​ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠪᠡᠭᠡᠵᠢᠩ ᠳᠤ ᠡᠬᠢᠯᠡᠪᠡ
ᠨᠡᠶᠢᠲᠡᠯᠡᠭᠰᠡᠨ ᠴᠠᠭ᠄
2023/3/6
      ᠡᠷᠡᠮᠡᠬᠡᠶᠢᠯᠡᠨ ᠲᠡᠮᠡᠴᠡᠵᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠬᠠᠮᠳᠤ ᠪᠠᠷ ᠪᠦᠳᠦᠭᠡᠵᠤ᠂ ᠵᠤᠷᠢᠬᠳᠠᠢ ᠤᠷᠤᠭᠰᠢᠯᠠᠵᠤ ᠴᠠᠭ ᠦᠶ᠎ᠡ ᠶᠢᠨ ᠢᠷᠠᠭᠤ ᠬᠠᠭᠤᠳᠠᠰᠤ ᠶᠢ ᠳᠠᠬᠢᠨᠲᠠ ᠪᠢᠴᠢᠭᠯᠡᠨ᠎ᠠ᠃ ᠭᠡᠷᠡᠯ ᠰᠠᠴᠤᠷᠠᠩᠭᠤᠢ ᠣᠨ ᠰᠠᠷ᠎ᠠ ᠶᠢ ᠥᠩᠭᠡᠷᠡᠭᠦᠯᠵᠦ᠂ ᠪᠦᠯᠬᠦᠮᠳᠡᠯ ᠪᠠ ᠠᠷᠠᠳᠴᠢᠯᠠᠯ ᠬᠤᠶᠠᠷ ᠶᠡᠭᠡ ᠭᠤᠣᠯ ᠰᠡᠳᠦᠪ ᠢ ᠪᠠᠷᠢᠮᠲᠠᠯᠠᠭᠰᠠᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠰᠠ ᠨᠢᠭᠡᠨ ᠴᠢᠬᠤᠯᠠ ᠲᠡᠦᠬᠡᠨ ᠴᠠᠭ ᠮᠥᠴᠡ ᠪᠠᠨ ᠤᠭᠲᠤᠨ ᠠᠪᠤᠯ᠎ᠠ᠄ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠶᠢᠨ ᠠᠩᠬᠠᠳᠤᠭᠠᠷ ᠬᠤᠷᠠᠯ 4 ᠤ ᠦᠳᠡ ᠶᠢᠨ ᠬᠤᠶᠢᠨ᠎ᠠ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃       3 ᠰᠠᠷ᠎ᠠ ᠶᠢᠨ ᠪᠡᠭᠡᠵᠢᠩ ᠤᠷᠢᠬᠠᠨ ᠬᠠᠪᠤᠷ ᠤᠨ ᠠᠭᠤᠷ ᠠᠮᠢᠰᠬᠤᠯ ᠢᠶᠠᠷ ᠪᠢᠯᠬᠠᠨ᠎ᠠ᠃ ᠠᠷᠠᠳ ᠤᠨ ᠶᠡᠭᠡ ᠬᠤᠷᠠᠯ ᠤᠨ ᠲᠠᠩᠬᠢᠮ ᠤᠨ ᠲᠦᠮᠡᠨ ᠬᠥᠮᠦᠨ ᠤ ᠶᠣᠰᠣᠯᠠᠯ ᠤᠨ ᠲᠠᠩᠬᠢᠮ ᠳᠤ ᠳ᠋ᠧᠩ ᠤᠨ ᠬᠡᠷᠡᠯ ᠳᠤᠸᠠᠯᠠᠵᠤ᠂ ᠠᠭᠤᠷ ᠠᠮᠢᠰᠬᠤᠯ ᠲᠥᠪ ᠶᠡᠬᠡᠮᠰᠦᠭ ᠪᠥᠭᠡᠳ ᠬᠥᠷ ᠬᠥᠭᠵᠢᠶᠡᠨᠲᠡᠶ ᠪᠠᠶᠢᠯ᠎ᠠ᠃ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠬᠤᠷᠠᠯ ᠤᠨ ᠰᠦᠯᠳᠡ ᠶᠢ ᠲᠡᠷᠢᠭᠦᠯᠡᠭᠴᠢᠳ ᠤᠨ ᠲᠠᠶᠢᠰᠠᠨ ᠤ ᠭᠤᠣᠯ ᠳᠤᠮᠳᠠ ᠡᠯᠭᠦᠵᠦ᠂ ᠬᠤᠷᠴᠠ ᠤᠯᠠᠭᠠᠨ ᠦᠩᠭᠡ ᠲᠠᠢ ᠠᠷᠪᠠᠨ ᠤᠯᠠᠭᠠᠨ ᠲᠤᠭ ᠢ ᠬᠤᠶᠠᠷ ᠭᠠᠷᠯᠠᠨ ᠵᠢᠭᠰᠠᠭᠠᠪᠠ᠃        ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠳᠤ ᠣᠷᠣᠯᠴᠠᠬᠤ ᠶᠣᠰᠣᠲᠠᠢ ᠭᠡᠰᠢᠭᠦᠨ 2169 ᠬᠥᠮᠦᠨ᠂ ᠪᠣᠳᠠᠲᠠᠢ ᠣᠷᠣᠯᠴᠠᠭᠰᠠᠨ ᠨᠢ 2132 ᠬᠥᠮᠦᠨ ᠪᠠᠶᠢᠵᠤ᠂ ᠲᠣᠭᠲᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃           ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠸᠠᠩ ᠬᠤ᠋ ᠨᠢᠩ᠂ ᠱᠢ ᠲᠠᠢ ᠹᠧᠩ᠂ ᠬᠤ᠋ ᠴᠦᠨ ᠬᠤᠸᠠ᠂ ᠱᠧᠨ ᠶᠤᠸᠠᠢ ᠶᠤᠸᠠᠢ᠂ ᠸᠠᠩ ᠶᠦᠩ ᠂ ᠵᠧᠦ ᠴᠢᠶᠠᠩ᠂ ᠫᠠᠪᠠᠯᠠ · ᠭᠧᠯᠧᠭᠨᠠᠮᠵᠢᠯ᠂ ᠾᠧ ᠾᠧᠦ ᠬᠤᠸᠠ᠂ ᠯᠢᠶᠠᠩ ᠵᠧᠨ ᠵᠢᠩ᠂ ᠪᠠᠭᠠᠲᠤᠷ᠂ ᠰᠤ᠋ ᠬᠤᠢ᠂ ᠱᠤᠤ ᠬᠤᠩ᠂ ᠭᠤᠤ ᠶᠦᠨ ᠯᠦᠩ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃          ᠨᠠᠮ ᠪᠣᠯᠤᠨ ᠲᠦᠷᠦ ᠶᠢᠨ ᠤᠳᠤᠷᠢᠳᠬᠤ ᠬᠥᠮᠦᠨ ᠰᠢ ᠶᠢᠨ ᠫᠢᠩ᠂ ᠯᠢ ᠺᠧ ᠴᠢᠶᠠᠩ᠂ ᠯᠢ ᠵᠠᠨ ᠰᠤ᠋᠂ ᠸᠠᠩ ᠶᠠᠩ᠂ ᠯᠢ ᠴᠢᠶᠠᠩ᠂ ᠵᠤᠤ ᠯᠧ ᠵᠢᠢ᠂ ᠬᠠᠨ ᠵᠧᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠸᠠᠩ ᠴᠢ ᠱᠠᠨ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠵᠤ᠂ ᠶᠡᠭᠡ ᠬᠤᠷᠠᠯ ᠬᠤᠷᠠᠯᠳᠤᠭᠰᠠᠨ ᠳᠤ ᠪᠠᠶᠠᠷ ᠬᠦᠷᠭᠡᠪᠡ᠃          ᠦᠳᠡ ᠶᠢᠨ ᠬᠤᠶᠢᠨᠠᠬᠢ 3 ᠴᠠᠭ ᠲᠤ᠂ ᠸᠠᠩ ᠬᠤ᠋ ᠨᠢᠩ ᠶᠡᠭᠡ ᠬᠤᠷᠠᠯ ᠡᠬᠢᠯᠡᠭᠰᠡᠨ ᠢ ᠵᠠᠷᠯᠠᠵᠤ᠂ ᠪᠦᠭᠦᠳᠡᠭᠡᠷ ᠢᠶᠠᠨ ᠪᠣᠰᠴᠤ ᠵᠣᠭᠰᠣᠨ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ ᠳᠠᠭᠤᠯᠠᠪᠠ᠃         ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠶᠠᠩ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠮᠡᠲᠡᠬᠦᠯᠥᠯᠲᠡ ᠬᠢᠪᠠ᠃ ᠸᠠᠩ ᠶᠠᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠠᠤᠭ᠎ᠠ ᠲᠥᠰᠦᠪ ᠢ ᠵᠢᠷᠤᠭᠯᠠᠵᠤ᠂ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠤᠷᠤᠭᠰᠢᠯᠠᠯᠲᠠ ᠶᠢᠨ ᠴᠢᠭᠯᠡᠯ ᠢ ᠴᠢᠨᠠᠭᠰᠢᠳᠠ ᠲᠣᠳᠣᠷᠬᠠᠢ ᠵᠢᠭᠠᠵᠤ ᠥᠭᠴᠡᠢ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠲᠥᠪ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠵᠤ᠂ ᠡᠯ᠎ᠡ ᠵᠦᠢᠯ ᠤᠨ ᠡᠭᠦᠷᠭᠡ ᠴᠢᠳᠠᠪᠬᠢ ᠪᠠᠨ ᠨᠠᠷᠢᠨ ᠬᠢᠨᠠᠮᠠᠭᠠᠢ ᠭᠦᠢᠴᠡᠳᠭᠡᠵᠦ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠵᠦ᠂ ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠠᠬᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠤ ᠴᠢᠬᠤᠯᠠᠴᠢᠯᠠᠵᠠᠢ᠃          ᠥᠩᠭᠡᠷᠡᠭᠰᠡᠨ ᠲᠠᠪᠤᠨ ᠵᠢᠯ ᠤᠨ ᠠᠵᠢᠯ ᠢᠶᠠᠨ ᠳ᠋ᠦᠩᠨᠡᠬᠦ ᠳᠡᠭᠡᠨ᠂ ᠸᠠᠩ ᠶᠠᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ ᠲᠠᠪᠤᠨ ᠵᠢᠯ ᠪᠣᠯ ᠲᠦᠢᠯ ᠤᠨ ᠵᠢᠷ ᠤᠨ ᠪᠤᠰᠤ ᠶᠢᠨ ᠲᠠᠪᠤᠨ ᠵᠢᠯ ᠮᠥᠨ᠃ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠪᠠ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠦᠨ᠂ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠨᠳᠦ ᠬᠡᠴᠡᠭᠦᠦ ᠡᠬᠡᠳᠡᠷᠡᠬᠡᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠪᠠ ᠡᠯ᠎ᠡ ᠵᠦᠢᠯ ᠤᠨ ᠠᠶᠤᠯ ᠲᠦᠭᠰᠢᠭᠦᠷᠢ ᠦᠷᠢᠰᠦᠯᠳᠦᠭᠡᠨ ᠢ ᠪᠦᠲᠦᠮᠵᠢᠲᠡᠢ ᠠᠷᠭᠠᠴᠠᠭᠠᠵᠤ᠂ ᠴᠢᠨᠡᠭᠡᠯᠢᠭ ᠨᠡᠶᠢᠭᠡᠮ ᠢ ᠲᠤᠬᠲᠠᠬᠰᠠᠨ ᠬᠤᠭᠤᠴᠠᠭ᠎ᠠ ᠳᠤ ᠪᠦᠬᠦ ᠲᠠᠯ᠎ᠠ ᠪᠠᠷ ᠪᠡᠶᠡᠯᠡᠭᠦᠯᠵᠤ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠢᠯᠠᠯᠲᠠ ᠲᠠᠢ ᠪᠡᠶᠡᠯᠡᠭᠦᠯᠦᠨ᠂ ᠨᠠᠮ ᠪᠠ ᠲᠥᠷᠥ ᠶᠢᠨ ᠠᠵᠢᠯ ᠦᠢᠯᠡᠰ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠣᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠨᠢ ᠬᠤᠷᠢᠭᠯᠠᠭᠳᠠᠰᠢ ᠦᠭᠡᠢ ᠲᠡᠦᠬᠡᠨ ᠠᠬᠢᠴᠠ ᠳᠤ ᠣᠷᠣᠪᠠ᠃ ᠲᠠᠪᠤᠨ ᠵᠢᠯ ᠤᠨ ᠲᠤᠷᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠲᠥᠪ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠬᠤᠷᠠᠯ ᠢ ᠠᠩᠬ᠎ᠠ ᠤᠳᠠᠭ᠎ᠠ ᠬᠤᠷᠠᠯᠳᠤᠭᠤᠯᠵᠤ᠂ ︽ᠰᠢᠨ᠎ᠡ ᠴᠠᠭ ᠦᠶ᠎ᠡ ᠳᠤ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠨᠠᠯ︾ ᠢ ᠲᠣᠭᠲᠠᠭᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠦᠢᠯᠡᠰ ᠤᠨ ᠬᠥᠭᠵᠢᠯᠲᠡ ᠳᠤ ᠦᠨᠳᠦᠰᠦᠨ ᠤᠯᠤᠰ ᠲᠦᠷᠦ ᠶᠢᠨ ᠪᠠᠲᠤᠯᠠᠭ᠎ᠠ ᠬᠠᠩᠭᠠᠪᠠ᠃ ᠤᠯᠤᠰ ᠲᠦᠷᠦ ᠶᠢᠨ ᠵᠥᠪᠯᠡᠯᠭᠡᠨ ᠤ ᠪᠦᠬᠦ ᠤᠯᠤᠰ ᠤᠨ ᠬᠤᠷᠢᠶ᠎ᠠ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠡᠵᠡᠮᠳᠡᠵᠦ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠪᠠᠶᠢᠭᠤᠯᠤᠯᠲᠠ ᠶᠢ ᠪᠣᠳᠠᠲᠠᠢ ᠶᠢ ᠡᠷᠬᠢᠮᠯᠡᠨ ᠪᠦᠲᠦᠮᠵᠢᠲᠡᠢ ᠭᠦᠨᠵᠡᠭᠡᠶᠢᠷᠡᠭᠦᠯᠵᠦ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠡᠦᠬᠡ ᠶᠢᠨ ᠠᠭᠤᠤ ᠦᠢᠯᠡᠰ ᠢ ᠬᠠᠮᠲᠤ ᠪᠠᠷ ᠪᠦᠳᠦᠭᠡᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠳᠦᠯᠭᠡ ᠶᠢᠨ ᠰᠢᠨ᠎ᠡ ᠶᠢ ᠡᠬᠦᠳᠬᠦ᠂ ᠤᠨᠤᠯ ᠤᠨ ᠰᠢᠨ᠎ᠡ ᠶᠢ ᠡᠬᠦᠳᠬᠦ᠂ ᠪᠠᠶᠢᠭᠤᠯᠤᠯ ᠤᠨ ᠰᠢᠨ᠎ᠡ ᠶᠢ ᠡᠬᠦᠳᠬᠦ ᠶᠢ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠠᠬᠢᠭᠤᠯᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠲᠤ ᠰᠢᠨ᠎ᠡ ᠳᠦᠷᠰᠦ ᠪᠠᠶᠢᠳᠠᠯ ᠰᠢᠨ᠎ᠡ ᠳᠦᠷᠢ ᠳᠦᠷᠬᠦ ᠢᠯᠡᠷᠡᠵᠦ᠂ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠵᠡᠢ ᠭᠡᠵᠤ ᠵᠢᠭᠠᠵᠤ ᠭᠠᠷᠭᠠᠪᠠ᠃        ᠸᠠᠩ ᠶᠠᠩ ᠮᠡᠳᠡᠭᠦᠯᠦᠯᠲᠡ ᠳᠡᠭᠡᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠂ ᠨᠠᠮ ᠪᠠ ᠤᠯᠤᠰ ᠤᠨ ᠭᠤᠤᠯ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠂ ᠤᠯᠤᠰ ᠲᠦᠷᠦ ᠶᠢᠨ ᠵᠥᠪᠯᠡᠯᠭᠡᠨ ᠤ ᠵᠥᠪᠯᠡᠬᠦ ᠶᠠᠰᠤ ᠴᠢᠨᠠᠷ ᠢ ᠳᠡᠭᠡᠭᠰᠢᠯᠡᠭᠦᠯᠬᠦ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠠᠵᠢᠯ ᠢ ᠥᠷᠭᠡᠨ ᠢᠶᠠᠷ ᠥᠷᠨᠢᠭᠦᠯᠬᠦ᠂ ᠬᠠᠮᠤᠭ ᠤᠨ ᠥᠷᠭᠡᠨ ᠳᠡᠯᠭᠡᠷ ᠡᠬᠡ ᠣᠷᠣᠨᠴᠢ ᠨᠢᠭᠡᠳᠦᠮᠡᠯ ᠹᠷᠣᠨᠲ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ᠂ ᠠᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠵᠡᠷᠭᠡ 7 ᠲᠠᠯ᠎ᠠ ᠪᠠᠷ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠡᠷᠭᠢᠴᠡᠭᠦᠯᠵᠦ᠂ ᠡᠷᠬᠡᠪᠰᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠬᠤ᠂ ᠡᠷᠬᠡᠪᠰᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠡᠵᠡᠮᠰᠢᠬᠦ᠂ ᠡᠷᠬᠡᠪᠰᠢ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ ᠵᠥᠪᠯᠡᠬᠦ ᠦᠷ᠎ᠡ ᠪᠦᠲᠦᠮᠵᠢ ᠪᠠᠨ ᠦᠷᠭᠦᠯᠵᠢᠯᠡᠨ ᠳᠡᠭᠡᠭᠰᠢᠯᠡᠭᠦᠯᠬᠦ᠂ ᠡᠷᠬᠡᠪᠰᠢ ᠪᠦᠯᠬᠦᠮᠳᠡᠯ ᠪᠠ ᠠᠷᠠᠳᠴᠢᠯᠠᠯ ᠤᠨ ᠬᠤᠶᠠᠷ ᠶᠡᠭᠡ ᠭᠤᠣᠯ ᠰᠡᠳᠦᠪ ᠢ ᠪᠠᠷᠢᠮᠲᠠᠯᠠᠬᠤ᠂ ᠡᠷᠬᠡᠪᠰᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠬᠤ ᠲᠠᠯ᠎ᠠ ᠪᠠᠷ ᠭᠤᠤᠯ ᠪᠤᠳᠤᠯ ᠲᠦᠷᠦᠭᠳᠡᠯ ᠢᠶᠠᠨ ᠳ᠋ᠦ᠋ᠩᠨᠡᠬᠦ ᠶᠢᠨ ᠬᠠᠮᠲᠤ ᠬᠤᠶᠢᠰᠢᠳᠠ ᠶᠢᠨ ᠠᠵᠢᠯ ᠳᠤ ᠰᠠᠨᠠᠭᠤᠯᠭ᠎ᠠ ᠳᠤᠷᠠᠳᠪᠠ᠃         ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ ᠱᠤᠤ ᠬᠤᠩ ᠶᠡᠭᠡ ᠬᠤᠷᠠᠯ ᠳᠤ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ ᠬᠢᠪᠠ᠃ ᠲᠡᠷᠡ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠭᠤᠴᠠᠭᠠᠨ ᠳᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠤᠯᠤᠰ ᠲᠦᠷᠦ ᠶᠢᠨ ᠵᠥᠪᠯᠡᠯᠭᠡᠨ ᠤ ᠡᠯ᠎ᠡ ᠣᠷᠣᠯᠴᠠᠭᠴᠢ ᠨᠢᠭᠡᠴᠢ ᠪᠣᠯᠤᠨ ᠡᠯ᠎ᠡ ᠲᠤᠰᠬᠠᠢ ᠵᠥᠪᠯᠡᠯ ︽ᠤᠯᠤᠰ ᠤᠨ ᠶᠡᠭᠡ ᠶᠠᠪᠤᠳᠠᠯ︾᠂ ᠠᠷᠠᠳ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠤᠨ ᠲᠣᠭᠤᠷᠢᠨ ᠳᠤ ᠰᠠᠨᠠᠯ ᠳᠤᠷᠠᠳᠤᠯᠭ᠎ᠠ ᠳᠤᠷᠠᠳᠴᠤ᠂ ᠦᠨᠡᠨ ᠦᠭᠡ ᠬᠡᠯᠡᠵᠦ᠂ ᠪᠣᠳᠠᠲᠠᠢ ᠠᠷᠭ᠎ᠠ ᠭᠠᠷᠭᠠᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠ᠃ ᠲᠠᠪᠤᠨ ᠵᠢᠯ ᠤᠨ ᠲᠤᠷᠰᠢ᠂ ᠨᠡᠶᠢᠲᠡ 29323 ᠬᠤᠪᠢ ᠰᠠᠨᠠᠯ ᠵᠥᠪᠯᠡᠯᠭᠡ ᠶᠢ ᠬᠦᠯᠢᠶᠡᠨ ᠠᠪᠴᠤ᠂ ᠬᠢᠨᠠᠨ ᠪᠠᠶᠢᠴᠠᠭᠠᠬᠤ ᠪᠠᠷ ᠳᠠᠮᠵᠢᠨ 23818 ᠬᠤᠪᠢ ᠶᠢ ᠨᠢ ᠬᠡᠷᠡᠭ ᠪᠤᠯᠭᠠᠨ ᠳᠠᠩᠰᠠᠯᠠᠪᠠ᠃ 2023 ᠣᠨ ᠤ 2 ᠰᠠᠷ᠎ᠠ ᠶᠢᠨ ᠰᠡᠭᠦᠯᠴᠢ ᠪᠣᠯᠲᠠᠯ᠎ᠠ᠂ 99.8% ᠶᠢᠨ ᠰᠠᠨᠠᠯ ᠳᠤᠷᠠᠳᠤᠯᠭ᠎ᠠ ᠶᠢ ᠨᠢᠭᠡᠨᠲᠡ ᠰᠢᠢᠳᠪᠦᠷᠢᠯᠡᠵᠦ ᠬᠠᠷᠢᠭᠤᠯᠲᠠ ᠥᠭᠪᠡ᠃ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠬᠠᠮᠲᠤᠷᠠᠨ ᠭᠦᠨᠵᠡᠭᠡᠢ ᠵᠥᠪᠯᠡᠯᠭᠡ ᠬᠢᠵᠦ᠂ ᠰᠠᠨᠠᠯ ᠳᠤᠷᠠᠳᠤᠯᠭ᠎ᠠ ᠶᠢᠨ ᠳᠣᠲᠣᠷᠠᠬᠢ ᠮᠠᠰᠢ ᠤᠯᠠᠨ ᠰᠠᠨᠠᠯ ᠰᠠᠨᠠᠭᠤᠯᠭ᠎ᠠ ᠶᠢ ᠨᠢᠭᠡᠨᠲᠡ ᠬᠤᠯᠪᠣᠭᠳᠠᠯ ᠪᠦᠬᠦᠢ ᠲᠥᠯᠥᠪᠵᠢᠭᠦᠯᠭᠡ ᠲᠦᠷᠦ ᠶᠢᠨ ᠪᠤᠳᠤᠯᠭ᠎ᠠ ᠪᠠ ᠠᠷᠭ᠎ᠠ ᠠᠪᠴᠠᠯ ᠳᠤ ᠢᠯᠡᠷᠡᠭᠦᠯᠦᠭᠰᠡᠨ ᠪᠠᠶᠢᠨ᠎ᠠ ᠭᠡᠵᠤ ᠬᠡᠯᠡᠪᠡ᠃       ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠭᠰᠠᠨ ᠨᠦᠬᠦᠳ ᠲᠤ ᠪᠠᠰᠠ᠄ ᠮᠠ ᠰᠢᠩ ᠷᠦᠢ᠂ ᠸᠠᠩ ᠴᠧᠨ᠂ ᠸᠠᠩ ᠢ᠂ ᠶᠢᠨ ᠯᠢ᠂ ᠯᠢᠦ ᠾᠧ᠂ ᠯᠢᠦ ᠭᠦᠸᠧ ᠵᠦᠩ᠂ ᠰᠢᠤᠢ ᠴᠢ ᠯᠢᠶᠠᠩ᠂ ᠰᠦᠨ ᠴᠦᠨ ᠯᠠᠨ᠂ ᠯᠢ ᠭᠠᠨ ᠵᠢᠶᠧ᠂ ᠯᠢ ᠰᠤ᠋ ᠯᠸᠢ᠂ ᠯᠢ ᠬᠤᠩ ᠵᠥᠩ᠂ ᠶᠠᠩ ᠰᠢᠶᠣᠤ ᠳ᠋ᠦ᠋᠂ ᠾᠧ ᠸᠧᠶ ᠳ᠋ᠦᠩ᠂ ᠾᠧ ᠯᠢ ᠹᠧᠩ᠂ ᠵᠠᠩ ᠵᠢᠦ ᠰᠢᠶᠠ᠂ ᠵᠠᠩ ᠭᠦᠸᠧ ᠴᠢᠩ᠂ ᠴᠧᠨ ᠸᠧᠨ ᠴᠢᠩ᠂ ᠴᠧᠨ ᠵᠢᠶ ᠨᠢᠩ᠂ ᠴᠧᠨ ᠮᠢᠨ ᠡᠯ᠂ ᠶᠤᠸᠠᠨ ᠵᠢᠶᠠ ᠵᠢᠶᠦ᠋ᠨ᠂ ᠬᠤᠸᠠᠩ ᠺᠦᠨ ᠮᠢᠩ᠂ ᠯᠢᠦ ᠶᠢᠨ ᠭᠦᠸᠧ᠂ ᠸᠠᠩ ᠰᠢᠶᠤᠤ ᠬᠤᠩ᠂ ᠼᠤᠤ ᠵᠢᠶᠠᠨ ᠮᠢᠩ᠂ ᠵᠠᠩ ᠴᠦᠨ ᠰᠢᠶᠠᠨ᠂ ᠵᠢᠶ ᠪᠢᠩ ᠰᠢᠤᠸᠠᠨ᠂ ᠡ᠋ᠶᠢᠯᠢᠭᠧᠩ · ᠢᠮᠢᠩᠪᠠᠭ᠋ᠠᠢ᠂ ᠸᠠᠨ ᠧ ᠰᠢᠶᠠᠩ᠂ ᠴᠧᠨ ᠵᠦ᠂ ᠸᠠᠩ ᠳ᠋ᠦᠩ ᠮᠢᠩ᠂ ᠪᠠᠳᠮᠠᠫᠧᠷᠠᠩᠯᠠᠢ᠂ ᠳ᠋ᠢᠩ ᠵᠥᠩ ᠯᠢ᠂ ᠬᠤᠤ ᠮᠢᠩ ᠶᠢᠨ᠂ ᠼᠠᠢ ᠳ᠋ᠠ ᠹᠧᠩ᠂ ᠡᠤ ᠸᠧᠶ ᠬᠤᠸᠠ᠂ ᠸᠧᠶ ᠹᠧᠩ ᠾᠧ᠂ ᠰᠢᠶᠣᠤ ᠵᠢᠶᠧ᠂ ᠵᠣᠣ ᠺᠧ ᡁᠢ᠂ ᠵᠠᠩ ᠵᠢᠶᠦ᠋ᠨ᠂ ᠯᠢᠦ ᠴᠢ ᠪᠦᠦ᠂ ᠸᠠᠨ ᠭᠠᠩ᠂ ᠯᠦ ᠵᠠᠨ ᠬᠥᠩ᠂ ᠮᠠ ᠪᠢᠶᠤᠤ᠂ ᠴᠧᠨ ᠰᠢᠶᠤᠤ ᠭᠤᠸᠠᠩ᠂ ᠰᠢᠶᠠ ᠪᠦᠦ ᠯᠦᠩ᠂ ᠶᠠᠩ ᠴᠤᠸᠠᠨ ᠲᠠᠩ᠂ ᠯᠢ ᠪᠢᠨ᠂ ᠸᠠᠩ ᠶᠦᠩ ᠴᠢᠩ᠂ ᠵᠧᠩ ᠵᠢᠶᠠᠨ ᠪᠠᠩ᠂ ᠭᠦ ᠱᠸᠡᠭ ᠽᠤ᠋᠂ ᠯᠢᠦ ᠰᠢᠨ ᠴᠧᠩ᠂ ᠾᠧ ᠸᠧᠶ ᠨᠠᠷ ᠪᠤᠢ᠃            ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠤᠷᠢᠯᠭ᠎ᠠ ᠪᠠᠷ ᠡᠬᠢᠯᠡᠯᠲᠡ ᠶᠢᠨ ᠬᠤᠷᠠᠯ ᠳᠤ ᠰᠤᠯᠠ ᠣᠷᠣᠯᠴᠠᠪᠠ᠃ ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠡᠯᠴᠢᠨ ᠰᠠᠶᠢᠳ᠂ ᠭᠠᠳᠠᠭᠠᠳᠤ ᠳᠤ ᠰᠠᠭᠤᠭ᠎ᠠ ᠬᠠᠷᠢᠶᠠᠲᠤ ᠨᠠᠷ ᠤᠷᠢᠯᠭ᠎ᠠ ᠪᠠᠷ ᠡᠬᠢᠯᠡᠯᠲᠡ ᠶᠢᠨ ᠬᠤᠷᠠᠯ ᠳᠤ ᠣᠷᠣᠯᠴᠠᠪᠠ᠃   
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ