| | ᠪᠦᠭᠦ ᠨᠠᠮ ᠤᠨ ᠳᠣᠲᠣᠷ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠠᠵᠢᠯ ᠢ ᠰᠤᠳᠤᠯᠤᠨ ᠪᠠᠶᠢᠷᠢᠯᠠᠭᠤᠯᠵᠤ ︽ᠤᠳᠤᠷᠢᠳᠬᠤ ᠺᠠᠳ᠋ᠷ ᠬᠤᠪᠢ | ᠬᠥᠮᠥᠨ ᠤ ᠬᠤᠯᠪᠣᠭᠳᠠᠯ ᠪᠦᠬᠦᠢ ᠵᠦᠢᠯ ᠢᠶᠠᠨ ᠮᠡᠳᠡᠭᠦᠯᠭᠦ ᠲᠣᠭᠲᠠᠭᠠᠯ︾ ᠢ ᠬᠢᠨᠠᠨ ᠵᠥᠪᠯᠡᠪᠡ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠠᠢ | ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 30 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 3 | ᠰᠠᠷ᠎ᠠ ᠶᠢᠨ 30 ᠤ ᠡᠳᠦᠷ ᠬᠤᠷᠠᠯ ᠬᠤᠷᠠᠯᠳᠤᠭᠤᠯᠵᠤ᠂ ᠡᠨᠡ ᠵᠢᠯ ᠤᠨ 4 ᠰᠠᠷ᠎ᠠ ᠠᠴᠠ ᠡᠬᠢᠯᠡᠨ᠂ ᠪᠦᠭᠦ ᠨᠠᠮ ᠤᠨ ᠳᠣᠲᠣᠷ᠎ᠠ ᠳᠡᠭᠡᠷ᠎ᠡ ᠠᠴᠠ ᠳᠣᠷᠣᠭᠰᠢ ᠬᠤᠶᠠᠷ | ᠪᠦᠯᠦᠭ ᠬᠤᠪᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠪᠠᠷ ᠲᠣᠭᠲᠠᠪᠠ᠃ ᠬᠤᠷᠠᠯ ᠠᠴᠠ ︽ᠤᠳᠤᠷᠢᠳᠬᠤ ᠺᠠᠳ᠋ᠷ ᠬᠤᠪᠢ ᠬᠥᠮᠥᠨ ᠤ ᠬᠤᠯᠪᠣᠭᠳᠠᠯ ᠪᠦᠬᠦᠢ | ᠵᠦᠢᠯ ᠢᠶᠠᠨ ᠮᠡᠳᠡᠭᠦᠯᠭᠦ ᠲᠣᠭᠲᠠᠭᠠᠯ︾ ᠢ ᠬᠢᠨᠠᠨ ᠵᠥᠪᠯᠡᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠠᠢ᠃ | ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠷᠢᠯᠠᠭᠤᠯᠤᠯᠲᠠ ᠶᠢ ᠦᠨᠳᠦᠰᠦᠯᠡᠵᠦ᠂ ᠰᠢᠶᠠᠨ ᠭᠠᠵᠠᠷ ᠤᠨ ᠲᠡᠰ ᠠᠴᠠ ᠳᠡᠭᠡᠭᠰᠢᠬᠢ | ᠤᠳᠤᠷᠢᠳᠬᠤ ᠺᠠᠳ᠋ᠷ ᠢᠶᠠᠷ ᠭᠤᠣᠯᠳᠠᠯᠭ᠎ᠠ ᠪᠤᠯᠭᠠᠵᠤ᠂ ᠪᠦᠭᠦ ᠨᠠᠮ ᠤᠨ ᠳᠣᠲᠣᠷ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠨᠠᠮ ᠤᠨ | ᠰᠢᠨ᠎ᠡ ᠶᠢ ᠡᠭᠦᠳᠭᠦ ᠤᠨᠤᠯ ᠢᠶᠠᠷ ᠦᠵᠡᠯ ᠰᠠᠨᠠᠭ᠎ᠠ ᠪᠠᠨ ᠨᠢᠭᠡᠳᠬᠡᠵᠦ᠂ ᠵᠣᠷᠢᠯᠲᠠ ᠪᠠᠨ ᠨᠢᠭᠡᠳᠬᠡᠵᠦ᠂ ᠦᠢᠯᠡ ᠠᠵᠢᠯᠯᠠᠭ᠎ᠠ ᠪᠠᠨ ᠨᠢᠭᠡᠳᠬᠡᠵᠦ᠂ ᠨᠠᠮ ᠪᠠᠶᠢᠭᠤᠯᠬᠤ | ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠭᠤᠷᠪᠠᠨ ᠡᠷᠬᠡᠪᠰᠢ︾ ᠶᠢ ᠪᠠᠲᠤ ᠴᠡᠭᠡᠵᠢᠯᠡᠵᠦ᠂ ᠪᠦᠭᠦ ᠨᠠᠮ ᠢᠶᠠᠷ ᠢᠶᠠᠨ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ | ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠪᠦᠭᠦ ᠨᠠᠮ ᠤᠨ ᠳᠣᠲᠣᠷ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠪᠣᠯ ᠨᠠᠮ ᠤᠨ ᠲᠥᠪ ᠬᠤᠷᠢᠶ᠎ᠠ ᠠᠴᠠ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠪᠦᠭᠦ ᠨᠠᠮ ᠤᠨ ᠨᠥᠬᠦᠳ ᠢ ᠳᠠᠶᠢᠴᠢᠯᠠᠨ ᠨᠠᠮ ᠤᠨ ᠭᠤᠣᠯ ᠡᠭᠦᠷᠭᠡ ᠶᠢ | ᠪᠡᠶᠡᠯᠡᠭᠦᠯᠬᠦ ᠪᠠᠷ ᠪᠦᠯᠬᠦᠮᠳᠡᠨ ᠲᠡᠮᠡᠴᠡᠭᠦᠯᠬᠦ ᠶᠢᠨ ᠲᠥᠯᠥᠭᠡ ᠪᠠᠶᠢᠷᠢᠯᠠᠭᠤᠯᠤᠭᠰᠠᠨ ᠴᠢᠬᠤᠯᠠ ᠶᠡᠭᠡ ᠪᠠᠶᠢᠷᠢᠯᠠᠭᠤᠯᠤᠯᠲᠠ ᠮᠥᠨ᠂ ᠰᠢᠨ᠎ᠡ ᠴᠠᠭ ᠦᠶ᠎ᠡ ᠶᠢᠨ ᠨᠠᠮ ᠤᠨ | ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠬᠤ ᠴᠢᠬᠤᠯᠠ ᠶᠡᠭᠡ ᠪᠠᠶᠢᠷᠢᠯᠠᠭᠤᠯᠤᠯᠲᠠ ᠮᠥᠨ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ ᠨᠢᠭᠲᠠᠷᠠᠭᠤᠯᠵᠤ ᠰᠦᠭ ᠰᠦᠨᠡᠰᠦ ᠶᠢ ᠱᠤᠭᠤᠵᠤ᠂ | ᠪᠦᠭᠦ ᠨᠠᠮ ᠢᠶᠠᠷ ᠢᠶᠠᠨ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠡᠩ ᠤᠬᠠᠮᠰᠠᠷ ᠠᠴᠠ ᠪᠠᠨ ᠭᠦᠨᠵᠡᠭᠡᠢ | ᠣᠶᠢᠯᠠᠭᠠᠬᠤ ᠶᠢ ᠠᠬᠢᠭᠤᠯᠵᠤ᠂ ︽ᠳᠥᠷᠪᠡᠨ ᠤᠬᠠᠮᠰᠠᠷ︾ ᠢ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ | ᠭᠡᠷᠡᠭᠲᠡᠶ︔ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠰᠤᠷᠤᠯᠴᠠᠵᠤ᠂ ᠪᠦᠭᠦ ᠲᠠᠯ᠎ᠠ ᠪᠠᠷ ᠡᠵᠡᠮᠳᠡᠵᠦ᠂ ᠪᠦᠭᠦ ᠲᠠᠯ᠎ᠠ ᠪᠠᠷ | ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠭᠡᠷᠡᠭᠲᠡᠢ︔ ᠨᠠᠮ ᠤᠨ ᠥᠪᠡᠷ ᠤᠨ ᠪᠡᠶ᠎ᠡ ᠳᠡᠭᠡᠨ | ᠬᠤᠪᠢᠰᠬᠠᠯ ᠬᠢᠬᠦ ᠶᠢ ᠠᠬᠢᠭᠤᠯᠵᠤ᠂ ᠶᠡᠭᠡ ᠨᠠᠮ ᠤᠨ ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ ᠰᠡᠷᠭᠡᠭ ᠴᠢᠨᠠᠷ ᠪᠠ ᠡᠷᠡᠰ ᠪᠠᠲᠤ ᠴᠢᠨᠠᠷ ᠢ ᠴᠠᠭ ᠢᠮᠠᠭᠲᠠ | ᠪᠠᠲᠤᠯᠠᠵᠤ᠂ ᠢᠮᠠᠭᠲᠠ ᠠᠷᠠᠳ ᠲᠦᠮᠡᠨ ᠲᠠᠢ ᠰᠡᠳᠬᠢᠯ ᠨᠢᠭᠡᠳᠴᠦ᠂ ᠨᠠᠮ ᠤᠨ ᠲᠡᠷᠢᠭᠦᠨ ᠤ ᠴᠢᠨᠠᠷ ᠪᠠ ᠴᠡᠪᠡᠷ ᠴᠢᠨᠠᠷ ᠢ ᠪᠠᠲᠤᠯᠠᠵᠤ᠂ ᠪᠦᠭᠦ ᠨᠠᠮ ᠢ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠭᠤᠯᠤᠨ ᠪᠦᠯᠬᠦᠮᠳᠡᠭᠦᠯᠵᠦ᠂ ᠰᠢᠨ᠎ᠡ ᠠᠶᠠᠨ ᠳᠤ ᠡᠷᠡᠮᠡᠬᠡᠶᠢᠯᠡᠨ | ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠳᠤ ᠪᠠᠲᠤ ᠴᠢᠩᠭ᠎ᠠ ᠬᠦᠴᠦᠨ ᠪᠦᠬᠦᠢ ᠤᠯᠤᠰ ᠲᠦᠷᠦ ᠶᠢᠨ ᠵᠢᠯᠣᠭᠤᠳᠤᠮᠵᠢ ᠪᠠ ᠤᠯᠤᠰ | ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ᠂ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠢ ᠥᠷᠨᠢᠭᠦᠯᠬᠦ | ᠶᠡᠷᠦᠩᠬᠡᠢ ᠱᠠᠭᠠᠷᠳᠠᠯᠭ᠎ᠠ ᠪᠣᠯ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ | ᠪᠠᠶᠢᠭᠤᠯᠬᠤ︾ ᠶᠠᠪᠤᠳᠠᠯ ᠪᠣᠯᠣᠨ᠎ᠠ᠂ ᠦᠨᠳᠦᠰᠦᠨ ᠡᠭᠦᠷᠭᠡ ᠪᠣᠯ ᠰᠤᠷᠤᠯᠴᠠᠬᠤ ᠰᠡᠳᠭᠢᠭᠦ ᠬᠡᠷᠡᠭᠯᠡᠬᠦ ᠶᠢ ᠤᠶᠠᠯᠳᠤᠭᠤᠯᠬᠤ᠂ ᠮᠡᠳᠡᠭᠦ ᠢᠲᠡᠭᠡᠭᠦ ᠬᠢᠬᠦ ᠶᠢ ᠨᠢᠭᠡᠳᠬᠡᠬᠦ ᠶᠢ | ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠡᠷᠡᠰ ᠪᠠᠲᠤ | ᠬᠦᠰᠡᠯᠡᠩ ᠢᠶᠠᠨ ᠪᠠᠲᠤᠳᠬᠠᠬᠤ᠂ ᠨᠠᠮᠴᠢ ᠴᠢᠨᠠᠷ ᠢ ᠳᠠᠪᠲᠠᠨ ᠪᠤᠯᠪᠠᠰᠤᠷᠠᠭᠤᠯᠬᠤ ᠪᠠ ᠦᠢᠯᠡᠳᠦᠯᠭᠡ ᠶᠢ ᠵᠢᠯᠤᠭᠤᠳᠬᠤ᠂ ᠠᠵᠢᠯ ᠢ ᠠᠬᠢᠭᠤᠯᠬᠤ ᠬᠦᠴᠦᠷᠬᠡᠭ ᠶᠡᠭᠡ | ᠬᠦᠴᠦᠨ ᠪᠣᠯᠭᠠᠨ ᠬᠤᠪᠢᠷᠠᠭᠤᠯᠵᠤ᠂ ᠪᠦᠭᠦ ᠨᠠᠮ ᠢ ᠢᠮᠠᠭᠲᠠ ᠨᠢᠭᠡᠳᠦᠯᠲᠡᠢ ᠦᠵᠡᠯ ᠰᠠᠨᠠᠭ᠎ᠠ᠂ ᠡᠷᠡᠰ ᠪᠠᠲᠤ ᠵᠣᠷᠢᠯᠲᠠ᠂ ᠵᠣᠬᠢᠴᠠᠩᠭᠤᠢ ᠠᠵᠢᠯᠯᠠᠭ᠎ᠠ᠂ ᠬᠦᠴᠦᠷᠬᠡᠭ | ᠶᠡᠭᠡ ᠲᠠᠶᠢᠴᠢᠨ ᠬᠦᠴᠦᠨ ᠲᠠᠢ ᠪᠠᠶᠢᠯᠭᠠᠵᠤ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ | ᠰᠤᠷᠤᠯᠴᠠᠯᠭ᠎ᠠ ᠪᠠᠷ ᠰᠤᠷᠲᠠᠯ ᠢ ᠲᠥᠪ ᠪᠤᠯᠭᠠᠬᠤ᠂ ᠰᠤᠷᠤᠯᠴᠠᠯᠭ᠎ᠠ ᠪᠠᠷ ᠠᠵᠢᠯ ᠢ ᠠᠬᠢᠭᠤᠯᠬᠤ ᠲᠠᠯ᠎ᠠ ᠪᠠᠷ ᠦᠨᠡᠨ ᠪᠣᠳᠠᠲᠠᠢ ᠦᠷ᠎ᠡ ᠪᠦᠲᠦᠮᠵᠢ ᠣᠯᠬᠤ ᠪᠠᠷ | ᠴᠢᠷᠮᠠᠶᠢᠬᠤ ᠪᠣᠯᠣᠨ᠎ᠠ᠃ ᠨᠢᠭᠡ ᠰᠡᠳᠬᠢᠯ ᠢᠶᠠᠷ ᠰᠦᠭ ᠰᠦᠨᠡᠰᠦ ᠶᠢ ᠱᠤᠭᠤᠵᠤ ᠦᠨᠳᠦᠰᠦ ᠶᠢ ᠪᠠᠬᠢᠵᠢᠭᠦᠯᠬᠦ᠂ ᠵᠠᠩ ᠴᠢᠨᠠᠷ ᠢ ᠳᠠᠪᠲᠠᠨ ᠪᠤᠯᠪᠠᠰᠤᠷᠠᠭᠤᠯᠵᠤ ᠦᠨᠡᠨᠴᠢ | ᠰᠢᠳᠤᠷᠭᠤ ᠪᠠᠶᠢᠬᠤ ᠶᠢ ᠴᠢᠩᠭᠠᠳᠬᠠᠬᠤ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ ᠬᠥᠭᠵᠢᠯᠲᠡ ᠶᠢ ᠠᠬᠢᠭᠤᠯᠬᠤ᠂ ᠵᠣᠷᠢᠯᠲᠠ ᠪᠠᠨ ᠦᠢᠯᠡᠳᠦᠯᠭᠡᠵᠢᠭᠦᠯᠵᠦ | ᠠᠷᠠᠳ ᠲᠦᠮᠡᠨ ᠳᠤ ᠪᠤᠶᠠᠨ ᠦᠶ᠋ᠯᠡᠳᠭᠦ᠂ ᠠᠷᠢᠭᠤᠨ ᠴᠢᠬᠡᠴᠢ ᠪᠠᠷ ᠠᠯᠪᠠᠨ ᠳᠤ ᠦᠢᠯᠡᠴᠢᠯᠡᠵᠦ ᠰᠢᠨ᠎ᠡ ᠰᠤᠷᠲᠠᠯ ᠢ ᠪᠤᠶ ᠪᠤᠯᠭᠠᠬᠤ ᠬᠠᠷᠠᠯᠲᠠ ᠳᠤ ᠬᠦᠷᠴᠦ᠂ | ᠣᠨᠣᠯ ᠤᠨ ᠰᠤᠷᠤᠯᠴᠠᠯᠭ᠎ᠠ᠂ ᠤᠯᠤᠰ ᠲᠥᠷᠥ ᠶᠢᠨ ᠬᠡᠪ ᠪᠣᠯᠪᠠᠰᠤᠷᠠᠯ᠂ ᠴᠢᠳᠠᠪᠤᠷᠢ ᠡᠷᠳᠡᠮ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ | ᠠᠵᠢᠯ ᠤᠨ ᠰᠤᠷᠲᠠᠯ᠂ ᠠᠷᠢᠭᠤᠨ ᠴᠢᠬᠡᠴᠢ ᠪᠠᠷ ᠥᠪᠡᠷ ᠢ ᠪᠠᠨ ᠱᠠᠭᠠᠷᠳᠠᠬᠤ ᠵᠡᠷᠭᠡ 6 ᠲᠠᠯ᠎ᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠭᠤᠣᠯ | ᠰᠡᠳᠦᠪᠲᠦ ᠬᠥᠮᠦᠵᠢᠯ ᠢ ᠱᠠᠲᠤ ᠬᠤᠪᠢᠶᠠᠬᠤ ᠦᠭᠡᠢ᠂ ᠭᠤᠭᠴᠤᠭ᠎ᠠ ᠬᠤᠪᠢᠶᠠᠬᠤ ᠦᠭᠡᠢ ᠪᠠᠶᠢᠵᠤ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ | ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠨᠠᠪᠲᠠᠷᠡᠭᠦᠯᠵᠦ᠂ ᠣᠷᠭᠠᠨᠢᠭ ᠢᠶᠠᠷ ᠠᠭᠤᠰᠤᠯᠴᠠᠭᠤᠯᠵᠤ᠂ ᠨᠢᠭᠡ | ᠴᠣᠭᠴᠠᠵᠢᠭᠤᠯᠤᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ | ᠨᠢᠮᠪᠠᠢ ᠵᠣᠬᠢᠶᠠᠨ ᠪᠠᠶᠢᠭᠤᠯᠵᠤ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢ ᠡᠵᠡᠮᠰᠢᠨ ᠬᠡᠷᠡᠭᠯᠡᠬᠦ ᠶᠢ ᠴᠢᠩᠭᠠᠳᠬᠠᠵᠤ᠂ ᠪᠠᠶᠢᠴᠠᠭᠠᠨ ᠰᠤᠳᠤᠯᠤᠯᠲᠠ ᠶᠢᠨ ᠦᠷ᠎ᠡ | ᠪᠦᠲᠦᠭᠡᠯ ᠢ ᠣᠨᠳᠣᠣᠰᠢᠭᠤᠯᠬᠤ ᠶᠢ ᠰᠠᠶᠢᠲᠤᠷ ᠠᠳᠬᠤᠵᠤ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ | ᠰᠢᠢᠳᠪᠦᠷᠢᠯᠡᠵᠦ᠂ ᠲᠣᠪᠤᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠵᠤ᠂ ᠡᠴᠦᠰ ᠲᠡᠭᠡᠨ ᠤᠯᠠᠨ ᠲᠦᠮᠡᠨ ᠤ ᠬᠠᠨᠤᠮᠵᠢᠲᠠᠢ ᠪᠠᠶᠢᠬᠤ ᠡᠰᠡᠬᠦ ᠪᠠᠷ ᠦᠨᠳᠦᠰᠦᠨ | ᠦᠨᠡᠯᠡᠯᠲᠡ ᠶᠢᠨ ᠪᠠᠷᠢᠮᠵᠢᠶ᠎ᠠ ᠪᠤᠯᠭᠠᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠥᠷᠨᠢᠭᠦᠯᠬᠦ ᠶᠢ ᠭᠤᠣᠯ ᠠᠵᠢᠯ ᠢ ᠠᠬᠢᠭᠤᠯᠬᠤ ᠲᠠᠢ ᠤᠶᠠᠯᠳᠤᠭᠤᠯᠵᠤ᠂ ︽ | ᠬᠤᠶᠠᠷ ᠨᠢᠭᠤᠷᠳᠠᠨ︾ ᠤ ᠶᠠᠪᠤᠳᠠᠯ ᠭᠠᠷᠬᠤ ᠠᠴᠠ ᠰᠡᠷᠭᠡᠶᠢᠯᠡᠬᠦ ᠬᠡᠷᠡᠭᠲᠡᠢ᠃ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠰᠠᠶᠢᠨ ᠰᠠᠶᠢᠬᠠᠨ ᠶᠠᠷᠢᠶ᠎ᠠ | ᠬᠡᠯᠡᠯᠴᠡᠭᠡᠨ ᠤ ᠠᠭᠤᠷ ᠠᠮᠢᠰᠬᠤᠯ ᠢ ᠪᠤᠶ ᠪᠤᠯᠭᠠᠬᠤ ᠬᠡᠷᠡᠭᠲᠡᠢ᠃ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠶᠢ | ᠪᠠᠷᠢᠮᠲᠠᠯᠠᠵᠤ᠂ ᠬᠡᠯᠪᠡᠷᠢᠴᠢ ᠦᠵᠡᠯ ᠢ ᠡᠷᠡᠰ ᠡᠰᠡᠷᠭᠦᠴᠡᠨ ᠰᠡᠷᠭᠡᠶᠢᠯᠡᠵᠦ᠂ ᠪᠣᠳᠠᠲᠤ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ᠃ ᠭᠤᠣᠯ ᠰᠡᠳᠦᠪᠲᠦ | ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠣᠭᠲᠠᠭᠠᠵᠤ᠂ ᠨᠠᠮ ᠤᠨ ᠰᠢᠨ᠎ᠡ ᠶᠢ | ᠡᠭᠦᠳᠦᠭᠰᠡᠨ ᠤᠨᠤᠯ ᠢ ᠰᠤᠷᠤᠯᠴᠠᠨ ᠲᠤᠭᠤᠰᠢᠯᠠᠭᠤᠯᠬᠤ ᠳᠦᠷᠢᠮ ᠲᠣᠭᠲᠠᠴᠠ ᠶᠢ ᠪᠦᠷᠢᠨᠰᠢᠭᠦᠯᠵᠦ᠂ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ | ᠬᠤᠷᠢᠶ᠎ᠠ᠂ ᠤᠳᠤᠷᠢᠳᠬᠤ ᠺᠠᠳ᠋ᠷ ᠤᠨ ᠬᠤᠪᠢ ᠬᠥᠮᠥᠨ ᠤ ᠬᠤᠯᠪᠣᠭᠳᠠᠯ ᠪᠦᠬᠦᠢ ᠵᠦᠢᠯ ᠢᠶᠠᠨ ᠮᠡᠳᠡᠭᠦᠯᠭᠦ ᠳᠦᠷᠢᠮ ᠢ ᠴᠢᠩᠭ᠎ᠠ ᠬᠡᠷᠡᠭᠵᠢᠭᠦᠯᠬᠦ ᠶᠢ ᠪᠦᠭᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠳᠤ ᠣᠷᠣᠭᠤᠯᠵᠤ᠂ ᠨᠠᠮ ᠤᠨ ᠰᠠᠬᠢᠯᠭ᠎ᠠ ᠪᠠᠲᠤ ᠶᠣᠰᠣ ᠳᠦᠷᠢᠮ ᠢ ᠴᠢᠩᠳᠠᠯᠠᠬᠤ᠂ | ᠺᠠᠳ᠋ᠷ ᠢ ᠴᠢᠩᠭ᠎ᠠ ᠬᠠᠮᠢᠶᠠᠷᠤᠨ ᠬᠢᠨᠠᠯᠲᠠ ᠲᠠᠯᠪᠢᠬᠤ ᠴᠢᠬᠤᠯᠠ ᠠᠷᠭ᠎ᠠ ᠬᠡᠮᠵᠢᠶ᠎ᠡ ᠪᠤᠯᠭᠠᠵᠤ᠂ ᠨᠠᠮ ᠢ ᠬᠠᠮᠢᠶᠠᠷᠬᠤ ᠳᠠᠷᠤᠭ᠎ᠠ ᠨᠣᠶᠠᠳ ᠢ ᠵᠠᠰᠠᠬᠤ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠬᠦᠴᠦᠲᠡᠢ ᠠᠬᠢᠭᠤᠯᠪᠠ᠃ ︽ᠤᠳᠤᠷᠢᠳᠬᠤ ᠺᠠᠳ᠋ᠷ ᠤᠨ ᠬᠤᠪᠢ ᠬᠥᠮᠥᠨ ᠤ ᠬᠤᠯᠪᠣᠭᠳᠠᠯ ᠪᠦᠬᠦᠢ ᠵᠦᠢᠯ ᠢᠶᠠᠨ | ᠮᠡᠳᠡᠭᠦᠯᠭᠦ ᠲᠣᠭᠲᠠᠭᠠᠯ︾ ᠳᠤ ᠵᠠᠰᠠᠪᠤᠷᠢ ᠣᠷᠣᠭᠤᠯᠤᠭᠰᠠᠨ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ | ᠳᠤᠮᠳᠠᠳᠤ ᠤᠯᠤᠰ ᠤᠨ ᠣᠨᠴᠠᠯᠢᠭ ᠲᠠᠢ ᠤᠳᠤᠷᠢᠳᠬᠤ ᠺᠠᠳ᠋ᠷ ᠤᠨ ᠬᠤᠪᠢ ᠬᠥᠮᠥᠨ ᠤ ᠬᠤᠯᠪᠣᠭᠳᠠᠯ ᠪᠦᠬᠦᠢ ᠵᠦᠢᠯ ᠢᠶᠠᠨ ᠮᠡᠳᠡᠭᠦᠯᠭᠦ ᠳᠦᠷᠢᠮ ᠢ ᠪᠦᠷᠢᠨᠰᠢᠭᠦᠯᠦᠨ᠂ | ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠳᠦᠷᠢᠮ ᠤᠨ ᠵᠢᠷᠤᠮᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠤᠳᠤᠷᠢᠳᠬᠤ ᠺᠠᠳ᠋ᠷ ᠤᠨ ᠬᠠᠮᠢᠶᠠᠷᠤᠯᠲᠠ ᠪᠠ | ᠬᠢᠨᠠᠯᠲᠠ ᠶᠢ ᠤᠯᠠᠮ ᠴᠢᠨᠠᠭᠰᠢᠳᠠ ᠴᠢᠩᠭᠠᠳᠬᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ᠃ ᠬᠤᠷᠠᠯ ᠠᠴᠠ᠂ ᠤᠳᠤᠷᠢᠳᠬᠤ | ᠺᠠᠳ᠋ᠷ ᠤᠨ ᠬᠤᠪᠢ ᠬᠥᠮᠥᠨ ᠤ ᠬᠤᠯᠪᠣᠭᠳᠠᠯ ᠪᠦᠬᠦᠢ ᠵᠦᠢᠯ ᠢᠶᠠᠨ ᠮᠡᠳᠡᠭᠦᠯᠭᠦ ᠳᠦᠷᠢᠮ ᠪᠣᠯ ᠵᠢᠭᠠᠪᠤᠷᠢ ᠠᠪᠴᠤ ᠮᠡᠳᠡᠭᠦᠯᠭᠦ ᠳᠦᠷᠢᠮ ᠤᠨ ᠴᠢᠬᠤᠯᠠ ᠪᠦᠷᠢᠯᠳᠦᠭᠦᠨ | ᠬᠡᠰᠡᠭ ᠮᠥᠨ᠂ ᠵᠣᠬᠢᠶᠠᠨ ᠪᠠᠶᠢᠭᠤᠯᠤᠯᠲᠠ ᠳᠤ ᠬᠤᠪᠢ ᠬᠥᠮᠥᠨ ᠤ ᠬᠤᠯᠪᠣᠭᠳᠠᠯ ᠪᠦᠬᠦᠢ ᠵᠦᠢᠯ ᠢᠶᠠᠨ ᠦᠨᠡᠨ ᠮᠥᠨ ᠢᠶᠠᠷ ᠨᠢ ᠮᠡᠳᠡᠭᠦᠯᠭᠦ ᠪᠣᠯ ᠤᠳᠤᠷᠢᠳᠬᠤ | ᠺᠠᠳ᠋ᠷ ᠤᠨ ᠡᠷᠬᠡᠪᠰᠢ ᠵᠢᠷᠤᠮᠯᠠᠬᠤ ᠤᠯᠤᠰ ᠲᠦᠷᠦ ᠶᠢᠨ ᠰᠠᠬᠢᠯᠭ᠎ᠠ ᠪᠠᠲᠤ ᠪᠠ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠮᠥᠨ᠃ ᠤᠳᠤᠷᠢᠳᠬᠤ ᠺᠠᠳ᠋ᠷ ︽ | ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ | ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠳᠠᠭᠠᠨ ᠦᠨᠡᠨᠴᠢ ᠰᠢᠳᠤᠷᠭᠤ᠂ ᠲᠥᠪ ᠴᠢᠬᠡᠴᠢ ᠪᠠᠶᠢᠵᠤ᠂ | ᠦᠨᠡᠨ ᠦᠭᠡ ᠬᠡᠯᠡᠵᠦ᠂ ᠪᠣᠳᠠᠲᠠᠢ ᠠᠵᠢᠯ ᠬᠢᠵᠦ᠂ ᠰᠢᠳᠤᠷᠭᠤ ᠬᠥᠮᠥᠨ ᠪᠣᠯᠵᠤ᠂ ᠬᠤᠪᠢ ᠬᠥᠮᠥᠨ ᠤ ᠬᠤᠯᠪᠣᠭᠳᠠᠯ ᠪᠦᠬᠦᠢ ᠵᠦᠢᠯ ᠢᠶᠠᠨ ᠦᠨᠡᠨ ᠮᠥᠨ ᠢᠶᠠᠷ ᠨᠢ | ᠮᠡᠳᠡᠭᠦᠯᠵᠦ᠂ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ ᠳᠡᠭᠡᠳᠦ ᠵᠡᠷᠭᠡ ᠶᠢᠨ ᠺᠠᠳ᠋ᠷ ᠨᠠᠷ ᠲᠦᠷᠦᠭᠦᠯᠡᠨ | ᠬᠡᠷᠡᠭᠵᠢᠭᠦᠯᠵᠦ᠂ ᠵᠢᠱᠢᠶᠡᠴᠢ ᠪᠠᠷ ᠵᠢᠷᠤᠮᠯᠠᠨ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ | ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠴᠢᠩᠭ᠎ᠠ ᠭᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢᠶᠠᠷ | ᠲᠤᠭᠤᠰᠢᠯᠠᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠵᠤ᠂ ᠮᠡᠳᠡᠭᠦᠯᠭᠦ ᠰᠠᠬᠢᠯᠭ᠎ᠠ ᠪᠠᠲᠤ ᠶᠢ ᠴᠢᠩᠳᠠᠯᠠᠵᠤ᠂ ᠰᠤᠭᠤᠴᠢᠨ ᠪᠠᠶᠢᠴᠠᠭᠠᠵᠤ ᠬᠢᠨᠠᠨ ᠬᠠᠷᠭᠤᠭᠤᠯᠬᠤ ᠶᠢ | ᠴᠢᠩᠭᠠᠳᠬᠠᠵᠤ᠂ ᠤᠳᠤᠷᠢᠳᠬᠤ ᠺᠠᠳ᠋ᠷ ᠤᠨ ᠬᠤᠪᠢ ᠬᠥᠮᠥᠨ ᠤ ᠬᠤᠯᠪᠣᠭᠳᠠᠯ ᠪᠦᠬᠦᠢ ᠵᠦᠢᠯ ᠢᠶᠠᠨ ᠮᠡᠳᠡᠭᠦᠯᠭᠦ ᠳᠦᠷᠢᠮ ᠤᠨ ᠲᠥᠪ ᠴᠢᠩᠭ᠎ᠠ ᠴᠢᠨᠠᠷ ᠪᠠ ᠡᠷᠬᠡ | ᠰᠦᠷᠲᠦ ᠴᠢᠨᠠᠷ ᠢ ᠡᠷᠡᠰ ᠬᠠᠮᠠᠭᠠᠯᠠᠵᠤ᠂ ᠤᠳᠤᠷᠢᠳᠬᠤ ᠺᠠᠳ᠋ᠷ ᠤᠨ ᠬᠤᠪᠢ ᠬᠥᠮᠥᠨ ᠤ ᠬᠤᠯᠪᠣᠭᠳᠠᠯ ᠪᠦᠬᠦᠢ ᠵᠦᠢᠯ ᠢᠶᠠᠨ ᠮᠡᠳᠡᠭᠦᠯᠭᠦ ᠳᠦᠷᠢᠮ ᠤᠨ ᠪᠦᠭᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠳᠤᠮᠳᠠ ᠨᠡᠩ ᠶᠡᠭᠡ ᠦᠢᠯᠡᠳᠦᠯ ᠦᠵᠡᠭᠦᠯᠭᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠬᠤᠷᠠᠯ ᠠᠴᠠ ᠪᠠᠰᠠ ᠪᠤᠰᠤᠳ ᠵᠦᠢᠯ ᠢ | ᠰᠤᠳᠤᠯᠵᠠᠢ᠃ | | | |