷᠤᠭ᠎ᠠ ᠺᠦᠩ ᠹᠠᠨ ᠹᠸᠢ ᠬᠤᠷᠠᠯ ᠳᠤ ᠣᠷᠣᠯᠴᠠᠪᠠ᠃ 
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ