ᠢᠯᠡᠬᠦᠳᠡᠭᠰᠡᠨ ᠬᠤᠭᠤᠴᠠᠭ᠎ᠠ ᠨᠢ ᠬᠡᠳᠦᠷᠡᠭᠰᠡᠨ ᠡᠮ ᠢ ᠬᠡᠷᠬᠢᠨ ᠰᠶᠢᠳᠪᠦᠷᠢᠯᠡᠬᠦ ᠪᠤᠢ
ᠨᠡᠶᠢᠲᠡᠯᠡᠭᠰᠡᠨ ᠴᠠᠭ᠄
2023/3/28
                          ᠤᠶᠢᠷ᠎ᠠ ᠶᠢᠨ ᠡᠳᠦᠷ᠂ ᠨᠢᠬᠡ ᠰᠠᠭᠤᠭᠠᠯᠢ ᠠᠷᠠᠳ ᠶᠡᠭᠡ ᠬᠡᠮᠵᠢᠶᠡᠨ ᠤ ᠬᠠᠯᠠᠭᠤᠨ ᠢ ᠪᠠᠭᠤᠷᠠᠭᠤᠯᠬᠤ ᠡᠮ ᠢ ᠪᠤᠰᠤᠳ ᠡᠮ ᠤᠨ ᠵᠦᠢᠯ ᠲᠠᠢ ᠬᠠᠮᠳᠤ ᠳᠤᠨᠢ ᠰᠠᠭᠤᠭᠠᠯᠢ ᠠᠷᠠᠳ ᠤᠨ ᠠᠰᠠᠷ ᠤᠨ ᠬᠤᠭ ᠤᠨ ᠰᠠᠪᠠᠨ ᠳᠤ ᠬᠠᠶᠠᠵᠤ ᠪᠠᠶᠢᠭ᠎ᠠ ᠸᠢᠳᠢᠤ᠋ ᠰᠦᠯᠵᠢᠶᠡᠴᠢᠳ ᠤᠨ ᠠᠩᠬᠠᠷᠤᠯ ᠢ ᠲᠠᠲᠠᠵᠠᠢ᠃ ᠡᠬᠦᠨ ᠠᠴᠠ ᠭᠠᠳᠠᠨ᠎ᠠ ᠪᠠᠰᠠ ᠵᠠᠷᠢᠮ ᠰᠦᠯᠵᠢᠶᠡᠨ ᠠᠨᠳᠠ ᠠᠴᠠ ᠦᠪᠡᠷ ᠤᠨ ᠰᠦᠯᠵᠢᠶᠡᠨ ᠲᠡᠭᠡᠷ᠎ᠡ ᠠᠴᠠ ᠬᠤᠳᠠᠯᠳᠤᠨ ᠠᠪᠤᠭᠰᠠᠨ ᠡᠮ ᠨᠢ ᠤᠷᠦ᠋ᠢᠳᠠᠵᠤ ᠬᠦᠷᠦᠭᠰᠡᠨ ᠠᠴᠠ ᠬᠡᠷᠡᠭᠯᠡᠭᠡ ᠪᠠᠨ ᠠᠯᠳᠠᠵᠤ᠂ ᠶᠠᠭᠠᠬᠢᠵᠤ ᠰᠶᠢᠳᠪᠦᠷᠢᠯᠡᠬᠦ ᠪᠠᠨ ᠮᠡᠳᠡᠬᠦ ᠦᠬᠡᠢ ᠪᠠᠶᠢᠨ᠎ᠠ ᠬᠡᠵᠦ ᠲᠤᠰᠬᠠᠵᠤ ᠪᠤᠢ᠃ ᠢᠯᠡᠬᠦᠴᠡ ᠡᠮ ᠢ ᠬᠤᠳᠠᠯᠳᠤᠵᠤ ᠪᠤᠯᠬᠤ ᠤᠤ︖ ᠬᠤᠭᠤᠴᠠᠭ᠎ᠠ ᠨᠢ ᠬᠡᠳᠦᠷᠡᠭᠰᠡᠨ ᠡᠮ ᠢ ᠲᠤᠷ᠎ᠠ ᠪᠠᠷ ᠬᠠᠶᠠᠵᠤ ᠪᠤᠯᠬᠤ ᠤᠤ︖ ᠡᠮ ᠢ ᠬᠡᠷᠬᠢᠨ ᠰᠶᠢᠳᠪᠦᠷᠢᠯᠡᠪᠡᠯ ᠨᠡᠩ ᠲᠤᠬᠢᠷᠠᠮᠵᠢᠳᠢ ᠪᠤᠢ︖ ᠬᠡᠬᠦ ᠮᠡᠳᠦ ᠤᠯᠠᠨ ᠲᠠᠯ᠎ᠠ ᠶᠢᠨ ᠠᠰᠠᠭᠤᠳᠠᠯ ᠨᠢ ᠬᠦᠮᠦᠰ ᠤᠨ ᠠᠩᠬᠠᠷᠤᠯ ᠳᠤ ᠦᠷᠳᠦᠬᠡᠳ ᠪᠠᠶᠢᠳᠠᠭ᠃          ᠡ᠊ᠡᠭ ᠲᠡᠷᠢᠬᠦᠨ ᠳᠤ ᠬᠤᠪᠢ ᠬᠦᠮᠦᠨ ᠡᠮ ᠤᠨ ᠵᠦᠢᠯ ᠢ ᠰᠢᠯᠵᠢᠬᠦᠯᠦᠨ ᠬᠤᠳᠠᠯᠳᠤᠪᠠᠯ ᠬᠠᠤᠯᠢ ᠠᠴᠠ ᠵᠦᠷᠢᠴᠡᠵᠦ ᠮᠡᠳᠡᠨ᠎ᠠ᠃ ᠡᠮ ᠪᠤᠯ ᠤᠨᠴᠠᠭᠠᠢ ᠲᠠᠸᠠᠷ᠂ ᠵᠦᠪ ᠬᠡᠷᠡᠭᠯᠡᠪᠡᠯ ᠡᠪᠡᠳᠴᠢᠨ ᠵᠠᠰᠠᠵᠤ᠂ ᠵᠤᠬᠢᠰ ᠦᠬᠡᠢ ᠬᠡᠷᠡᠭᠯᠡᠪᠡᠯ ᠡᠷᠡᠬᠦᠯ ᠮᠡᠨᠳᠦ ᠳᠤ ᠬᠤᠤᠷ ᠬᠦᠨᠦᠬᠡᠯ ᠤᠴᠠᠷᠠᠭᠤᠯᠵᠤ᠂ ᠴᠢᠨᠠᠭᠰᠢᠯᠠᠪᠠᠯ ᠠᠮᠢ ᠨᠠᠰᠤᠨ ᠳᠤ ᠴᠤ ᠬᠤᠤᠷ ᠬᠦᠨᠦᠬᠡᠯ ᠤᠴᠠᠷᠠᠭᠤᠯᠳᠠᠭ᠃ ᠵᠢᠱᠢᠶᠡᠯᠡᠪᠡᠯ ᠵᠤᠷ ᠤᠨ ᠡᠮ ᠨᠢ ᠬᠦᠮᠦᠨ ᠤ ᠪᠡᠶ᠎ᠡ ᠳᠤ ᠨᠢᠭᠤᠭᠳᠠᠮᠠᠯ ᠠᠶᠤᠯ ᠤᠴᠠᠷᠠᠭᠤᠯᠵᠤ ᠮᠡᠳᠡᠬᠦ ᠪᠤᠯᠬᠤᠷ ᠡᠷᠬᠡᠪᠰᠢ ᠡᠮᠴᠢ ᠠᠴᠠ ᠵᠤᠷ ᠪᠢᠴᠢᠵᠤ ᠦᠭᠬᠦᠭᠰᠡᠨ ᠤ ᠰᠡᠬᠦᠯᠡᠷ ᠰᠠᠶ᠋ᠢ ᠬᠤᠳᠠᠯᠳᠤᠵᠤ ᠪᠤᠯᠤᠨ᠎ᠠ᠃ ᠬᠤᠪᠢ ᠬᠦᠮᠦᠨ ᠵᠤᠷ ᠤᠨ ᠡᠮ ᠢ ᠰᠢᠯᠵᠢᠬᠦᠯᠦᠨ ᠬᠤᠳᠠᠯᠳᠤᠪᠠᠯ ᠡᠪᠡᠳᠴᠢᠳᠡᠨ ᠬᠡᠷᠡᠭᠯᠡᠬᠡᠳ᠂ ᠠᠮᠤᠷ ᠲᠦᠪᠰᠢᠨ ᠤ ᠲᠦᠭᠰᠢᠬᠦᠷᠢ ᠤᠴᠠᠷᠠᠵᠤ ᠮᠡᠳᠡᠨ᠎ᠡ᠃  ᠮᠠᠨ ᠤ ᠤᠯᠤᠰ ᠤᠨ ᠡᠮ ᠤᠨ ᠬᠠᠮᠢᠶᠠᠷᠤᠯᠳᠠ ᠶᠢᠨ ᠬᠠᠤᠯᠢ ᠳᠤ ᠲᠤᠭᠳᠠᠭᠠᠭᠰᠠᠨ ᠢᠶᠠᠷ᠂ ᠡᠮ ᠤᠨ ᠵᠦᠢᠯ ᠢ ᠪᠤᠷᠤᠯᠠᠭᠤᠯᠬᠤ ᠳᠠᠭᠠᠨ ︽ᠡᠮ ᠤᠨ ᠵᠦᠢᠯ ᠢ ᠦᠢᠯᠡᠳᠪᠦᠷᠢᠯᠡᠬᠦ ᠵᠦᠪᠰᠢᠶᠡᠷᠡᠯ ᠤᠨ ᠦᠨᠡᠮᠯᠡᠯ︾᠂ ︽ᠡᠮ ᠤᠨ ᠵᠦᠢᠯ ᠢ ᠡᠵᠡᠩᠨᠡᠬᠦ ᠵᠦᠪᠰᠢᠶᠡᠷᠡᠯ ᠤᠨ ᠦᠨᠡᠮᠯᠡᠯ︾ ᠪᠤᠶᠤ ︽ᠡᠮ ᠡᠮᠨᠡᠯᠬᠡ ᠶᠢᠨ ᠪᠠᠶᠢᠭᠤᠯᠤᠮᠵᠢ ᠶᠢᠨ ᠡᠮ ᠨᠠᠶᠢᠷᠠᠭᠤᠯᠬᠤ ᠵᠦᠪᠰᠢᠶᠡᠷᠡᠯ ᠤᠨ ᠦᠨᠡᠮᠯᠡᠯ︾  ᠶᠢ ᠤᠯᠬᠤ ᠬᠡᠷᠡᠭᠳᠡᠢ ᠃ ᠬᠤᠪᠢ ᠬᠦᠮᠦᠨ ᠵᠦᠪᠰᠢᠶᠡᠷᠡᠯ ᠤᠨ ᠦᠨᠡᠮᠯᠡᠯ ᠦᠬᠡᠢ ᠪᠠᠷ ᠡᠮ ᠤᠨ ᠵᠦᠢᠯ ᠢ ᠲᠠᠮᠵᠢᠭᠤᠯᠤᠨ ᠬᠤᠳᠠᠯᠳᠤᠬᠤ ᠨᠢ ᠡᠮ ᠪᠤᠷᠤᠯᠠᠭᠤᠯᠬᠤ ᠠᠵᠢᠯᠯᠠᠭ᠎ᠠ ᠳᠤ ᠲᠤᠭᠠᠴᠢᠭᠳᠠᠵᠤ᠂ ᠬᠠᠤᠯᠢ ᠠᠴᠠ ᠵᠦᠷᠢᠴᠡᠬᠦ ᠰᠡᠵᠢᠭᠯᠡᠯᠳᠡᠢ᠃            ᠲᠠᠬᠢᠪᠠᠯ᠂ ᠬᠠᠶᠠᠭᠳᠠᠮᠠᠯ ᠡᠮ ᠨᠢ ᠠᠶᠤᠯ ᠲᠠᠢ ᠬᠠᠶᠠᠭᠳᠠᠮᠠᠯ ᠡᠳ᠋ ᠲᠤ ᠬᠠᠷᠢᠶᠠᠯᠠᠭᠳᠠᠨ᠎ᠠ᠃ ︽ᠤᠯᠤᠰ ᠤᠨ ᠠᠶᠤᠯᠳᠠᠢ ᠬᠠᠶᠠᠭᠳᠠᠮᠠᠯ ᠡᠳ᠋ ᠤᠨ ᠨᠡᠷᠡᠰ ᠤᠨ ᠵᠢᠭᠰᠠᠭᠠᠯᠳᠠ︾ ᠳᠤ ᠦᠢᠯᠡᠳᠪᠦᠷᠢᠯᠡᠬᠦ᠂ ᠪᠤᠷᠤᠯᠠᠭᠤᠯᠬᠤ ᠵᠢᠴᠢ ᠬᠡᠷᠡᠭᠯᠡᠬᠦ ᠶᠠᠪᠤᠴᠠ ᠳᠤ ᠪᠤᠢ ᠪᠤᠯᠤᠭᠰᠠᠨ ᠬᠤᠭᠤᠴᠠᠭ᠎ᠠ ᠨᠢ ᠬᠡᠳᠦᠷᠡᠬᠡᠳ ᠬᠦᠴᠦᠨ ᠦᠬᠡᠢ ᠪᠤᠯᠤᠭᠰᠠᠨ ᠡᠮ ᠤᠨ ᠵᠦᠢᠯ ᠨᠢ ᠠᠶᠤᠯ ᠲᠠᠢ ᠬᠠᠶᠠᠭᠳᠠᠮᠠᠯ ᠡᠳ᠋ ᠲᠤ ᠬᠠᠷᠢᠶᠠᠯᠠᠭᠳᠠᠨ᠎ᠠ ᠬᠡᠵᠦ ᠲᠤᠲᠤᠷᠬᠠᠢ ᠲᠤᠭᠳᠠᠭᠠᠵᠠᠢ᠃         ᠵᠤᠩᠭᠢᠯᠡᠬᠤ ᠲᠤᠭᠠᠨ ᠤ ᠡᠸᠥ᠋ᠷᠦᠫᠠ ᠡᠮ ᠪᠤᠯ ᠴᠦᠮ ᠬᠢᠮᠢ ᠶᠢᠨ ᠨᠡᠶᠢᠯᠡᠮᠡᠯ ᠡᠮ ᠮᠦᠨ᠂ ᠲᠤᠷ᠎ᠠ ᠪᠠᠷ ᠬᠠᠶᠠᠭᠰᠠᠨ ᠤ ᠰᠡᠬᠦᠯᠡᠷ᠂ ᠲᠡᠬᠦᠨ ᠤ ᠲᠤᠲᠤᠷᠠᠬᠢ ᠬᠢᠮᠢ ᠶᠢᠨ ᠪᠤᠳᠠᠰ ᠨᠢ ᠬᠦᠷᠦᠰᠦ ᠰᠢᠷᠤᠢ᠂ ᠠᠭᠠᠷ ᠮᠠᠨᠳᠠᠯ ᠪᠠ ᠤᠰᠤᠨ ᠴᠤᠭᠴᠠ ᠶᠢ ᠪᠤᠬᠢᠷᠳᠤᠭᠤᠯᠵᠤ ᠮᠡᠳᠡᠬᠦ ᠪᠦᠬᠡᠳ ᠴᠢᠨᠠᠭᠰᠢᠳᠠ ᠬᠦᠮᠦᠨ ᠤ ᠪᠡᠶ᠎ᠡ ᠪᠠ ᠠᠮᠢᠳᠠᠨ ᠤ ᠡᠷᠡᠬᠦᠯ ᠮᠡᠨᠳᠦ ᠶᠢ ᠰᠦᠷᠳᠡᠬᠦᠯᠳᠡᠭ᠃ ᠵᠢᠱᠢᠶᠡᠯᠡᠪᠡᠯ ᠠᠨᠲ᠋ᠢᠪᠢᠦᠲᠺ ᠤᠨ ᠲᠦᠷᠦᠯ ᠤᠨ ᠡᠮ ᠠᠮᠠᠷᠬᠠᠨ ᠵᠠᠳᠠᠷᠠᠵᠤ ᠲᠡᠶᠢᠯᠬᠦ ᠦᠬᠡᠢ᠂ ᠠᠮᠠᠷᠬᠠᠨ ᠤᠰᠤᠨ ᠴᠤᠭᠴᠠ ᠳᠤ ᠤᠷᠤᠵᠤ᠂ ᠠᠳᠡᠬᠦᠷᠡᠨ ᠤᠤᠭᠤᠪᠠᠯ ᠬᠤᠤᠷᠳᠠᠭᠳᠠᠵᠤ ᠮᠡᠳᠡᠨ᠎ᠠ᠃      ᠡᠮ ᠤᠨ ᠵᠦᠢᠯ ᠤᠨ ᠬᠤᠭᠤᠴᠠᠭ᠎ᠠ ᠨᠢ ᠦᠡᠭᠭᠡᠷᠡᠭᠰᠡᠨ ᠤ ᠲᠠᠷᠠᠭ᠎ᠠ ᠡᠮ ᠤᠨ ᠦᠢᠯᠡᠳᠦᠯ ᠢᠯᠡᠳᠳᠡ ᠲᠤᠷᠤᠭᠰᠢᠯᠠᠵᠤ᠂ ᠵᠠᠷᠢᠮ ᠡᠮ ᠤᠨ ᠴᠢᠨᠠᠷ ᠨᠢ ᠬᠤᠪᠢᠷᠠᠵᠤ ᠸᠠᠯᠠᠭᠰᠠᠨ ᠨᠢ ᠦᠮᠡᠨ ᠡᠬᠦᠰᠬᠡᠬᠦ ᠪᠤᠳᠠᠰ ᠪᠤᠯᠵᠤ ᠮᠡᠳᠡᠨ᠎ᠠ᠂ ᠬᠡᠷᠪᠡ ᠬᠠᠤᠯᠢ ᠪᠤᠰᠤ ᠬᠤᠳᠠᠯᠳᠤᠭᠠᠴᠢᠳ ᠲᠠᠬᠢᠨ ᠪᠠᠭᠯᠠᠵᠤ ᠪᠤᠷᠤᠯᠠᠭᠤᠯᠪᠠᠯ᠂ ᠡᠪᠡᠳᠴᠢᠳᠡᠨ ᠤ ᠡᠷᠡᠬᠦᠯ ᠮᠡᠨᠳᠦ ᠶᠢ ᠬᠦᠨᠳᠦ ᠨᠤᠴᠢᠳᠠᠢ ᠬᠤᠬᠢᠷᠠᠭᠤᠯᠳᠠᠭ᠃ ᠪᠢᠳᠠ ᠬᠡᠷ ᠪᠦᠯᠢ ᠶᠢᠨ ᠦᠯᠡᠳᠡᠭᠰᠡᠨ ᠡᠮ ᠲᠠᠩ᠂ ᠬᠤᠭᠤᠴᠠᠭ᠎ᠠ ᠨᠢ ᠦᠡᠭᠭᠡᠷᠡᠭᠰᠡᠨ ᠡᠮ ᠢ ᠰᠶᠢᠳᠪᠦᠷᠢᠯᠡᠬᠦ ᠲᠠᠯ᠎ᠠ ᠪᠠᠷ ᠮᠦᠨ ᠯᠠ ᠬᠦᠴᠢᠷᠳᠡᠯ ᠲᠤᠯᠭᠠᠷᠠᠵᠤ ᠪᠠᠶᠢᠬᠤ ᠶᠢ ᠪᠠᠰᠠ ᠤᠯᠵᠤ ᠬᠠᠷᠠᠬᠤ ᠬᠡᠷᠡᠭᠳᠡᠢ᠃ ︽ᠲᠤᠮᠳᠠᠳᠤ ᠤᠯᠤᠰ ᠤᠨ ᠬᠡᠷ ᠪᠦᠯᠢ ᠶᠢᠨ ᠬᠤᠭᠤᠴᠠᠭ᠎ᠠ ᠨᠢ ᠬᠡᠳᠦᠷᠡᠭᠰᠡᠨ ᠡᠮ ᠢ ᠬᠤᠷᠢᠶᠠᠨ ᠠᠪᠬᠤ ᠴᠠᠭᠠᠨ ᠭᠠᠳᠠᠷᠳᠤ ᠪᠢᠴᠢᠭ︾ ᠲᠤ ᠢᠯᠡᠷᠡᠬᠦᠯᠦᠭᠰᠡᠨ ᠢᠶᠠᠷ᠂ ᠮᠠᠨ ᠤ ᠤᠯᠤᠰ ᠤᠨ 78.6 % ᠶᠢᠨ ᠬᠡᠷ ᠪᠦᠯᠢ ᠵᠢᠵᠢᠭ ᠡᠮ ᠤᠨ ᠬᠠᠶᠢᠷᠴᠠᠭ ᠲᠠᠢ᠂ ᠬᠠᠷᠢᠨ 80 % ᠠᠴᠠ ᠲᠡᠭᠡᠭᠰᠢᠬᠢ ᠬᠡᠷ ᠪᠦᠯᠢ ᠡᠮ ᠤᠨ ᠬᠠᠶᠢᠷᠴᠠᠭ ᠢᠶᠠᠨ ᠲᠤᠭᠳᠠᠮᠠᠯ ᠬᠤᠭᠤᠴᠠᠭ᠎ᠠ ᠲᠠᠢ ᠪᠠᠷ ᠴᠡᠪᠡᠷᠯᠡᠬᠦ ᠲᠠᠳᠬᠠᠯ ᠦᠬᠡᠢ᠂ ᠡᠬᠦᠨ ᠤ ᠤᠯᠠᠮ ᠠᠴᠠ ᠪᠦᠬᠦ ᠤᠯᠤᠰ ᠲᠤ ᠨᠢᠭᠡ ᠵᠢᠯ ᠳᠤ ᠪᠠᠷᠤᠭ 1.5 ᠲᠦᠮᠡᠨ ᠲᠤᠨ ᠬᠤᠭᠤᠴᠠᠭ᠎ᠠ ᠨᠢ ᠬᠡᠳᠦᠷᠡᠭᠰᠡᠨ ᠡᠮ ᠤᠨ ᠵᠦᠢᠯ ᠭᠠᠷᠳᠠᠭ᠃ ᠤᠳᠤᠬᠠᠨ ᠳᠤ ᠵᠠᠷᠢᠮ ᠭᠠᠵᠠᠷ ᠤᠨ ᠡᠮ ᠤᠨ ᠵᠦᠢᠯ ᠢ ᠬᠤᠷᠢᠶᠠᠨ ᠠᠪᠬᠤ ᠴᠡᠭ ᠴᠦᠬᠡᠨ᠂ ᠢᠯᠡᠷᠬᠡᠢ ᠢᠯᠡᠳᠬᠡᠯ ᠲᠡᠮᠳᠡᠭ ᠲᠤᠳᠠᠭᠳᠠᠵᠤ ᠪᠠᠶᠢᠭ᠎ᠠ ᠪᠦᠬᠡᠳ ᠴᠦᠬᠡᠨ ᠪᠤᠰᠤ ᠬᠦᠮᠦᠰ ᠦᠯᠡᠳᠡᠭᠰᠡᠨ ᠡᠮ ᠤᠨ ᠵᠦᠢᠯ ᠪᠤᠯᠤᠨ ᠬᠤᠭᠤᠴᠠᠭ᠎ᠠ ᠨᠢ ᠬᠡᠳᠦᠷᠡᠭᠰᠡᠨ ᠡᠮ ᠤᠨ ᠵᠦᠢᠯ ᠢ ᠬᠡᠷᠬᠢᠨ ᠰᠶᠢᠳᠪᠦᠷᠢᠯᠡᠬᠦ ᠪᠠᠨ ᠮᠡᠳᠡᠬᠦ ᠦᠬᠡᠢ ᠪᠠᠶᠢᠨ᠎ᠠ᠃ ᠡᠬᠦᠨ ᠠᠴᠠ ᠦᠵᠡᠬᠦ ᠳᠤ ᠡᠮ ᠤᠨ ᠵᠦᠢᠯ ᠢ ᠡᠬᠡᠬᠦᠯᠦᠨ ᠬᠤᠷᠢᠶᠠᠬᠤ ᠠᠷᠭ᠎ᠠ ᠵᠠᠮ ᠢ ᠲᠡᠬᠦᠯᠳᠡᠷᠵᠢᠬᠦᠯᠬᠦ ᠨᠢ ᠵᠠᠩᠭᠢᠯᠠᠭ᠎ᠠ ᠪᠤᠯᠬᠤ ᠶᠢ ᠮᠡᠳᠡᠵᠦ ᠪᠤᠯᠤᠨ᠎ᠠ᠃ ᠬᠡᠷ ᠪᠦᠯᠢ ᠶᠢᠨ ᠡᠮ ᠤᠨ ᠵᠦᠢᠯ ᠢ ᠡᠬᠡᠬᠦᠯᠦᠨ ᠬᠤᠷᠢᠶᠠᠬᠤ ᠳᠤ ᠭᠤᠤᠯᠳᠠᠯᠭ᠎ᠠ ᠪᠠᠨ ᠰᠠᠭᠤᠭᠠᠯᠢ ᠲᠤᠭᠤᠷᠢᠭ ᠲᠤ ᠲᠠᠯᠪᠢᠬᠤ ᠬᠡᠷᠡᠭᠳᠡᠢ᠃ ᠶᠠᠭᠤᠨ ᠤ ᠡᠮᠦᠨ᠎ᠡ ᠤᠷᠤᠰᠢᠨ ᠰᠠᠭᠤᠭᠴᠢᠳ ᠤᠨ ᠬᠡᠷᠡᠭ ᠦᠬᠡᠢ ᠡᠮ ᠢᠶᠠᠨ ᠰᠶᠢᠳᠪᠦᠷᠢᠯᠡᠬᠦ ᠳᠤ ᠲᠦᠬᠦᠮ ᠦᠵᠡᠬᠦᠯᠬᠦ ᠬᠡᠷᠡᠭᠳᠡᠢ᠂ ᠵᠢᠱᠢᠶᠡᠯᠡᠪᠡᠯ ᠰᠠᠭᠤᠭᠠᠯᠢ ᠲᠤᠭᠤᠷᠢᠭ ᠤᠨ ᠬᠤᠭ ᠤᠨ ᠰᠠᠪᠠ ᠶᠢᠨ ᠬᠠᠵᠠᠭᠤ ᠳᠤ ᠡᠮ ᠬᠤᠷᠢᠶᠠᠬᠤ ᠭᠠᠵᠠᠷ ᠪᠠᠶᠢᠭᠤᠯᠬᠤ ᠨᠢ ᠮᠠᠰᠢ ᠴᠢᠬᠤᠯᠠ ᠶᠤᠮ᠃ ᠡᠨᠡ ᠵᠢᠯ ᠤᠨ 1 ᠰᠠᠷ᠎ᠠ ᠳᠤ ᠦᠬᠠᠨ ᠬᠤᠳᠠ ᠶᠢᠨ ᠵᠢᠶᠠᠩ ᠠᠨ ᠲᠤᠭᠤᠷᠢᠭ 33 ᠰᠠᠭᠤᠭᠠᠯᠢ ᠲᠤᠭᠤᠷᠢᠭ ᠲᠤ ᠬᠤᠭᠤᠴᠠᠭ᠎ᠠ ᠨᠢ ᠬᠡᠳᠦᠷᠡᠭᠰᠡᠨ ᠡᠮ ᠢ ᠬᠤᠷᠢᠶᠠᠨ ᠠᠪᠬᠤ ᠬᠠᠶᠢᠷᠴᠠᠭ ᠲᠠᠯᠪᠢᠵᠤ᠂ ᠰᠠᠭᠤᠭᠠᠯᠢ ᠠᠷᠠᠳ ᠤᠨ ᠬᠡᠷ ᠲᠤᠲᠤᠷᠠᠬᠢ ᠬᠤᠭᠤᠴᠠᠭ᠎ᠠ ᠨᠢ ᠬᠡᠳᠦᠷᠡᠭᠰᠡᠨ ᠡᠮ ᠢᠶᠠᠨ ᠰᠶᠢᠳᠪᠦᠷᠢᠯᠡᠬᠦ ᠳᠤ ᠲᠦᠬᠦᠮ ᠦᠵᠡᠬᠦᠯᠪᠡ᠃ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠪᠠᠰᠠ ᠡᠮ ᠤᠨ ᠠᠵᠤ ᠠᠬᠤᠶᠢᠯᠠᠯ᠂ ᠰᠠᠭᠤᠭᠠᠯᠢ ᠲᠤᠭᠤᠷᠢᠭ ᠤᠨ ᠠᠳᠠᠯ ᠠᠬᠤᠢ ᠶᠢᠨ ᠺᠤᠮᠫᠠᠨᠢ ᠵᠡᠷᠬᠡ ᠲᠠᠢ ᠬᠠᠮᠳᠤᠷᠠᠨ᠂ ᠰᠠᠭᠤᠭᠠᠯᠢ ᠲᠤᠭᠤᠷᠢᠭ ᠲᠠᠭᠠᠨ ᠡᠮ ᠤᠨ ᠵᠦᠢᠯ ᠢ ᠬᠤᠷᠢᠶᠠᠨ ᠠᠪᠬᠤ ᠭᠠᠵᠠᠷ ᠢ ᠵᠤᠬᠢᠬᠤ ᠪᠠᠶᠢᠷᠢ ᠳᠤ ᠪᠠᠶᠢᠷᠢᠯᠠᠭᠤᠯᠵᠤ ᠪᠤᠯᠬᠤ ᠪᠦᠬᠡᠳ ᠲᠤᠰᠬᠠᠢ ᠬᠦᠮᠦᠨ ᠲᠤᠮᠢᠯᠠᠨ ᠨᠢᠬᠡᠳᠦᠯᠳᠡᠢ ᠡᠬᠡᠬᠦᠯᠦᠨ ᠬᠤᠷᠢᠶᠠᠭᠰᠠᠨ ᠤ ᠲᠠᠷᠠᠭ᠎ᠠ᠂ ᠲᠠᠬᠢᠨ ᠲᠦᠪᠯᠡᠷᠡᠬᠦᠯᠦᠨ ᠬᠤᠤᠷ ᠦᠬᠡᠢ ᠰᠶᠢᠳᠪᠦᠷᠢᠯᠡᠵᠦ ᠪᠤᠯᠤᠨ᠎ᠠ᠃         ᠡᠮ ᠤᠨ ᠲᠡᠯᠬᠡᠬᠦᠷ ᠪᠠ ᠡᠮᠴᠢᠯᠡᠬᠡᠨ ᠤ ᠪᠠᠶᠢᠭᠤᠯᠤᠮᠵᠢ ᠨᠢ ᠬᠡᠷ ᠪᠦᠯᠢ ᠶᠢᠨ ᠡᠮ ᠤᠨ ᠵᠦᠢᠯ ᠢ ᠬᠤᠷᠢᠶᠠᠨ ᠠᠪᠬᠤ ᠲᠠᠯ᠎ᠠ ᠪᠠᠷ ᠲᠤᠰᠬᠠᠢ ᠮᠡᠷᠬᠡᠵᠢᠯ ᠤᠨ ᠪᠠ ᠠᠷᠭ᠎ᠠ ᠵᠠᠮ ᠤᠨ ᠲᠠᠪᠠᠭᠤᠯᠢᠭ ᠲᠠᠢ ᠪᠠᠶᠢᠵᠤ᠂ ᠨᠡᠩ ᠶᠡᠭᠡ ᠦᠢᠯᠡᠳᠦᠯ ᠪᠠᠳᠠᠷᠠᠭᠤᠯᠵᠤ ᠪᠤᠯᠤᠨ᠎ᠠ᠃ ᠰᠦᠵᠸᠥ ᠬᠤᠳᠠ ᠨᠢᠬᠡᠨᠳᠡ ᠵᠢᠵᠢᠭᠯᠡᠨ ᠬᠤᠳᠠᠯᠳᠤᠬᠤ ᠡᠮ ᠤᠨ ᠲᠡᠯᠬᠡᠬᠦᠷ ᠪᠤᠯᠤᠨ ᠡᠮᠴᠢᠯᠡᠬᠡᠨ ᠤ ᠪᠠᠶᠢᠭᠤᠯᠤᠮᠵᠢ ᠳᠤ ᠬᠤᠭᠤᠴᠠᠭ᠎ᠠ ᠨᠢ ᠬᠡᠳᠦᠷᠡᠭᠰᠡᠨ ᠡᠮ ᠤᠨ ᠵᠦᠢᠯ ᠢ ᠬᠤᠷᠢᠶᠠᠨ ᠠᠪᠬᠤ ᠴᠡᠭ ᠪᠠᠶᠢᠭᠤᠯᠤᠬᠰᠠᠨ ᠪᠦᠬᠡᠳ ᠬᠤᠳᠠ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠲᠠᠢ ᠬᠠᠮᠳᠤᠷᠠᠨ᠂ ᠬᠤᠤᠷ ᠦᠬᠡᠢ ᠪᠤᠯᠭᠠᠨ ᠨᠢᠬᠡᠳᠦᠯᠳᠡᠢ ᠰᠶᠢᠳᠪᠦᠷᠢᠯᠡᠵᠦ᠂ ᠨᠠᠯᠢᠶᠠᠳ ᠰᠡᠶᠢᠨ ᠦᠷ᠎ᠠ ᠪᠦᠲᠦᠮᠵᠢ ᠤᠯᠤᠭᠰᠠᠨ ᠪᠠᠶᠢᠨ᠎ᠠ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠡᠮ ᠤᠨ ᠲᠡᠯᠬᠡᠬᠦᠷ ᠪᠤᠯᠤᠨ ᠡᠮᠨᠡᠯᠬᠡ ᠶᠢᠨ ᠬᠤᠷᠢᠶ᠎ᠠ ᠶᠢᠨ ᠢᠯᠡ ᠪᠠᠶᠢᠷᠢᠨ ᠳᠤ ᠡᠮ ᠤᠨ ᠵᠦᠢᠯ ᠢ ᠬᠤᠷᠢᠶᠠᠨ ᠠᠪᠬᠤ ᠴᠡᠭ ᠪᠠᠶᠢᠭᠤᠯᠬᠤ ᠶᠢ ᠵᠤᠷᠢᠭᠵᠢᠭᠤᠯᠬᠤ ᠶᠢᠨ ᠬᠠᠮᠳᠤ ᠢᠯᠡ ᠢᠯᠡᠳᠬᠡᠯ ᠲᠡᠮᠳᠡᠭ᠂ ᠲᠤᠤᠷ ᠰᠦᠯᠵᠢᠶ᠎ᠡ ᠶᠢᠨ ᠭᠠᠵᠠᠷ ᠤᠨ ᠵᠢᠷᠤᠭ ᠵᠡᠷᠬᠡ ᠠᠷᠭ᠎ᠠ ᠮᠠᠶ᠋ᠢᠭ ᠢᠶᠠᠷ ᠭᠠᠵᠠᠷ ᠵᠦᠢ ᠶᠢᠨ ᠪᠠᠶᠢᠷᠢᠰᠢᠯ ᠢ ᠨᠡᠶᠢᠳᠡᠯᠡᠵᠦ᠂ ᠤᠯᠠᠨ ᠲᠦᠮᠡᠨ ᠤ ᠠᠪᠠᠴᠢᠵᠤ ᠦᠭᠬᠦ ᠳᠤ ᠲᠦᠬᠦᠮ ᠦᠵᠡᠬᠦᠯᠬᠦ ᠬᠡᠷᠡᠭᠳᠡᠢ᠃ ᠡᠮ ᠤᠨ ᠵᠦᠢᠯ ᠢ ᠬᠤᠷᠢᠶᠠᠨ ᠠᠪᠬᠤ ᠪᠤᠯ ᠪᠠᠰᠠ ᠴᠤ ᠨᠢᠬᠡ ᠵᠦᠢᠯ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠪᠤᠯᠬᠤ ᠲᠤᠯᠠ᠂ ᠡᠮ ᠤᠨ ᠵᠦᠢᠯ ᠢ ᠬᠤᠷᠢᠶᠠᠨ ᠠᠪᠬᠤ ᠴᠡᠭ ᠭᠠᠷᠭᠠᠭᠰᠠᠨ ᠪᠠᠶᠢᠭᠤᠯᠤᠮᠵᠢ ᠳᠤ ᠵᠤᠬᠢᠰᠳᠠᠢ ᠠᠵᠤ ᠠᠬᠤᠢ ᠶᠢᠨ ᠨᠦᠬᠦᠪᠦᠷᠢ ᠪᠤᠶᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠬᠦᠯᠬᠦ ᠶᠢ ᠪᠤᠳᠤᠯᠬᠢᠯᠠᠵᠤ᠂ ᠤᠯᠠᠨ ᠲᠠᠯ᠎ᠠ ᠶᠢᠨ ᠬᠢᠨ ᠬᠠᠮᠳᠤ ᠪᠠᠷ ᠠᠰᠢᠭ ᠬᠦᠷᠳᠡᠬᠦ ᠶᠢ ᠪᠡᠶᠡᠯᠡᠬᠦᠯᠬᠦ ᠬᠡᠷᠡᠭᠳᠡᠢ᠃          ᠡᠮ ᠤᠨ ᠵᠦᠢᠯᠡᠰ ᠢ ᠪᠠᠭ᠎ᠠ ᠪᠤᠭᠤᠳᠠᠯ ᠢᠶᠠᠷ ᠪᠤᠭᠤᠳᠠᠯᠯᠠᠬᠤ᠂ ᠬᠡᠰᠡᠭᠯᠡᠨ ᠪᠤᠷᠤᠯᠠᠭᠤᠯᠬᠤ ᠨᠢ ᠡᠮ ᠦᠯᠡᠳᠡᠬᠦ ᠪᠠ ᠬᠤᠭᠤᠴᠠᠭ᠎ᠠ ᠨᠢ ᠬᠡᠳᠦᠷᠡᠬᠦ ᠶᠢ ᠡᠬᠢ ᠦᠨᠳᠦᠰᠦ ᠠᠴᠠ ᠨᠢ ᠰᠶᠢᠳᠪᠦᠷᠢᠯᠡᠵᠦ ᠪᠤᠯᠤᠨ᠎ᠠ᠃ ᠵᠢᠱᠢᠶᠡᠯᠡᠪᠡᠯ ᠵᠠᠷᠢᠮ ᠲᠠᠭᠰᠢᠭᠤᠷ ᠤᠨ ᠡᠮ ᠨᠢ ᠬᠠᠶᠢᠷᠴᠠᠭ ᠪᠦᠷᠢ ᠳᠤ ᠤᠯᠠᠨ ᠮᠦᠬᠦᠯᠢᠭ ᠪᠠᠶᠢᠳᠠᠭ᠂ ᠡᠪᠡᠳᠴᠢᠳᠡᠨ ᠬᠡᠳᠦᠨ ᠮᠦᠬᠦᠯᠢᠭ ᠢᠳᠡᠪᠡᠯ ᠲᠠᠷᠤᠢ ᠡᠳᠡᠬᠡᠷᠡᠴᠢᠬᠡᠬᠦ ᠤᠴᠢᠷ ᠠᠴᠠ ᠡᠮ ᠦᠯᠡᠳᠡᠭᠳᠡᠬᠦ ᠨᠢ ᠭᠠᠷᠴᠠᠭ᠎ᠠ ᠦᠬᠡᠢ ᠶᠤᠮ᠃ ᠡᠬᠦᠨ ᠠᠴᠠ ᠦᠵᠡᠪᠡᠯ᠂ ᠡᠨᠡ ᠬᠦ ᠠᠰᠠᠭᠤᠳᠠᠯ ᠢ ᠰᠶᠢᠳᠪᠦᠷᠢᠯᠡᠬᠦ ᠳᠤ ᠨᠢᠬᠡ ᠲᠠᠯ᠎ᠠ ᠪᠠᠷ ᠡᠮ ᠤᠨ ᠠᠵᠤ ᠠᠬᠤᠶᠢᠯᠠᠯ ᠢ ᠬᠦᠳᠦᠯᠦᠨ ᠵᠢᠯᠤᠭᠤᠳᠴᠤ ᠪᠠᠶᠢᠭᠠᠳ ᠪᠠᠭ᠎ᠠ ᠬᠡᠮᠵᠢᠶ᠎ᠠ ᠲᠠᠢ᠂ ᠪᠠᠭ᠎ᠠ ᠪᠤᠭᠤᠳᠠᠯ ᠲᠠᠢ ᠡᠮ ᠤᠨ ᠵᠦᠢᠯ ᠢ ᠦᠢᠯᠡᠳᠪᠦᠷᠢᠯᠡᠬᠦᠯᠬᠦ ᠬᠡᠷᠡᠭᠳᠡᠢ︔ ᠨᠦᠬᠦᠬᠡ ᠲᠠᠯ᠎ᠠ ᠪᠠᠷ ᠡᠮ ᠤᠨ ᠲᠡᠯᠬᠡᠬᠦᠷ ᠪᠠ ᠡᠮᠴᠢᠯᠡᠬᠡᠨ ᠤ ᠪᠠᠶᠢᠭᠤᠯᠤᠮᠵᠢ ᠶᠢᠨ ᠬᠡᠰᠡᠭᠯᠡᠨ ᠪᠤᠷᠤᠯᠠᠭᠤᠯᠬᠤ ᠦᠢᠯᠡᠴᠢᠯᠡᠭᠡ ᠬᠠᠨᠭ᠍ᠭᠠᠬᠤ ᠶᠢ ᠵᠤᠷᠢᠭᠵᠢᠭᠤᠯᠵᠤ᠂ ᠤᠯᠠᠨ ᠲᠦᠮᠡᠨ ᠤ ᠬᠡᠷᠡᠭᠴᠡᠭᠡ ᠶᠤᠰᠤᠭᠠᠷ ᠬᠤᠳᠠᠯᠳᠤᠨ ᠠᠪᠬᠤ ᠳᠤ ᠲᠦᠬᠦᠮ ᠦᠵᠡᠬᠦᠯᠵᠦ᠂ ᠪᠦᠷᠢᠯᠬᠡᠨ ᠰᠦᠢᠳᠬᠡᠬᠦ ᠠᠴᠠ ᠵᠠᠶᠢᠯᠠᠰᠬᠢᠵᠤ ᠪᠤᠯᠤᠨ᠎ᠠ᠃        ᠠᠶᠤᠯ ᠦᠭᠡᠢ ᠪᠠᠷ ᠡᠮ ᠬᠡᠷᠡᠭᠯᠡᠬᠦ ᠳᠤ ᠪᠠᠭ᠎ᠠ ᠤᠴᠢᠷ ᠬᠡᠵᠦ ᠦᠬᠡᠢ᠃ ᠡᠮ ᠨᠢ ᠪᠠᠭ᠎ᠠ ᠪᠤᠯᠪᠠᠴᠤ ᠲᠤᠷ᠎ᠠ ᠪᠠᠷ ᠬᠡᠬᠡᠵᠦ ᠬᠠᠶᠠᠪᠠᠯ ᠬᠦᠨᠦᠬᠡᠯ ᠨᠢ ᠪᠠᠭ᠎ᠠ ᠦᠬᠡᠢ᠂ ᠡᠬᠡᠬᠦᠯᠦᠨ ᠠᠪᠴᠤ ᠰᠶᠢᠳᠪᠦᠷᠢᠯᠡᠬᠦ ᠨᠢ ᠲᠡᠶᠢᠮᠦ ᠬᠢᠯᠪᠠᠷ ᠪᠢᠰᠢ᠃ ᠡ᠊ᠡᠭ ᠤᠨ ᠰᠠᠭᠤᠭᠠᠯᠢ ᠠᠷᠠᠳ ᠪᠤᠯᠤᠭᠰᠠᠨ ᠤ ᠬᠤᠪᠢ ᠳᠤ ᠪᠢᠳᠠ ᠵᠦᠢ ᠵᠤᠬᠢᠰᠳᠠᠢ ᠪᠠᠷ ᠡᠮ ᠬᠡᠷᠡᠭᠯᠡᠬᠦ᠂ ᠤᠶᠤᠨᠴᠢ ᠪᠠᠷ ᠡᠮ ᠬᠤᠳᠠᠯᠳᠤᠨ ᠠᠪᠬᠤ ᠶᠢ ᠰᠤᠷᠴᠤ᠂ ᠴᠢᠬᠤᠯᠠ ᠪᠤᠰᠤ ᠡᠮ ᠢ ᠨᠦᠬᠡᠴᠡᠯᠡᠨ ᠬᠠᠳᠠᠭᠠᠯᠠᠬᠤ ᠪᠠᠨ ᠪᠠᠭᠠᠰᠬᠠᠵᠤ᠂ ᠦᠯᠡᠳᠡᠭᠰᠡᠨ ᠡᠮ ᠪᠠ ᠬᠤᠭᠤᠴᠠᠭ᠎ᠠ ᠨᠢ ᠬᠡᠳᠦᠷᠡᠭᠰᠡᠨ ᠡᠮ ᠢ ᠰᠶᠢᠳᠪᠦᠷᠢᠯᠡᠬᠦ ᠦᠶᠡᠰ ᠠᠩᠭᠢᠯᠠᠯ ᠢ ᠰᠠᠶᠢᠳᠤᠷ ᠬᠢᠬᠦ ᠶᠢ ᠠᠩᠬᠠᠷᠬᠤ ᠬᠡᠷᠡᠭᠳᠡᠢ᠃ ᠪᠦᠬᠦ ᠨᠡᠶᠢᠬᠡᠮ ᠤᠨ ᠬᠠᠮᠳᠤ ᠶᠢᠨ ᠴᠢᠷᠮᠠᠶᠢᠯᠭ᠎ᠠ ᠪᠠᠷ ᠡᠮ ᠤᠨ ᠵᠦᠢᠯᠡᠰ ᠢ ᠬᠤᠷᠢᠶᠠᠨ ᠠᠪᠬᠤ ᠠᠵᠢᠯ ᠯᠠᠪᠳᠠᠢ ᠨᠡᠩ ᠶᠡᠭᠡ ᠠᠬᠢᠴᠠ ᠲᠠᠢ ᠪᠤᠯᠵᠤ ᠴᠢᠳᠠᠨ᠎ᠠ ᠬᠡᠳᠡᠭ ᠢ ᠢᠳᠡᠬᠡᠵᠦ ᠪᠠᠶᠢᠨ᠎ᠠ᠃      
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ