| ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 6 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ | ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 6 ᠤ ᠦᠳᠡ ᠶᠢᠨ ᠬᠤᠶᠢᠨ᠎ᠠ ᠪᠦᠭᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠠᠷᠠᠳᠴᠢᠯᠠᠯ ᠢᠶᠠᠷ | ᠤᠯᠤᠰ ᠢᠶᠠᠨ ᠪᠠᠶᠢᠭᠤᠯᠬᠤ ᠬᠤᠷᠠᠯ ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠡᠲᠡᠭᠡᠳ ᠤᠨ ᠭᠡᠰᠢᠭᠦᠳ ᠢ ᠡᠷᠭᠢᠨ ᠦᠵᠡᠭᠰᠡᠨ ᠪᠥᠭᠡᠳ ᠳᠤᠭᠤᠶᠢᠯᠠᠩ | ᠬᠠᠮᠲᠤᠷᠠᠭᠰᠠᠨ ᠬᠤᠷᠠᠯ ᠳᠤ ᠣᠷᠣᠯᠴᠠᠵᠤ ᠂ ᠰᠠᠨᠠᠯ ᠰᠠᠨᠠᠭᠤᠯᠭ᠎ᠠ ᠶᠢ ᠨᠢ ᠰᠣᠨᠣᠰᠴᠠᠢ ᠃ ᠲᠡᠷᠡ ᠂ ᠨᠠᠮ ᠤᠨ ᠲᠥᠪ ᠬᠤᠷᠢᠶ᠎ᠠ ︽ᠬᠤᠶᠠᠷ ᠡᠷᠡᠰ ᠭᠤᠶᠢᠪᠢᠰᠢ | ᠦᠭᠡᠢ ᠪᠠᠶᠢᠬᠤ ︾ ᠂ ︽ᠭᠤᠷᠪᠠᠨ ᠬᠤᠪᠢᠷᠠᠭ᠎ᠠ ᠦᠭᠡᠢ ᠪᠠᠶᠢᠬᠤ ︾ ᠶᠢ ᠢᠮᠠᠭᠲᠠ ᠪᠠᠷᠢᠮᠲᠠᠯᠠᠵᠤ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ | ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠢᠮᠠᠭᠲᠠ ᠥᠪᠡᠷ ᠤᠨ ᠬᠥᠮᠥᠨ ᠢᠶᠠᠨ ᠪᠣᠯᠭᠠᠨ ᠦᠵᠡᠪᠡ ᠃ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠬᠥᠲᠥᠯᠥᠨ ᠵᠢᠯᠤᠭᠤᠳᠴᠤ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ | ᠪᠣᠳᠣᠯᠭ᠎ᠠ ᠶᠢ ᠵᠥᠪ ᠣᠶᠢᠯᠠᠭᠠᠭᠤᠯᠵᠤ ᠂ ᠢᠲᠡᠭᠡᠯ ᠵᠣᠷᠢᠭ ᠢ ᠨᠢ ᠬᠥᠪᠴᠢᠯᠡᠵᠦ ᠂ ᠳᠠᠷᠤᠭᠠᠰᠤ ᠶᠢ ᠨᠢ ᠬᠥᠩᠭᠡᠷᠡᠭᠦᠯᠵᠦ ᠂ ᠵᠣᠷᠢᠭᠲᠠᠢ ᠪᠠᠷ ᠬᠥᠭᠵᠢᠭᠦᠯᠵᠦ ᠂ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠵᠦ ᠂ ᠴᠢᠨᠠᠷ ᠰᠠᠶᠢᠲᠠᠢ ᠭᠦᠭᠵᠢᠭᠦ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | ︽3·8 ︾ ᠤ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠤᠳᠠᠯ ᠦᠭᠡᠢ ᠬᠦᠷᠴᠦ ᠢᠷᠡᠬᠦ ᠲᠠᠰᠢᠷᠠᠮ ᠢᠶᠠᠷ ᠂ ᠰᠢ ᠶᠢᠨ ᠫᠢᠩ ᠨᠠᠮ ᠤᠨ | ᠲᠥᠪ ᠬᠤᠷᠢᠶ᠎ᠠ ᠶᠢᠨ ᠡᠮᠦᠨ᠎ᠡ ᠠᠴᠠ ᠪᠦᠭᠦ ᠤᠯᠤᠰ ᠤᠨ ︽ᠬᠤᠶᠠᠷ ᠬᠤᠷᠠᠯ ︾ ᠳᠤ ᠣᠷᠣᠯᠴᠠᠵᠤ ᠪᠠᠶᠢᠭ᠎ᠠ ᠡᠮᠡᠭᠲᠡᠢ ᠲᠥᠯᠥᠭᠡᠯᠡᠭᠴᠢ ᠂ ᠡᠮᠡᠭᠲᠡᠢ ᠭᠡᠰᠢᠭᠦᠨ ᠂ | ᠡᠮᠡᠭᠲᠡᠢ ᠠᠵᠢᠯᠲᠠᠨ ᠂ ᠪᠦᠭᠦ ᠤᠯᠤᠰ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠡᠮᠡᠭᠲᠡᠶᠢᠴᠦᠳ ᠂ ᠰᠢᠶᠠᠩᠭᠠᠩ ᠵᠠᠰᠠᠭ ᠵᠠᠬᠢᠷᠭᠠᠨ ᠤ ᠣᠨᠴᠠᠭᠠᠢ ᠣᠷᠣᠨ | ᠂ ᠣᠣᠮᠧᠨ ᠵᠠᠰᠠᠭ ᠵᠠᠬᠢᠷᠭᠠᠨ ᠤ ᠣᠨᠴᠠᠭᠠᠢ ᠣᠷᠣᠨ ᠪᠣᠯᠣᠨ ᠲᠠᠶᠢᠸᠠᠨ ᠣᠷᠣᠨ ᠤ ᠡᠮᠡᠭᠲᠡᠶᠢᠴᠦᠳ ᠂ ᠭᠠᠳᠠᠭᠠᠳᠤ ᠳᠤ ᠪᠠᠶᠢᠭ᠎ᠠ ᠡᠮᠡᠭᠲᠡᠢ ᠬᠠᠷᠢᠶᠠᠲᠤ ᠨᠠᠷ ᠲᠤ | ᠪᠠᠶᠠᠷ ᠤᠨ ᠡᠳᠦᠷ ᠤᠨ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ ︕ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠪᠦᠭᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠬᠤᠷᠠᠯ ᠢ ᠡᠷᠭᠢᠯᠡᠭᠴᠢ ᠸᠠᠩ | ᠬᠤ᠋ ᠨᠢᠩ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠼᠠᠢ ᠴᠢ ᠂ ᠳ᠋ᠢᠩ ᠰᠢᠤᠸᠠᠢ ᠰᠢᠶᠠᠩ ᠡᠷᠭᠢᠨ | ᠦᠵᠡᠬᠦ ᠪᠠ ᠶᠠᠷᠢᠯᠴᠠᠬᠤ ᠳᠤ ᠣᠷᠣᠯᠴᠠᠪᠠ ᠃ | ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ ᠂ ᠽᠧᠩ ᠢᠦᠢ ᠴᠢᠶᠦ᠋ᠨ ᠂ ᠰᠢᠶᠧ ᠳ᠋ᠦᠩ ᠂ ᠯᠢᠦ ᠵᠧᠨ ᠳ᠋ᠦᠩ ᠂ ᠴᠧᠨ ᠰᠢᠶᠣᠣ ᠫᠢᠩ ᠂ | ᠰᠢᠶᠧ ᠷᠦ ᠂ ᠰᠦᠨ ᠳ᠋ᠦᠩ ᠱᠧᠩ ᠵᠡᠷᠭᠡ 6 ᠭᠡᠰᠢᠭᠦᠨ ᠂ ᠪᠦᠭᠦ ᠪᠥᠮᠪᠥᠷᠴᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠠᠰᠢᠭᠲᠠᠢ ᠪᠠᠶᠢᠷᠢ ᠶᠢ | ᠡᠵᠡᠯᠡᠭᠦ ᠂ ᠮᠥᠩᠭᠦᠨ ᠭᠦᠢᠯᠭᠡᠭᠡᠨ ᠢᠶᠠᠷ ᠰᠢᠨᠵᠢᠯᠡᠬᠦ ᠤᠬᠠᠭᠠᠨ ᠲᠸᠭ᠍ᠨ᠋ᠶᠢᠠ᠋ ᠮᠡᠷᠭᠡᠵᠢᠯ ᠤᠨ ᠰᠢᠨ᠎ᠡ ᠶᠢ ᠡᠭᠦᠳᠭᠦ ᠶᠢ ᠳᠡᠮᠵᠢᠭᠦ ᠂ ᠳᠤᠮᠳᠠ ᠵᠢᠵᠢᠭ ᠠᠵᠤ | ᠠᠬᠤᠶᠢᠯᠠᠯ ᠤᠨ ᠬᠥᠭᠵᠢᠯᠲᠡ ᠳᠤ ᠨᠡᠩ ᠰᠠᠶᠢᠨ ᠨᠥᠬᠦᠴᠡᠯ ᠡᠭᠦᠳᠴᠦ ᠦᠭᠭᠦ ᠂ ᠲᠠᠪᠴᠠᠩ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯ ᠮᠠᠨᠳᠤᠯ ᠢ ᠠᠬᠢᠭᠤᠯᠬᠤ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠳᠠᠪᠠᠭᠤᠯᠢᠭ ᠪᠠ | ᠠᠮᠢᠵᠢᠷᠠᠯ ᠤᠨ ᠬᠦᠴᠦᠨ ᠢ ᠴᠢᠨᠠᠭᠰᠢᠳᠠ ᠪᠠᠳᠠᠷᠠᠭᠤᠯᠬᠤ ᠵᠡᠷᠭᠡ ᠶᠢᠨ ᠲᠣᠭᠤᠷᠢᠨ ᠳᠤ ᠦᠭᠡ ᠬᠡᠯᠡᠪᠡ ᠃ | ᠰᠢ ᠶᠢᠨ ᠫᠢᠩ ᠤᠯᠠᠨ ᠤ ᠭᠡᠯᠡᠭᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠲᠠᠷᠠᠭ᠎ᠠ ᠴᠢᠬᠤᠯᠠ ᠶᠠᠷᠢᠶ᠎ᠠ ᠲᠠᠯᠪᠢᠪᠠ ᠃ ᠲᠡᠷᠡ ᠂ ᠪᠦᠭᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠬᠤᠷᠠᠯ ᠳᠤ ᠤᠷᠤᠯᠴᠠᠵᠤ ᠪᠠᠶᠢᠭ᠎ᠠ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠂ ᠦᠢᠯᠡᠳᠪᠦᠷᠢ ᠬᠤᠳᠠᠯᠳᠤᠭᠠᠨ ᠤ | ᠬᠤᠯᠪᠤᠭ᠎ᠠ ᠶᠢᠨ ᠡᠲᠡᠭᠡᠳ ᠤᠨ ᠭᠡᠰᠢᠭᠦᠳ ᠢ ᠡᠷᠭᠢᠨ ᠦᠵᠡᠵᠦ ᠂ ᠤᠯᠠᠨ ᠲᠠᠢ ᠬᠠᠮᠲᠤ ᠶᠠᠷᠢᠯᠴᠠᠨ ᠪᠤᠳᠤᠯ ᠰᠠᠨᠠᠯ ᠢᠶᠠᠨ ᠰᠣᠯᠢᠯᠴᠠᠵᠤ ᠪᠠᠶᠢᠭ᠎ᠠ ᠳᠠᠭᠠᠨ ᠮᠠᠰᠢ ᠪᠠᠶᠠᠷ | ᠲᠠᠢ ᠪᠠᠶᠢᠨ᠎ᠠ ᠭᠡᠵᠦ ᠢᠯᠡᠳᠬᠡᠪᠡ ᠃ ᠲᠡᠷᠡ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠬᠤᠷᠠᠯ ᠳᠤ ᠣᠷᠣᠯᠴᠠᠬᠰᠠᠨ ᠭᠡᠰᠢᠭᠦᠳ ᠪᠠ ᠠᠷᠠᠳᠴᠢᠯᠠᠯ ᠢᠶᠠᠷ | ᠤᠯᠤᠰ ᠢᠶᠠᠨ ᠪᠠᠶᠢᠭᠤᠯᠬᠤ ᠬᠤᠷᠠᠯ ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠥᠷᠭᠡᠨ ᠤᠯᠠᠨ ᠪᠦᠷᠢᠯᠳᠦᠭᠦᠨ ᠪᠠ ᠨᠡᠶᠢᠲᠡ ᠶᠢᠨ ᠥᠮᠴᠢᠯᠡᠯ ᠤᠨ ᠪᠤᠰᠤ | ᠠᠵᠤ ᠠᠬᠤᠢ ᠶᠢᠨ ᠬᠥᠮᠥᠰ ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ ᠃ | ᠰᠢ ᠶᠢᠨ ᠫᠢᠩ ᠂ 2022 ᠣᠨ ᠪᠣᠯ ᠨᠠᠮ ᠪᠣᠯᠣᠨ ᠤᠯᠤᠰ ᠤᠨ ᠲᠡᠦᠬᠡᠨ ᠳᠡᠭᠡᠷᠡᠬᠢ ᠲᠤᠶᠢᠯ ᠤᠨ ᠴᠢᠬᠤᠯᠠ ᠂ ᠲᠤᠶᠢᠯ ᠤᠨ ᠵᠠᠩᠭᠢᠯᠠᠭ᠎ᠠ ᠶᠢᠨ ᠨᠢᠭᠡ ᠵᠢᠯ | ᠪᠣᠯᠣᠨ᠎ᠠ ᠃ ᠳᠡᠯᠡᠬᠡᠢ ᠶᠢᠨ ᠣᠷᠴᠢᠨ ᠰᠠᠯᠬᠢ ᠶᠡᠭᠡ ᠳᠠᠪᠠᠯᠭᠠᠨ ᠰᠢᠷᠦᠭᠦᠨ ᠪᠠᠶᠢᠭᠰᠠᠨ ᠪᠠ ᠤᠯᠤᠰ ᠤᠨ ᠳᠣᠲᠣᠭᠠᠳᠤ ᠳᠤ ᠵᠢᠱᠢᠯᠲᠡ ᠠᠴᠠ ᠳᠠᠪᠠᠭᠰᠠᠨ ᠤᠯᠠᠨ | ᠳᠠᠪᠬᠤᠷ ᠬᠦᠴᠦᠨ ᠵᠦᠢᠯ ᠤᠨ ᠳᠠᠭᠠᠷᠢᠯᠲᠠ ᠳᠤ ᠲᠤᠯᠭᠠᠷᠠᠵᠤ ᠪᠠᠶᠢᠭᠰᠠᠨ ᠪᠠᠶᠢᠳᠠᠯ ᠳᠣᠣᠷ᠎ᠠ ᠂ ᠪᠦᠭᠦ ᠠᠷᠠᠳ ᠲᠦᠮᠡᠨ ᠪᠦᠯᠬᠦᠮᠳᠡᠨ ᠲᠡᠮᠡᠴᠡᠵᠦ ᠂ ᠨᠤᠭᠤᠷᠠᠰᠢ | ᠦᠭᠡᠢ ᠴᠢᠷᠮᠠᠶᠢᠭᠰᠠᠨ ᠢᠶᠠᠷ ᠂ ᠪᠢᠳᠡ ᠴᠢᠬᠤᠯᠠ ᠶᠡᠭᠡ ᠪᠥᠭᠡᠳ ᠠᠯᠤᠰ ᠭᠡᠳᠤ ᠶᠢᠨ ᠨᠥᠯᠥᠭᠡ ᠦᠵᠡᠭᠦᠯᠭᠦ ᠬᠡᠳᠦᠨ ᠶᠡᠭᠡ ᠶᠠᠪᠤᠳᠠᠯ ᠢ ᠪᠦᠲᠦᠭᠡᠵᠦ ᠂ ᠨᠠᠮ ᠪᠠ | ᠤᠯᠤᠰ ᠤᠨ ᠠᠵᠢᠯ ᠦᠢᠯᠡᠰ ᠦᠯᠡᠮᠵᠢ ᠦᠷ᠎ᠡ ᠪᠦᠲᠦᠭᠡᠯ ᠣᠯᠪᠠ ᠃ ᠳᠤᠮᠳᠠᠳᠤ ᠤᠯᠤᠰ ᠤᠨ ᠡᠪ ᠬᠠᠮᠲᠤ ᠨᠠᠮ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠢ ᠢᠯᠠᠯᠲᠠ ᠲᠠᠢ ᠪᠠᠷ ᠬᠤᠷᠠᠯᠳᠤᠭᠤᠯᠵᠤ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠠᠤᠭ᠎ᠠ ᠲᠥᠰᠥᠪ ᠢ ᠵᠢᠷᠤᠭᠯᠠᠪᠠ ᠃ ᠪᠢᠳᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠵᠡᠷᠭᠡ ᠬᠦᠴᠢᠷ ᠪᠡᠷᠬᠡ ᠪᠠ | ᠥᠷᠢᠰᠦᠯᠳᠦᠭᠡᠨ ᠢ ᠢᠯᠠᠨ ᠳᠠᠪᠠᠵᠤ ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠂ ᠡᠪᠦᠯ ᠤᠨ ᠤᠯᠠᠷᠢᠯ ᠤᠨ | ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠲᠣᠭᠲᠠᠭᠰᠠᠨ ᠬᠤᠭᠤᠴᠠᠭᠠᠨ ᠳᠤ ᠠᠮᠤᠷ ᠲᠦᠪᠰᠢᠨ ᠢᠶᠠᠷ ᠤᠷᠤᠭᠰᠢᠲᠠᠢ ᠡᠷᠭᠢᠯᠡᠪᠡ ᠃ ᠪᠢᠳᠡ | ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠥᠳᠡᠯᠦᠩᠭᠦᠢ ᠪᠠᠷ ᠰᠢᠯᠢᠳᠡᠭᠵᠢᠭᠦᠯᠦᠨ ᠲᠣᠬᠢᠷᠠᠭᠤᠯᠵᠤ ᠂ ᠨᠡᠯᠢᠶᠡᠳ ᠣᠬᠤᠷᠬᠠᠨ | ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠭᠲᠠᠭᠤᠨ ᠢᠶᠠᠷ ᠰᠢᠯᠵᠢᠭᠦ ᠶᠢ ᠪᠡᠶᠡᠯᠡᠭᠦᠯᠵᠦ ᠂ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠡᠪᠡᠳᠴᠢᠨ ᠢᠶᠠᠷ ᠦᠬᠦᠬᠦ ᠨᠣᠷᠮ᠎ᠠ ᠪᠦᠭᠦ ᠪᠥᠮᠪᠥᠷᠴᠡᠭ ᠤᠨ ᠬᠠᠮᠤᠭ ᠤᠨ ᠳᠣᠣᠷ᠎ᠠ ᠲᠦᠪᠰᠢᠨ ᠳᠤ ᠪᠠᠶᠢᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠴᠢᠬᠤᠯᠠ ᠶᠡᠭᠡ ᠰᠢᠢᠳᠪᠦᠷᠢᠲᠦ ᠴᠢᠨᠠᠷᠲᠠᠢ ᠢᠯᠠᠯᠲᠠ ᠶᠢ ᠣᠯᠪᠠ ᠃ ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ | ᠣᠨᠣᠪᠴᠢᠲᠠᠢ ᠂ ᠪᠦᠭᠦ ᠲᠠᠯ᠎ᠠ ᠪᠠᠷ ᠲᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠪᠠᠶᠢᠭᠤᠯᠵᠤ ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ ᠂ ᠪᠦᠭᠦ ᠪᠥᠮᠪᠥᠷᠴᠡᠭ ᠤᠨ ᠵᠣᠭᠤᠰ ᠮᠠᠭᠤᠳᠠᠬᠤ ᠬᠡᠮᠵᠢᠶ᠎ᠡ 40 ᠭᠠᠷᠤᠢ ᠵᠢᠯ ᠤᠨ ᠲᠤᠷᠰᠢᠬᠢ ᠰᠢᠨ᠎ᠡ ᠥᠨᠳᠥᠷ ᠲᠦᠪᠰᠢᠨ ᠳᠤ | ᠭᠦᠷᠦᠭᠰᠡᠨ ᠪᠠᠶᠢᠳᠠᠯ ᠳᠣᠣᠷ᠎ᠠ ᠂ ᠮᠠᠨ ᠤ ᠤᠯᠤᠰ ᠤᠨ ᠪᠠᠷᠠᠭᠠᠨ ᠤ ᠦᠨ᠎ᠡ ᠶᠢᠨ ᠶᠡᠷᠦᠩᠬᠡᠢ ᠲᠦᠪᠰᠢᠨ ᠲᠣᠭᠲᠠᠭᠤᠨ ᠪᠠᠶᠢᠳᠠᠯ ᠢᠶᠠᠨ ᠪᠠᠲᠤᠯᠠᠵᠤ ᠂ ᠪᠦᠭᠦ | ᠵᠢᠯ ᠤᠨ ᠠᠵᠤ ᠠᠬᠤᠢ ᠶᠢᠨ ᠨᠡᠮᠡᠭᠳᠡᠯ 3% ᠳᠤ ᠬᠦᠷᠴᠦ ᠂ ᠳᠡᠯᠡᠬᠡᠢ ᠶᠢᠨ ᠭᠤᠣᠯ ᠪᠤᠯᠬᠤ ᠠᠵᠤ ᠠᠬᠤᠢ ᠶᠢᠨ ᠴᠣᠭᠴᠠ ᠶᠢᠨ ᠳᠣᠲᠣᠷ᠎ᠠ ᠮᠠᠰᠢ ᠥᠨᠳᠥᠷ ᠲᠤ | ᠣᠷᠣᠵᠠᠢ ᠃ ᠡᠳᠡᠭᠡᠷ ᠠᠮᠵᠢᠯᠲᠠ ᠶᠢ ᠣᠯᠣᠭᠰᠠᠨ ᠨᠢ ᠦᠨᠡᠬᠡᠷ ᠭᠢᠯᠪᠠᠷ ᠪᠤᠰᠤ ᠶᠤᠮ ᠭᠡᠵᠦ ᠴᠢᠬᠤᠯᠠᠴᠢᠯᠠᠵᠠᠢ ᠃ | ᠰᠢ ᠶᠢᠨ ᠫᠢᠩ ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ 5 ᠵᠢᠯ ᠪᠣᠯ ᠲᠤᠶᠢᠯ ᠤᠨ ᠶᠡᠷᠦ ᠪᠤᠰᠤ ᠶᠢᠨ ᠂ ᠲᠤᠶᠢᠯ ᠤᠨ ᠵᠢᠷ ᠤᠨ | ᠪᠤᠰᠤ 5 ᠵᠢᠯ ᠪᠣᠯᠣᠨ᠎ᠠ ᠃ ᠮᠠᠨ ᠤ ᠤᠯᠤᠰ ᠤᠨ ᠬᠥᠭᠵᠢᠯᠲᠡ ᠶᠢᠨ ᠭᠠᠳᠠᠭᠠᠳᠤ ᠣᠷᠴᠢᠨ ᠨᠥᠬᠦᠴᠡᠯ ᠰᠢᠷᠦᠭᠦᠰᠦᠨ ᠬᠤᠪᠢᠷᠠᠵᠤ ᠂ ᠲᠤᠬᠳᠠᠭᠠᠯᠳᠤ ᠪᠤᠰᠤ ᠪᠠ | ᠲᠥᠰᠥᠭᠡᠯᠡᠬᠦᠶ᠎ᠡ ᠪᠡᠷᠬᠡ ᠬᠦᠴᠦᠨ ᠵᠦᠢᠯ ᠢᠯᠡᠳᠲᠡ ᠨᠡᠮᠡᠭᠳᠡᠪᠡ ᠂ ᠢᠯᠠᠩᠭᠤᠶ᠎ᠠ ᠠᠮᠧᠷᠢᠺᠠ ᠪᠠᠷ ᠲᠣᠯᠣᠭᠠᠶᠢᠯᠠᠭᠤᠯᠤᠭᠰᠠᠨ ᠥᠷᠥᠨᠡᠳᠠᠬᠢᠨ ᠤ ᠤᠯᠤᠰ ᠤᠳ ᠮᠠᠨ ᠤ | ᠤᠯᠤᠰ ᠢ ᠪᠦᠭᠦ ᠲᠠᠯ᠎ᠠ ᠪᠠᠷ ᠬᠢᠵᠠᠭᠠᠷᠯᠠᠵᠤ ᠂ ᠪᠦᠰᠡᠯᠡᠨ ᠬᠤᠷᠢᠵᠤ ᠂ ᠳᠠᠷᠤᠯᠲᠠ ᠥᠭᠴᠦ ᠂ ᠮᠠᠨ ᠤ ᠤᠯᠤᠰ ᠤᠨ ᠬᠥᠭᠵᠢᠯᠲᠡ ᠳᠤ ᠤᠷᠢᠳ ᠡᠮᠦᠨ᠎ᠡ ᠪᠠᠶᠢᠭ᠎ᠠ | ᠦᠭᠡᠢ ᠬᠠᠲᠠᠭᠤ ᠴᠢᠩᠭ᠎ᠠ ᠰᠢᠯᠭᠠᠯᠲᠠ ᠶᠢ ᠠᠪᠴᠢᠷᠠᠭᠰᠠᠨ ᠪᠠᠶᠢᠨ᠎ᠠ ᠃ ᠡᠭᠦᠨ ᠤ ᠵᠡᠷᠭᠡ ᠪᠠᠷ ᠤᠯᠤᠰ ᠤᠨ ᠳᠣᠲᠣᠭᠠᠳᠤ ᠳᠤ ᠪᠠᠰᠠ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠲᠠᠭᠢᠨ ᠳᠠᠪᠲᠠᠨ ᠳᠡᠯᠭᠡᠷᠡᠭᠰᠡᠨ ᠂ ᠠᠵᠤ ᠠᠬᠤᠢ ᠤᠷᠤᠭᠤᠳᠠᠬᠤ ᠳᠠᠷᠤᠯᠲᠠ ᠨᠡᠮᠡᠭᠳᠡᠭᠰᠡᠨ ᠵᠡᠷᠭᠡ ᠤᠯᠠᠨ ᠵᠦᠢᠯ ᠤᠨ | ᠬᠦᠴᠢᠷᠳᠡᠯ ᠳᠤ ᠲᠤᠯᠭᠠᠷᠠᠪᠠ ᠃ ᠪᠢᠳᠡ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ᠬᠦᠴᠢᠷ ᠢ | ᠰᠥᠷᠦᠨ ᠤᠷᠤᠭᠰᠢᠯᠠᠵᠤ ᠂ ᠯᠠᠪᠳᠠᠭᠤᠨ ᠢᠶᠠᠷ ᠠᠷᠭᠠᠴᠠᠭᠠᠵᠤ ᠂ ᠭᠠᠵᠢᠭᠤ ᠪᠤᠷᠤᠭᠤ ᠶᠢ ᠢᠲᠡᠭᠡᠭᠦ ᠦᠭᠡᠢ ᠂ ᠳᠠᠷᠤᠯᠲᠠ ᠠᠴᠠ ᠠᠶᠤᠬᠤ ᠦᠭᠡᠢ ᠂ | ᠬᠦᠴᠢᠷ ᠠᠴᠠ ᠵᠠᠶᠢᠯᠠᠬᠤ ᠦᠭᠡᠢ ᠪᠠᠶᠢᠵᠤ ᠂ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠵᠢᠯ ᠳᠤᠮᠳᠠᠴᠢ ᠪᠠᠷ 5.2% ᠢᠶᠠᠷ | ᠨᠡᠮᠡᠭᠳᠡᠵᠦ ᠂ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ ᠂ | ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠵᠦ ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ ᠂ ᠨᠠᠮ ᠪᠣᠯᠣᠨ ᠤᠯᠤᠰ ᠤᠨ | ᠠᠵᠢᠯ ᠦᠢᠯᠡᠰ ᠤᠨ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠴᠢᠬᠤᠯᠠ ᠶᠡᠭᠡ ᠠᠮᠵᠢᠯᠲᠠ ᠣᠯᠬᠤ ᠶᠢ ᠠᠬᠢᠭᠤᠯᠵᠤ ᠂ ᠮᠠᠨ ᠤ ᠤᠯᠤᠰ ᠤᠨ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠣᠷᠣᠬᠤ ᠶᠢ ᠠᠬᠢᠭᠤᠯᠪᠠ ᠃ 5 ᠵᠢᠯ ᠤᠨ ᠲᠤᠷᠰᠢᠬᠢ ᠠᠮᠵᠢᠯᠲᠠ | ᠪᠦᠲᠦᠮᠵᠢ ᠪᠣᠯ ᠪᠦᠭᠦ ᠨᠠᠮ ᠪᠦᠭᠦ ᠤᠯᠤᠰ ᠤᠨ ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ ᠂ ᠪᠠᠰᠠ ᠴᠤ ᠥᠷᠭᠡᠨ ᠤᠯᠠᠨ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠤᠪᠢ ᠨᠡᠮᠡᠷᠢ ᠰᠢᠩᠭᠡᠵᠦ ᠪᠠᠶᠢᠭ᠎ᠠ ᠶᠤᠮ ᠭᠡᠵᠦ ᠵᠢᠭᠠᠵᠤ ᠭᠠᠷᠭᠠᠵᠠᠢ ᠃ | ᠰᠢ ᠶᠢᠨ ᠫᠢᠩ ᠂ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠣᠷᠴᠢᠨ ᠨᠥᠬᠦᠴᠡᠯ ᠳᠤ ᠡᠭᠦᠰᠦᠭᠰᠡᠨ ᠭᠦᠨᠵᠡᠭᠡᠢ ᠪᠥᠭᠡᠳ ᠪᠤᠳᠤᠯᠢᠶᠠᠨᠲᠠᠢ | ᠬᠤᠪᠢᠷᠠᠯᠲᠠ ᠶᠢᠨ ᠡᠮᠦᠨ᠎ᠡ ᠂ ᠡᠷᠬᠡᠪᠰᠢ ᠯᠠᠪᠳᠠᠭᠤᠨ ᠪᠣᠯᠭᠤᠮᠵᠢᠲᠠᠢ ᠪᠠᠶᠢᠵᠤ ᠂ ᠲᠣᠭᠲᠠᠯ ᠬᠦᠴᠦᠨ ᠢᠶᠠᠨ ᠪᠠᠲᠤᠯᠠᠵᠤ ᠂ ᠲᠣᠭᠲᠠᠭᠤᠨ ᠤ ᠳᠤᠮᠳᠠ | ᠤᠷᠤᠭᠰᠢᠯᠠᠨ ᠳᠠᠪᠰᠢᠵᠤ ᠂ ᠢᠳᠡᠪᠬᠢᠲᠡᠢ ᠠᠵᠢᠯᠯᠠᠵᠤ ᠂ ᠪᠦᠯᠬᠦᠮᠳᠡᠨ ᠨᠢᠭᠡᠳᠴᠦ ᠂ ᠵᠣᠷᠢᠭᠲᠠᠢ ᠲᠡᠮᠡᠴᠡᠬᠦ ᠬᠡᠷᠡᠭᠲᠡᠢ ᠃ ᠯᠠᠪᠳᠠᠭᠤᠨ ᠲᠣᠭᠲᠠᠭᠤᠨ ᠪᠠᠶᠢᠵᠤ | ᠂ ᠲᠣᠭᠲᠠᠯ ᠬᠦᠴᠦᠨ ᠢᠶᠠᠨ ᠪᠠᠲᠤᠯᠠᠬᠤ ᠭᠡᠳᠡᠭ ᠨᠢ ᠳᠠᠷᠤᠢ ᠳᠡᠯᠡᠬᠡᠢ ᠶᠢᠨ ᠪᠠᠶᠢᠳᠠᠯ ᠤᠨ ᠭᠦᠨᠵᠡᠭᠡᠢ ᠬᠤᠪᠢᠷᠠᠯᠲᠠ ᠶᠢ ᠯᠠᠪᠳᠠᠭᠤᠨ ᠲᠣᠭᠲᠠᠭᠤᠨ ᠢᠶᠠᠷ ᠠᠵᠢᠭᠯᠠᠵᠤ | ᠂ ᠡᠯ᠎ᠡ ᠵᠦᠢᠯ ᠤᠨ ᠠᠶᠤᠯ ᠲᠦᠭᠰᠢᠭᠦᠷᠢ ᠪᠠ ᠥᠷᠢᠰᠦᠯᠳᠦᠭᠡᠨ ᠢ ᠯᠠᠪᠳᠠᠭᠤᠨ ᠢᠶᠠᠷ ᠠᠷᠭᠠᠴᠠᠭᠠᠵᠤ ᠂ ᠬᠤᠪᠢᠷᠠᠯᠲᠠ ᠶᠢ ᠵᠥᠪ ᠲᠠᠨᠢᠵᠤ ᠂ ᠰᠢᠨᠵᠢᠯᠡᠬᠦ | ᠤᠬᠠᠭᠠᠨᠴᠢ ᠪᠠᠷ ᠠᠷᠭᠠᠴᠠᠭᠠᠨ ᠂ ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠡᠷᠢᠯᠬᠢᠯᠡᠵᠦ ᠂ ᠪᠠᠶᠢᠯᠳᠤᠬᠤ ᠪᠣᠳᠣᠯᠭ᠎ᠠ ᠶᠢᠨ ᠠᠷᠭ᠎ᠠ ᠪᠣᠳᠣᠯᠭ᠎ᠠ ᠪᠠᠨ ᠴᠠᠭ | ᠲᠤᠬᠠᠢ ᠳᠤᠨᠢ ᠰᠢᠯᠢᠳᠡᠭᠵᠢᠭᠦᠯᠦᠨ ᠲᠣᠬᠢᠷᠠᠭᠤᠯᠬᠤ ᠮᠥᠷᠲᠡᠭᠡᠨ ᠪᠠᠰᠠ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ ᠂ ᠰᠠᠨᠠᠭᠰᠠᠨ ᠳᠠᠭᠠᠨ | ᠬᠦᠷᠬᠦ ᠪᠠᠷ ᠰᠢᠨᠲᠠᠷᠠᠰᠢ ᠦᠭᠡᠢ ᠴᠢᠷᠮᠠᠶᠢᠵᠤ ᠂ ᠡᠯ᠎ᠡ ᠵᠦᠢᠯ ᠤᠨ ᠠᠶᠤᠯ ᠲᠦᠭᠰᠢᠭᠦᠷᠢ ᠠᠴᠠ ᠡᠮᠢᠶᠡᠭᠦ ᠦᠭᠡᠢ ᠂ ᠨᠢᠭᠡᠨᠲᠡ ᠲᠣᠭᠲᠠᠭᠠᠭᠰᠠᠨ ᠪᠠᠶᠢᠯᠳᠤᠬᠤ | ᠪᠣᠳᠣᠯᠭ᠎ᠠ ᠶᠢᠨ ᠬᠠᠷᠠᠯᠲᠠ ᠪᠠᠨ ᠵᠣᠷᠢᠵᠤ ᠡᠷᠡᠰ ᠭᠤᠶᠢᠪᠢᠰᠢ ᠦᠭᠡᠢ ᠤᠷᠤᠭᠰᠢᠯᠠᠬᠤ ᠶᠠᠪᠤᠳᠠᠯ ᠪᠣᠯᠣᠨ᠎ᠠ ᠃ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ ᠂ | ᠢᠳᠡᠪᠬᠢᠲᠡᠢ ᠪᠠᠷ ᠠᠵᠢᠯᠯᠠᠬᠤ ᠪᠣᠯ ᠳᠠᠷᠤᠢ ᠦᠨᠳᠦᠰᠦᠨ ᠴᠢᠭᠯᠡᠯ ᠢ ᠲᠣᠭᠲᠠᠭᠤᠨ ᠪᠠᠶᠢᠯᠭᠠᠬᠤ ᠂ ᠴᠢᠭᠯᠡᠯᠲᠡ ᠲᠦᠷᠦ ᠶᠢᠨ ᠪᠣᠳᠣᠯᠭ᠎ᠠ ᠶᠢ ᠲᠣᠭᠲᠠᠭᠤᠨ ᠪᠠᠶᠢᠯᠭᠠᠬᠤ | ᠂ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠣᠭᠲᠠᠭᠤᠨ ᠪᠠᠶᠢᠯᠭᠠᠬᠤ ᠂ ᠰᠠᠭᠤᠷᠢ ᠶᠢ ᠪᠠᠲᠤ ᠰᠠᠬᠢᠬᠤ ᠂ ᠯᠠᠪᠳᠠᠭᠤᠨ ᠲᠣᠭᠲᠠᠭᠤᠨ ᠪᠠᠶᠢᠬᠤ ᠶᠢ | ᠪᠠᠲᠤᠯᠠᠭᠰᠠᠨ ᠰᠠᠭᠤᠷᠢᠨ ᠳᠡᠭᠡᠷ᠎ᠡ ᠢᠳᠡᠪᠬᠢᠲᠡᠢ ᠪᠠᠷ ᠤᠷᠤᠭᠰᠢᠯᠠᠨ ᠳᠠᠪᠰᠢᠵᠤ ᠂ ᠵᠣᠭᠰᠣᠩᠭᠢᠷᠠᠬᠤ ᠦᠭᠡᠢ ᠪᠠᠶᠢᠵᠤ ᠂ ᠲᠦᠷᠭᠡᠨ ᠪᠤᠯᠭᠠᠵᠤ ᠴᠢᠳᠠᠪᠠᠯ ᠲᠦᠷᠭᠡᠨ | ᠪᠤᠯᠭᠠᠵᠤ ᠂ ᠬᠠᠮᠤᠭ ᠤᠨ ᠰᠠᠶᠢᠨ ᠦᠷ᠎ᠡ ᠳ᠋ᠦᠩ ᠢ ᠣᠯᠬᠤ ᠪᠠᠷ ᠴᠢᠷᠮᠠᠶᠢᠬᠤ ᠶᠠᠪᠤᠳᠠᠯ ᠪᠣᠯᠣᠨ᠎ᠠ ᠃ ᠪᠦᠯᠬᠦᠮᠳᠡᠨ ᠨᠢᠭᠡᠳᠴᠦ ᠂ ᠵᠣᠷᠢᠭᠲᠠᠢ ᠪᠠᠷ ᠲᠡᠮᠡᠴᠡᠬᠦ | ᠬᠡᠷᠡᠭᠲᠡᠢ ᠃ ᠬᠦᠴᠦᠨ ᠴᠢᠳᠠᠯ ᠭᠡᠵᠦ ᠪᠦᠯᠬᠦᠮᠳᠡᠯ ᠠᠴᠠ ᠢᠷᠡᠳᠡᠭ ᠶᠤᠮ ᠃ ᠡᠳᠡᠭᠡᠷ ᠵᠢᠯ ᠤᠳ ᠲᠤ ᠂ ᠪᠢᠳᠡᠨ ᠳᠤ ᠲᠤᠯᠭᠠᠷᠠᠵᠤ ᠪᠠᠶᠢᠭ᠎ᠠ ᠡᠯ᠎ᠡ ᠵᠦᠢᠯ ᠤᠨ | ᠠᠶᠤᠯ ᠲᠦᠭᠰᠢᠭᠦᠷᠢ ᠪᠠ ᠥᠷᠢᠰᠦᠯᠳᠦᠭᠡᠨ ᠬᠤᠶᠢᠨ᠎ᠠ ᠬᠤᠶᠢᠨ᠎ᠠ ᠠᠴᠠ ᠪᠠᠨ ᠦᠷᠭᠦᠯᠵᠢᠯᠡᠵᠦ ᠂ ᠶᠡᠭᠡ ᠳᠠᠶᠢᠯᠠᠯᠳᠤᠭᠠᠨ ᠬᠤᠶᠢᠨ᠎ᠠ ᠬᠤᠶᠢᠨ᠎ᠠ ᠠᠴᠠ ᠪᠠᠨ | ᠦᠷᠭᠦᠯᠵᠢᠯᠡᠵᠦ ᠂ ᠳᠠᠶᠢᠯᠠᠯᠳᠤᠭᠠᠨ ᠨᠢᠭᠡ ᠪᠦᠷᠢ ᠨᠢ ᠴᠥᠮ ᠪᠦᠭᠦ ᠠᠷᠠᠳ ᠲᠦᠮᠡᠨ ᠤ ᠪᠦᠯᠬᠦᠮᠳᠡᠨ ᠲᠡᠮᠡᠴᠡᠬᠦ ᠂ ᠨᠤᠭᠤᠷᠠᠰᠢ ᠦᠭᠡᠢ ᠲᠡᠮᠡᠴᠡᠬᠦ ᠳᠤ ᠲᠦᠰᠢᠭᠯᠡᠨ | ᠢᠯᠠᠯᠲᠠ ᠣᠯᠵᠤ ᠢᠷᠡᠭᠰᠡᠨ ᠶᠤᠮ ᠃ ᠢᠷᠡᠭᠡᠳᠦᠢ ᠶᠢᠨ ᠬᠡᠰᠡᠭ ᠬᠤᠭᠤᠴᠠᠭᠠᠨ ᠳᠤ ᠂ ᠪᠢᠳᠡᠨ ᠳᠤ ᠲᠤᠯᠭᠠᠷᠠᠬᠤ ᠠᠶᠤᠯ ᠲᠦᠭᠰᠢᠭᠦᠷᠢ ᠥᠷᠢᠰᠦᠯᠳᠦᠭᠡᠨ | ᠤᠯᠠᠮ ᠠᠴᠠ ᠤᠯᠠᠮ ᠣᠯᠠᠰᠢᠷᠠᠵᠤ ᠂ ᠤᠯᠠᠮ ᠠᠴᠠ ᠤᠯᠠᠮ ᠬᠦᠨᠳᠦ ᠬᠡᠴᠡᠭᠦᠦ ᠪᠤᠯᠬᠤ ᠪᠣᠯᠣᠨ᠎ᠠ ᠃ ᠭᠠᠭᠴᠠ ᠬᠦ ᠪᠦᠭᠦ ᠠᠷᠠᠳ ᠲᠦᠮᠡᠨ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ ᠂ ᠤᠯᠠᠨ ᠤ ᠵᠣᠷᠢᠭ ᠢ ᠨᠢᠭᠡᠳᠬᠡᠵᠦ ᠂ ᠵᠣᠷᠢᠭᠲᠠᠢ ᠪᠠᠷ ᠲᠡᠮᠡᠴᠡᠵᠦ ᠂ | ᠴᠢᠳᠠᠮᠠᠭᠠᠢ ᠪᠠᠷ ᠲᠡᠮᠡᠴᠡᠪᠡᠯ ᠰᠠᠶ᠋ᠢ ᠨᠡᠩ ᠶᠡᠭᠡ ᠰᠢᠨ᠎ᠡ ᠢᠯᠠᠯᠲᠠ ᠶᠢ ᠲᠠᠰᠤᠷᠠᠯᠳᠠ ᠦᠭᠡᠢ ᠲᠡᠮᠡᠴᠡᠨ ᠣᠯᠵᠤ ᠴᠢᠳᠠᠨ᠎ᠠ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯ ᠮᠠᠨ ᠤ ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠬᠤ ᠂ ᠪᠦᠭᠦ ᠤᠯᠤᠰ ᠤᠨ | ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ︽ᠬᠤᠣᠰ ᠵᠠᠭᠤᠨ ᠵᠢᠯ ︾ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠠ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠴᠢᠬᠤᠯᠠ ᠬᠦᠴᠦᠨ ᠮᠥᠨ ᠃ ᠪᠢᠳᠡ ᠢᠮᠠᠭᠲᠠ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠥᠪᠡᠷ ᠤᠨ ᠬᠥᠮᠥᠨ ᠢᠶᠠᠨ ᠪᠣᠯᠭᠠᠨ ᠦᠵᠡᠵᠦ ᠂ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠬᠦᠴᠢᠷᠳᠡᠯ ᠳᠤ ᠲᠤᠯᠭᠠᠷᠠᠭᠰᠠᠨ ᠦᠶ᠎ᠡ ᠳᠤ ᠳᠡᠮᠵᠢᠯᠭᠡ ᠦᠵᠡᠭᠦᠯᠵᠦ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠲᠥᠭᠡᠷᠢᠭᠳᠡᠯ ᠳᠤ | ᠲᠤᠯᠭᠠᠷᠠᠭᠰᠠᠨ ᠦᠶ᠎ᠡ ᠳᠤ ᠵᠢᠯᠣᠭᠤᠳᠤᠯᠭ᠎ᠠ ᠦᠵᠡᠭᠦᠯᠵᠡᠢ ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠨᠥᠬᠦᠴᠡᠯ ᠢ | ᠰᠢᠯᠢᠳᠡᠭᠵᠢᠭᠦᠯᠵᠦ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠡᠷᠬᠡ ᠲᠡᠭᠰᠢ ᠪᠠᠷ ᠣᠷᠤᠯᠴᠠᠬᠤ ᠶᠢ | ᠬᠦᠯᠢᠶᠡᠰᠦᠯᠡᠵᠦ ᠪᠠᠶᠢᠭ᠎ᠠ ᠳᠦᠷᠢᠮ ᠤᠨ ᠬᠠᠷᠰᠢ ᠰᠠᠭᠠᠳ ᠢ ᠠᠷᠢᠯᠭᠠᠵᠤ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠥᠮᠴᠢᠯᠡᠯ ᠤᠨ ᠡᠷᠬᠡ ᠪᠣᠯᠣᠨ | ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ ᠂ ᠳᠦᠷᠢᠮ ᠪᠣᠯᠣᠨ ᠬᠠᠤᠯᠢ ᠴᠠᠭᠠᠵᠠ ᠶᠢᠨ ᠲᠠᠯ᠎ᠠ ᠪᠠᠷ ᠤᠯᠤᠰ ᠤᠨ ᠥᠮᠴᠢᠯᠡᠯ ᠤᠨ | ᠠᠵᠤ ᠠᠬᠤᠶᠢᠯᠠᠯ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠡᠷᠬᠡ ᠲᠡᠭᠰᠢ ᠪᠠᠷ ᠬᠠᠨᠳᠤᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠵᠣᠷᠢᠭᠵᠢᠭᠤᠯᠤᠨ ᠳᠡᠮᠵᠢᠵᠦ ᠂ ᠵᠠᠬ᠎ᠠ | ᠳᠡᠯᠭᠡᠭᠦᠷ ᠤᠨ ᠵᠢᠱᠢᠯᠲᠡ ᠪᠣᠯᠣᠨ ᠢᠲᠡᠭᠡᠯ ᠢ ᠬᠥᠭᠵᠢᠭᠡᠬᠦ ᠬᠡᠷᠡᠭᠲᠡᠢ ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ ᠂ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠳᠤᠮᠳᠠᠬᠢ ᠴᠢᠬᠤᠯᠠ ᠦᠢᠯᠡᠳᠦᠯ ᠢ ᠢᠳᠡᠪᠬᠢᠲᠡᠢ ᠪᠠᠳᠠᠷᠠᠭᠤᠯᠵᠤ ᠂ ᠨᠠᠩ ᠪᠦᠲᠦᠮᠵᠢᠲᠡᠶ | ᠠᠷᠭ᠎ᠠ ᠬᠡᠮᠵᠢᠶ᠎ᠡ ᠠᠪᠴᠤ ᠳᠤᠮᠳᠠ ᠵᠢᠵᠢᠭ ᠪᠢᠴᠢᠯ ᠠᠵᠤ ᠠᠬᠤᠶᠢᠯᠠᠯ ᠪᠣᠯᠣᠨ ᠦᠢᠯᠡᠳᠪᠦᠷᠢ ᠬᠤᠳᠠᠯᠳᠤᠭᠠᠨ ᠤ ᠬᠤᠪᠢ ᠡᠷᠦᠭᠡ ᠶᠢᠨ ᠬᠥᠭᠵᠢᠯᠲᠡ ᠶᠢ ᠳᠡᠮᠵᠢᠵᠦ ᠂ | ᠲᠠᠪᠴᠠᠩ ᠤᠨ ᠠᠵᠤ ᠠᠬᠤᠶᠢᠯᠠᠯ ᠤᠨ ᠠᠵᠢᠯ ᠣᠯᠭᠤᠯᠲᠠ ᠶᠢ ᠡᠭᠦᠳᠭᠦ ᠂ ᠬᠡᠷᠡᠭᠯᠡᠭᠡ ᠶᠢ ᠥᠷᠭᠡᠳᠬᠡᠬᠦ ᠂ ᠣᠯᠠᠨ ᠤᠯᠤᠰ ᠤᠨ ᠥᠷᠢᠰᠦᠯᠳᠦᠭᠡᠨ ᠳᠤ | ᠴᠢᠳᠠᠪᠤᠷᠢ ᠪᠠᠨ ᠪᠠᠳᠠᠷᠠᠭᠤᠯᠬᠤ ᠶᠢ ᠳᠡᠮᠵᠢᠭᠦ ᠬᠡᠷᠡᠭᠲᠡᠢ ᠃ ᠳᠣᠲᠣᠨᠣ ᠪᠥᠭᠡᠳ ᠲᠣᠳᠣᠷᠬᠠᠢ ᠵᠠᠰᠠᠭ ᠬᠤᠳᠠᠯᠳᠤᠭᠠᠨ ᠤ ᠬᠠᠷᠢᠴᠠᠭ᠎ᠠ ᠶᠢ ᠪᠠᠶᠢᠭᠤᠯᠬᠤ ᠶᠢ ᠪᠣᠳᠠᠲᠠᠢ ᠳᠤ | ᠨᠠᠶᠢᠳᠠᠪᠤᠷᠢᠵᠢᠭᠤᠯᠵᠤ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠬᠦᠴᠢᠷ ᠵᠣᠪᠠᠭᠤᠷᠢ ᠶᠢ ᠨᠢ | ᠰᠢᠢᠳᠪᠦᠷᠢᠯᠡᠨ ᠥᠭᠴᠦ ᠂ ᠲᠡᠳᠡᠨ ᠢ ᠵᠣᠷᠢᠭᠲᠠᠢ ᠠᠵᠢᠯᠯᠠᠵᠤ ᠂ ᠳᠠᠷᠤᠭᠠᠰᠤ ᠦᠭᠡᠢ ᠪᠠᠷ ᠠᠵᠢᠯᠯᠠᠬᠤ ᠪᠤᠯᠭᠠᠵᠤ ᠂ ᠨᠢᠭᠡ ᠰᠡᠳᠬᠢᠯ ᠨᠢᠭᠡ ᠵᠣᠷᠢᠭ ᠢᠶᠠᠷ | ᠬᠥᠭᠵᠢᠯᠲᠡ ᠶᠢ ᠬᠥᠭᠡᠭᠡᠴᠡᠯᠳᠦᠭᠦᠯᠬᠦ ᠬᠡᠷᠡᠭᠲᠡᠢ ᠃ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠵᠤ ᠂ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠬᠥᠲᠥᠯᠥᠨ ᠵᠢᠯᠤᠭᠤᠳᠴᠤ ᠨᠠᠮ ᠤᠨ ᠲᠥᠪ ᠬᠤᠷᠢᠶ᠎ᠠ ᠶᠢᠨ ︽ᠬᠤᠶᠠᠷ ᠡᠷᠡᠰ | ᠭᠤᠶᠢᠪᠢᠰᠢ ᠦᠭᠡᠢ ᠪᠠᠶᠢᠬᠤ ︾ ᠂ ︽ᠬᠤᠶᠠᠷ ᠡᠷᠡᠭᠦᠯ ︾ ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ ᠶᠢ ᠵᠥᠪ ᠣᠶᠢᠯᠠᠭᠠᠭᠤᠯᠵᠤ ᠂ ᠡᠷᠡᠭᠡᠯᠵᠡᠯ ᠢ | ᠨᠢ ᠠᠷᠢᠯᠭᠠᠵᠤ ᠂ ᠳᠠᠷᠤᠭᠠᠰᠤ ᠶᠢ ᠨᠢ ᠬᠥᠩᠭᠡᠷᠡᠭᠦᠯᠵᠦ ᠂ ᠵᠣᠷᠢᠭᠲᠠᠢ ᠪᠠᠷ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠴᠢᠨᠠᠷ ᠰᠠᠶᠢᠲᠠᠢ ᠬᠥᠭᠵᠢᠯᠲᠡ ᠨᠢ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠨᠡᠩ ᠥᠨᠳᠥᠷ ᠱᠠᠭᠠᠷᠳᠠᠯᠭ᠎ᠠ | ᠳᠤᠷᠠᠳᠴᠠᠢ ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ ᠂ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠣᠷᠣᠰᠢᠵᠤ ᠪᠠᠶᠢᠭ᠎ᠠ ᠳᠤᠲᠠᠭᠤᠳᠠᠯ ᠪᠣᠯᠣᠨ ᠲᠤᠯᠭᠠᠷᠠᠵᠤ ᠪᠠᠶᠢᠭ᠎ᠠ ᠥᠷᠢᠰᠦᠯᠳᠦᠭᠡᠨ ᠢ ᠭᠦᠨᠵᠡᠭᠡᠢ | ᠡᠵᠡᠮᠳᠡᠵᠦ ᠂ ᠬᠥᠭᠵᠢᠯᠲᠡ ᠶᠢᠨ ᠭᠡᠯᠪᠡᠷᠢ ᠪᠠᠨ ᠬᠤᠪᠢᠷᠠᠭᠤᠯᠵᠤ ᠂ ᠠᠵᠤ ᠦᠢᠯᠡᠰ ᠤᠨ ᠪᠦᠲᠦᠴᠡ ᠪᠠᠨ ᠲᠣᠬᠢᠷᠠᠭᠤᠯᠵᠤ ᠂ ᠨᠡᠮᠡᠭᠳᠡᠯ ᠤᠨ ᠬᠥᠳᠡᠯᠭᠡᠭᠦ | ᠬᠦᠴᠦᠨ ᠢᠶᠠᠨ ᠬᠤᠪᠢᠷᠠᠭᠤᠯᠵᠤ ᠂ ᠭᠤᠣᠯ ᠦᠢᠯᠡᠰ ᠢᠶᠠᠨ ᠪᠠᠲᠤ ᠰᠠᠬᠢᠵᠤ ᠂ ᠪᠣᠳᠠᠲᠤ ᠴᠣᠭᠴᠠ ᠶᠢᠨ ᠦᠢᠯᠡᠰ ᠢᠶᠠᠨ ᠬᠦᠴᠦᠷᠬᠡᠭᠵᠢᠭᠦᠯᠵᠦ ᠂ | ᠤᠬᠠᠮᠰᠠᠷ ᠠᠴᠠ ᠪᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠢ ᠃ ᠴᠢᠳᠠᠪᠤᠷᠢ ᠲᠠᠢ ᠂ ᠨᠥᠬᠦᠴᠡᠯ ᠲᠠᠢ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠤᠨ ᠬᠢᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠭᠦ ᠶᠢ ᠴᠢᠩᠭᠠᠳᠬᠠᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ | ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠳᠤᠮᠳᠠ ᠨᠡᠩ ᠶᠡᠭᠡ ᠦᠢᠯᠡᠳᠦᠯ | ᠦᠵᠡᠭᠦᠯᠭᠦ ᠬᠡᠷᠡᠭᠲᠡᠢ ᠃ ᠠᠷᠠᠳ ᠤᠨ ᠬᠥᠷᠥᠩᠭᠡ ᠶᠢᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ ᠂ ᠨᠠᠩ ᠣᠯᠠᠨ ᠠᠷᠠᠳ ᠤᠨ | ᠬᠥᠷᠥᠩᠭᠡ ᠶᠢᠨ ᠤᠯᠤᠰ ᠤᠨ ᠴᠢᠬᠤᠯᠠ ᠶᠡᠭᠡ ᠢᠨᠵᠧᠨᠧᠷᠢᠩ ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠵᠣᠷᠢᠭᠵᠢᠭᠤᠯᠬᠤ ᠪᠠ ᠲᠠᠲᠠᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠃ ᠡᠯ᠎ᠡ ᠲᠥᠷᠥᠯ ᠤᠨ ᠬᠥᠷᠥᠩᠭᠡ ᠶᠢᠨ ᠡᠷᠡᠭᠦᠯ ᠢᠶᠠᠷ ᠭᠦᠭᠵᠢᠭᠦ ᠶᠢ | ᠬᠠᠤᠯᠢ ᠶᠣᠰᠣᠭᠠᠷ ᠵᠢᠷᠤᠮᠵᠢᠭᠤᠯᠬᠤ ᠪᠠ ᠬᠥᠲᠥᠯᠥᠨ ᠵᠢᠯᠤᠭᠤᠳᠴᠤ ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠶᠢ ᠪᠦᠲᠦᠮᠵᠢᠲᠡᠶ | ᠰᠡᠷᠭᠡᠶᠢᠯᠡᠨ ᠠᠷᠢᠯᠭᠠᠵᠤ ᠂ ᠡᠯ᠎ᠡ ᠲᠥᠷᠥᠯ ᠤᠨ ᠥᠮᠴᠢᠯᠡᠯ ᠤᠨ ᠠᠵᠤ ᠠᠬᠤᠶᠢᠯᠠᠯ ᠳᠤ ᠭᠤᠣᠯᠴᠢ ᠪᠠᠷ ᠥᠷᠢᠰᠦᠯᠳᠦᠬᠦ ᠂ ᠥᠷᠢᠰᠦᠯᠳᠦᠨ ᠭᠦᠭᠵᠢᠭᠦ ᠣᠷᠴᠢᠨ | ᠨᠥᠬᠦᠴᠡᠯ ᠢ ᠡᠭᠦᠳᠴᠦ ᠥᠭᠭᠦ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠣᠳᠣᠬᠢᠴᠢᠯᠠᠯᠲᠠ ᠮᠥᠨ | ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠭᠡᠰᠡᠨ ᠦᠭᠡᠢ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠴᠤ ᠭᠡᠰᠡᠨ ᠦᠭᠡᠢ ᠂ ᠴᠥᠮ | ᠬᠠᠮᠲᠤ ᠪᠠᠷ ᠪᠠᠶᠠᠵᠢᠬᠤ ᠶᠢ ᠠᠬᠢᠭᠤᠯᠬᠤ ᠴᠢᠬᠤᠯᠠ ᠬᠦᠴᠦᠨ ᠮᠥᠨ ᠂ ᠴᠥᠮ ᠬᠠᠮᠲᠤ ᠪᠠᠷ ᠪᠠᠶᠠᠵᠢᠬᠤ ᠶᠢ ᠠᠬᠢᠭᠤᠯᠬᠤ ᠨᠡᠶᠢᠭᠡᠮ ᠤᠨ ᠬᠠᠷᠢᠭᠤᠴᠠᠯᠭ᠎ᠠ ᠶᠢ ᠡᠷᠬᠡᠪᠰᠢ | ᠡᠭᠦᠷᠭᠡᠯᠡᠬᠦ ᠬᠡᠷᠡᠭᠲᠡᠢ ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤᠯᠤᠰ ᠭᠡᠷ ᠤᠨ ᠬᠠᠶᠢᠷ᠎ᠠ ᠰᠡᠳᠬᠢᠯᠭᠡ ᠪᠠᠨ ᠨᠡᠮᠡᠭᠳᠡᠭᠦᠯᠵᠦ ᠂ ᠠᠷᠠᠳ | ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ ᠂ ᠤᠷᠢᠳ ᠢᠶᠠᠷ ᠪᠠᠶᠠᠵᠢᠭᠰᠠᠨ ᠨᠢ ᠰᠡᠭᠦᠯᠡᠷ | ᠪᠠᠶᠠᠵᠢᠬᠤ ᠪᠠᠨ ᠳᠠᠶᠢᠴᠢᠯᠠᠬᠤ ᠂ ᠬᠠᠮᠲᠤ ᠪᠠᠷ ᠪᠠᠶᠠᠵᠢᠬᠤ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠤᠳᠤᠯ ᠢᠶᠠᠨ ᠴᠢᠩᠭᠠᠳᠬᠠᠬᠤ ᠬᠡᠷᠡᠭᠲᠡᠢ | ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠠᠵᠤ ᠠᠬᠤᠶᠢᠯᠠᠯ ᠤᠨ ᠳᠣᠲᠣᠭᠠᠳᠤ ᠳᠠᠭᠠᠨ ᠡᠶ᠎ᠡ ᠵᠣᠬᠢᠴᠠᠩᠭᠤᠢ ᠭᠦᠳᠡᠯᠮᠦᠷᠢ ᠶᠢᠨ ᠬᠠᠷᠢᠴᠠᠭ᠎ᠠ ᠶᠢ | ᠢᠳᠡᠪᠬᠢᠲᠡᠢ ᠪᠠᠶᠢᠭᠤᠯᠵᠤ ᠂ ᠪᠦᠭᠦ ᠠᠵᠢᠯᠲᠠᠨ ᠤ ᠠᠰᠢᠭ ᠲᠤᠰᠠ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ ᠂ ᠠᠵᠤ ᠠᠬᠤᠶᠢᠯᠠᠯ ᠤᠨ | ᠬᠥᠭᠵᠢᠯᠲᠡ ᠶᠢᠨ ᠦᠷ᠎ᠡ ᠪᠦᠲᠦᠭᠡᠯ ᠢ ᠪᠦᠭᠦ ᠠᠵᠢᠯᠲᠠᠨ ᠳᠤ ᠨᠠᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠢ ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ | ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ ᠬᠤᠷᠢᠭ᠎ᠠ ᠱᠤᠭᠤᠮ ᠢ ᠪᠠᠲᠤ | ᠴᠣᠭᠴᠠᠯᠠᠵᠤ ᠂ ᠰᠢᠯᠢᠳᠡᠭ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠂ ᠤᠯᠤᠰ ᠢᠶᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ ᠂ | ᠬᠠᠤᠯᠢ ᠶᠢ ᠰᠠᠬᠢᠵᠤ ᠡᠵᠡᠩᠨᠡᠬᠦ ᠂ ᠦᠢᠯᠡᠰ ᠪᠣᠰᠬᠠᠵᠤ ᠰᠢᠨ᠎ᠡ ᠶᠢ ᠡᠭᠦᠳᠭᠦ ᠂ ᠨᠡᠶᠢᠭᠡᠮ ᠳᠤ ᠠᠴᠢ ᠬᠠᠷᠢᠭᠤᠯᠠᠬᠤ ᠥᠯᠢᠭᠡᠷ ᠳᠠᠭᠤᠷᠢᠶᠠᠯ ᠪᠤᠯᠬᠤ ᠬᠡᠷᠡᠭᠲᠡᠢ ᠃ | ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠵᠠᠯᠭᠠᠮᠵᠢᠯᠠᠨ ᠪᠠᠳᠠᠷᠠᠭᠤᠯᠵᠤ ᠂ ᠨᠡᠶᠢᠭᠡᠮ ᠤᠨ ᠨᠡᠶᠢᠲᠡ ᠶᠢᠨ ᠠᠰᠠᠷᠠᠮᠵᠢ | ᠨᠢᠭᠦᠯᠡᠰᠦᠩᠭᠦᠢ ᠶᠢᠨ ᠦᠢᠯᠡᠰ ᠲᠤ ᠢᠳᠡᠪᠬᠢᠲᠡᠢ ᠣᠷᠤᠯᠴᠠᠬᠤ ᠪᠠ ᠡᠷᠭᠢᠯᠡᠵᠦ ᠂ ᠪᠠᠶᠠᠵᠢᠭᠰᠠᠨ ᠴᠤ ᠬᠠᠷᠢᠭᠤᠴᠠᠯᠭ᠎ᠠ ᠡᠭᠦᠷᠭᠡᠯᠡᠬᠦ ᠂ ᠪᠠᠶᠠᠵᠢᠭᠰᠠᠨ ᠴᠤ ᠵᠢᠷᠤᠮ ᠢ | ᠡᠷᠭᠢᠮᠯᠡᠭᠦ ᠂ ᠪᠠᠶᠠᠵᠢᠭᠰᠠᠨ ᠴᠤ ᠬᠠᠶᠢᠷ᠎ᠠ ᠶᠢ ᠳᠡᠭᠡᠳᠦᠯᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃ | ᠱᠢ ᠲᠠᠢ ᠹᠧᠩ ᠂ ᠾᠧ ᠯᠢ ᠹᠧᠩ ᠂ ᠬᠤᠤ ᠮᠢᠩ ᠶᠢᠨ ᠂ ᠭᠤᠤ ᠶᠦᠨ ᠯᠦᠩ ᠨᠠᠷ ᠳᠤᠭᠤᠶᠢᠯᠠᠩ ᠬᠠᠮᠲᠤᠷᠠᠭᠰᠠᠨ ᠬᠤᠷᠠᠯ ᠳᠤ ᠣᠷᠣᠯᠴᠠᠪᠠ ᠃ | |