| | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ | ᠶᠢᠨ ᠫᠢᠩ 5 ᠤ ᠦᠳᠡ ᠶᠢᠨ ᠬᠤᠶᠢᠨ᠎ᠠ ᠲᠡᠭᠦᠨ ᠤ ᠪᠠᠶᠢᠭ᠎ᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠦ ᠳᠤ ᠣᠷᠤᠯᠴᠠᠬᠤ ᠳᠠᠭᠠᠨ ᠂ ᠴᠢᠨᠠᠷ ᠰᠠᠶᠢᠲᠠᠢ | ᠬᠥᠭᠵᠢᠯᠲᠡ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ ᠃ ᠡᠷᠬᠡᠪᠰᠢ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠵᠥᠪ ᠣᠨᠣᠪᠴᠢᠲᠠᠢ ᠂ ᠪᠦᠭᠦ ᠲᠠᠯ᠎ᠠ ᠪᠠᠷ ᠲᠤᠭᠤᠰᠢᠯᠠᠭᠤᠯᠵᠤ ᠂ ᠢᠮᠠᠭᠲᠠ ᠰᠢᠨ᠎ᠡ ᠶᠢ ᠡᠭᠦᠳᠭᠦ ᠂ | ᠵᠣᠬᠢᠴᠠᠩᠭᠤᠢ ᠂ ᠪᠣᠬᠢᠷᠳᠤᠯ ᠦᠭᠡᠢ ᠂ ᠨᠡᠭᠡᠭᠡᠯᠲᠡᠲᠤ ᠂ ᠬᠠᠮᠲᠤ ᠪᠠᠷ ᠡᠳ᠋ᠯᠡᠭᠦ ᠳᠣᠲᠣᠭᠠᠳᠤ ᠨᠢᠭᠡᠳᠦᠯ ᠢᠶᠠᠷ ᠬᠥᠭᠵᠢᠯᠲᠡ ᠶᠢ ᠡᠵᠡᠮᠳᠡᠵᠦ ᠂ ᠬᠥᠭᠵᠢᠯᠲᠡ ᠶᠢ ᠬᠡᠮᠵᠢᠵᠦ ᠂ | ᠬᠥᠭᠵᠢᠯᠲᠡ ᠶᠢ ᠠᠬᠢᠭᠤᠯᠬᠤ ᠭᠡᠷᠡᠭᠲᠡᠢ ︔ ᠡᠷᠬᠡᠪᠰᠢ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠨᠠᠩ | ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ᠶᠠᠰᠤ ᠴᠢᠨᠠᠷ ᠢ ᠲᠡᠷᠢᠭᠦᠨ ᠳᠤ ᠲᠠᠯᠪᠢᠬᠤ ᠂ ᠦᠷ᠎ᠡ ᠠᠰᠢᠭ ᠢ ᠤᠷᠢᠳ ᠢᠶᠠᠷ ᠪᠣᠳᠣᠯᠬᠢᠯᠠᠬᠤ ᠶᠢ ᠢᠮᠠᠭᠲᠠ ᠪᠠᠷᠢᠮᠲᠠᠯᠠᠵᠤ ᠂ | ᠶᠠᠰᠤ ᠴᠢᠨᠠᠷ ᠤᠨ ᠤᠬᠠᠮᠰᠠᠷ ᠢᠶᠠᠨ ᠶᠡᠭᠡ ᠪᠠᠷ ᠴᠢᠩᠭᠠᠳᠬᠠᠵᠤ ᠂ ᠶᠠᠰᠤ ᠴᠢᠨᠠᠷ ᠢ ᠠᠮᠢ ᠨᠠᠰᠤ ᠪᠣᠯᠭᠠᠨ ᠦᠵᠡᠵᠦ ᠂ ᠴᠢᠨᠠᠷ ᠰᠠᠶᠢᠲᠠᠢ ᠪᠠᠶᠢᠬᠤ ᠪᠠᠷ ᠬᠥᠭᠡᠭᠡᠴᠡᠯᠳᠦᠯ | ᠪᠤᠯᠭᠠᠬᠤ ᠭᠡᠷᠡᠭᠲᠡᠶ ︔ ᠡᠷᠬᠡᠪᠰᠢ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ ᠂ ᠬᠥᠭᠵᠢᠯᠲᠡ ᠶᠢᠨ ᠠᠷᠭ᠎ᠠ ᠭᠡᠯᠪᠡᠷᠢ ᠶᠢ ᠭᠦᠨᠵᠡᠭᠡᠢ | ᠬᠤᠪᠢᠷᠠᠭᠤᠯᠵᠤ ᠂ ᠦᠷ᠎ᠡ ᠠᠰᠢᠭ ᠤᠨ ᠬᠤᠪᠢᠰᠤᠯᠲᠠ ᠂ ᠬᠥᠳᠡᠯᠭᠡᠭᠦ ᠬᠦᠴᠦᠨ ᠤ ᠬᠤᠪᠢᠰᠤᠯᠲᠠ ᠪᠠᠷ ᠶᠠᠰᠤ ᠴᠢᠨᠠᠷ ᠤᠨ ᠬᠤᠪᠢᠰᠤᠯᠲᠠ ᠶᠢ ᠠᠬᠢᠭᠤᠯᠵᠤ ᠂ | ᠦᠷᠭᠦᠯᠵᠢᠯᠡᠬᠦ ᠴᠢᠨᠠᠷ ᠰᠠᠶᠢᠲᠠᠢ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢ ᠲᠦᠷᠭᠡᠳᠬᠡᠨ ᠪᠦᠷᠢᠯᠳᠦᠭᠦᠯᠬᠦ ᠭᠡᠷᠡᠭᠲᠡᠶ ︔ ᠡᠷᠬᠡᠪᠰᠢ ᠠᠷᠠᠳ ᠲᠦᠮᠡᠨ ᠤ ᠡᠳᠦᠷ | ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠵᠣᠷᠢᠯᠲᠠ ᠪᠠ ᠲᠤᠰᠤᠯᠲᠠ ᠪᠤᠯᠭᠠᠵᠤ ᠂ ᠬᠥᠭᠵᠢᠯᠲᠡ ᠶᠢᠨ ᠦᠷ᠎ᠡ | ᠪᠦᠲᠦᠭᠡᠯ ᠢ ᠲᠠᠰᠤᠷᠠᠯᠳᠠ ᠦᠭᠡᠢ ᠠᠮᠢᠳᠤᠷᠠᠯ ᠤᠨ ᠴᠢᠨᠠᠷ ᠴᠢᠨᠰᠠᠭ᠎ᠠ ᠪᠣᠯᠭᠠᠨ ᠬᠤᠪᠢᠷᠠᠭᠤᠯᠵᠤ ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠂ ᠵᠢᠷᠭᠠᠯᠲᠤ | ᠲᠥᠷᠥᠭᠳᠡᠯ ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠳᠤ ᠬᠦᠷᠴᠦ ᠢᠷᠡᠬᠦ ᠳᠤ ᠲᠤᠬᠠᠢ ᠶᠢᠨ ᠲᠠᠯᠠᠪᠠᠢ ᠳᠤ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ ᠃ | | ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠨᠠᠷᠢᠨ ᠬᠢᠨᠠᠮᠠᠭᠠᠢ ᠬᠢᠨᠠᠨ ᠵᠥᠪᠯᠡᠵᠦ ᠂ ᠭᠦᠷ ᠬᠥᠭᠵᠢᠶᠡᠨ ᠢᠶᠠᠷ ᠪᠢᠯᠬᠠᠵᠤ ᠪᠠᠶᠢᠯ᠎ᠠ ᠃ ᠰᠢᠦᠢ ᠺᠦᠨ ᠯᠢᠨ ᠂ | ᠯᠢᠦ ᠴᠢᠩ ᠂ ᠱᠠᠨ ᠽᠧᠩ ᠬᠠᠢ ᠂ ᠸᠧᠢ ᠴᠢᠶᠣᠤ ᠂ ᠵᠠᠩ ᠳ᠋ᠠ ᠳ᠋ᠦᠩ ᠂ ᠦ᠋ ᠴᠢᠩ ᠸᠧᠨ ᠵᠡᠷᠭᠡ 6 ᠲᠥᠯᠥᠭᠡᠯᠡᠭᠴᠢ ᠲᠤᠰ ᠲᠤᠰ ᠪᠦᠭᠦ ᠤᠯᠤᠰ ᠤᠨ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠦᠢᠯᠡᠴᠢᠯᠡᠬᠦ ᠂ ᠣᠷᠣᠨ ᠪᠦᠰᠡ ᠶᠢᠨ ᠬᠠᠮᠵᠢᠯᠴᠠᠨ ᠰᠢᠨ᠎ᠡ ᠶᠢ ᠡᠭᠦᠳᠭᠦ ᠶᠢ ᠶᠡᠭᠡ ᠪᠠᠷ ᠠᠬᠢᠭᠤᠯᠬᠤ ᠂ ᠡᠷᠡᠰ | ᠭᠤᠶᠢᠪᠢᠰᠢ ᠦᠭᠡᠢ ᠪᠠᠷ ᠦᠢᠯᠡᠳᠭᠦ ᠦᠢᠯᠡᠰ ᠤᠨ ᠨᠣᠶᠠᠨ ᠤᠷᠭᠢᠯ ᠳᠤ ᠠᠪᠠᠷᠢᠬᠤ ᠂ ᠰᠢᠨ᠎ᠡ ᠴᠠᠭ ᠦᠶ᠎ᠡ ᠶᠢᠨ ︽ ᠰᠢᠨ᠎ᠡ ᠲᠠᠷᠢᠶᠠᠴᠢᠨ ︾ ᠪᠤᠯᠬᠤ ᠂ ᠨᠠᠮ ᠤᠨ | ᠲᠥᠯᠥᠭᠡ ᠴᠢᠳᠠᠪᠤᠷᠢᠲᠠᠨ ᠬᠥᠮᠥᠵᠢᠭᠦᠯᠬᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠳᠠᠭᠠᠭᠤᠯᠤᠭᠴᠢ ᠪᠤᠯᠬᠤ | ᠵᠡᠷᠭᠡ ᠠᠰᠠᠭᠤᠳᠠᠯ ᠤᠨ ᠲᠣᠭᠤᠷᠢᠨ ᠳᠤ ᠦᠭᠡ ᠬᠡᠯᠡᠪᠡ ᠃ ᠰᠢ ᠶᠢᠨ ᠫᠢᠩ ᠪᠠᠶᠢᠨ ᠲᠠᠭᠢᠨ ᠳᠤᠮᠳᠠ ᠨᠢ ᠦᠭᠡ ᠬᠡᠯᠡᠵᠦ ᠂ ᠤᠯᠠᠨ ᠲᠠᠢ ᠪᠤᠳᠤᠯ ᠰᠠᠨᠠᠯ ᠢᠶᠠᠨ | ᠰᠣᠯᠢᠯᠴᠠᠪᠠ ᠃ | ᠣᠯᠠᠨ ᠤ ᠭᠡᠯᠡᠭᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ ᠰᠢ ᠶᠢᠨ ᠫᠢᠩ ᠦᠭᠡ ᠬᠡᠯᠡᠪᠡ ᠃ ᠲᠡᠷᠡ ᠡᠩ ᠲᠡᠷᠢᠭᠦᠨ ᠳᠤ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠢ ᠵᠥᠪᠰᠢᠶᠡᠷᠡᠵᠦ ᠪᠠᠶᠢᠬᠤ ᠪᠠᠨ ᠢᠯᠡᠳᠬᠡᠵᠦ ᠂ ᠵᠢᠶᠠᠩᠰᠤ ᠶᠢᠨ ᠲᠠᠪᠤᠨ ᠵᠢᠯ ᠤᠨ ᠲᠤᠷᠰᠢᠬᠢ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ | ᠨᠠᠮ ᠤᠨ ᠪᠠᠶᠢᠭᠤᠯᠤᠯᠲᠠ ᠵᠡᠷᠭᠡ ᠡᠯ᠎ᠡ ᠲᠠᠯ᠎ᠠ ᠶᠢᠨ ᠣᠯᠣᠭᠰᠠᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠵᠤ ᠂ ᠵᠢᠶᠠᠩᠰᠤ ᠶᠢᠨ ᠬᠢᠨ ᠦᠷᠭᠦᠯᠵᠢᠯᠡᠨ ᠦᠨᠡᠨ ᠬᠦ | ᠠᠳᠬᠤᠨ ᠪᠣᠳᠠᠲᠠᠢ ᠠᠵᠢᠯᠯᠠᠵᠤ ᠂ ᠡᠷᠡᠮᠡᠬᠡᠶᠢᠯᠡᠨ ᠤᠷᠤᠭᠰᠢᠯᠠᠵᠤ ᠂ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ ᠦᠷᠭᠦᠯᠵᠢᠯᠡᠨ ᠡᠮᠦᠨ᠎ᠡ ᠡᠩᠨᠡᠭᠡᠨ ᠳᠤ | ᠬᠤᠰᠢᠭᠤᠷᠠᠵᠤ ᠂ ︽ ᠠᠵᠤ ᠠᠬᠤᠢ ᠬᠦᠴᠦᠷᠬᠡᠭ ᠠᠷᠠᠳ ᠲᠦᠮᠡᠨ ᠪᠠᠶᠠᠨ ᠴᠢᠨᠡᠭᠡᠯᠢᠭ ᠣᠷᠴᠢᠨ ᠲᠣᠭᠤᠷᠢᠨ ᠦᠵᠡᠰᠬᠦᠯᠡᠩᠲᠦ ᠰᠠᠶᠢᠬᠠᠨ ᠨᠡᠶᠢᠭᠡᠮ ᠤᠨ ᠪᠣᠯᠪᠠᠰᠤᠨ ᠤ | ᠬᠡᠮᠵᠢᠶ᠎ᠡ ᠥᠨᠳᠥᠷ ︾ ᠰᠢᠨ᠎ᠡ ᠵᠢᠶᠠᠩᠰᠤ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠰᠠᠶᠢᠨ ᠰᠠᠶᠢᠬᠠᠨ | ᠡᠭᠢᠯᠡᠯᠲᠡ ᠶᠢ ᠪᠡᠶᠡᠯᠡᠭᠦᠯᠵᠦ ᠂ ᠪᠦᠭᠦ ᠤᠯᠤᠰ ᠤᠨ ᠶᠡᠭᠡ ᠲᠠᠯ᠎ᠠ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠪᠡ ᠃ | ᠰᠢ ᠶᠢᠨ ᠫᠢᠩ ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ | ᠲᠦᠷᠭᠡᠳᠬᠡᠨ ᠪᠡᠶᠡᠯᠡᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠵᠠᠶᠢᠯᠠᠰᠢ ᠦᠭᠡᠢ ᠵᠠᠮ ᠮᠥᠨ ᠃ ᠤᠯᠠᠨ ᠤᠯᠤᠰ ᠤᠨ ᠬᠤᠷᠴᠠ ᠰᠢᠷᠦᠭᠦᠨ | ᠥᠷᠢᠰᠦᠯᠳᠦᠭᠡᠨ ᠤ ᠳᠤᠮᠳᠠ ᠂ ᠪᠢᠳᠡ ᠬᠥᠭᠵᠢᠯᠲᠡ ᠶᠢᠨ ᠰᠢᠨ᠎ᠡ ᠬᠦᠷᠢᠶ᠎ᠡ ᠴᠠᠷᠠᠭ᠎ᠠ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ ᠂ ᠬᠥᠭᠵᠢᠯᠲᠡ ᠶᠢᠨ ᠰᠢᠨ᠎ᠡ | ᠬᠥᠳᠡᠯᠭᠡᠭᠦ ᠡᠨᠧᠷᠭᠢ ᠰᠢᠨ᠎ᠡ ᠳᠠᠪᠠᠭᠤᠯᠢᠭ ᠢ ᠪᠤᠢ ᠪᠤᠯᠭᠠᠬᠤ ᠳᠤ ᠦᠨᠳᠦᠰᠦᠨ ᠠᠴᠠ ᠨᠢ ᠠᠪᠴᠤ ᠬᠡᠯᠡᠪᠡᠯ ᠮᠥᠨ ᠯᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠭᠦ ᠳᠤ ᠲᠦᠰᠢᠭᠯᠡᠬᠦ ᠬᠡᠷᠡᠭᠲᠡᠢ ᠃ ᠪᠢᠳᠡ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠬᠤᠭᠤᠴᠠᠭ᠎ᠠ ᠶᠣᠰᠣᠭᠠᠷ ᠪᠦᠭᠦ ᠲᠠᠯ᠎ᠠ ᠪᠠᠷ | ᠪᠦᠲᠦᠭᠡᠨ ᠪᠠᠶᠢᠭᠤᠯᠵᠤ ᠴᠢᠳᠠᠬᠤ ᠡᠰᠡᠬᠦ ᠶᠢᠨ ᠵᠠᠩᠭᠢᠯᠠᠭ᠎ᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠳᠤ | ᠪᠠᠶᠢᠨ᠎ᠠ ᠃ ︽ ᠳᠥᠷᠪᠡ ᠳᠤ ᠬᠠᠨᠳᠤᠭᠤᠯᠬᠤ ︾ ᠶᠢ ᠪᠠᠷᠢᠮᠲᠠᠯᠠᠵᠤ ᠂ ᠰᠢᠨ᠎ᠡ ᠶᠢ ᠡᠭᠦᠳᠭᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ | ᠲᠦᠷᠭᠡᠳᠬᠡᠨ ᠬᠡᠷᠡᠭᠵᠢᠭᠦᠯᠵᠦ ᠂ ᠦᠢᠯᠡᠳᠪᠦᠷᠢᠯᠡᠯ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠭᠦᠨᠵᠡᠭᠡᠢ ᠬᠠᠮᠲᠤᠷᠠᠯᠴᠠᠭ᠎ᠠ ᠶᠢ ᠠᠬᠢᠭᠤᠯᠵᠤ ᠂ | ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠲᠠᠪᠴᠠᠩ ᠤᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ ᠂ ᠣᠷᠣᠶᠢᠯᠠᠭᠰᠠᠨ | ᠰᠢᠨᠵᠢᠯᠡᠬᠦ ᠤᠬᠠᠭᠠᠨᠲᠠᠨ ᠲᠦᠷᠦᠭᠦᠯᠡᠨ ᠠᠩᠬᠠᠨ ᠤ ᠡᠭᠦᠳᠦᠯᠲᠡ ᠶᠢᠨ ᠴᠢᠨᠠᠷᠲᠠᠢ ᠂ ᠬᠥᠲᠥᠯᠥᠨ ᠳᠠᠭᠠᠭᠤᠯᠬᠤ ᠴᠢᠨᠠᠷᠲᠠᠢ ᠰᠢᠨᠵᠢᠯᠡᠬᠦ ᠤᠬᠠᠭᠠᠨ ᠮᠡᠷᠭᠡᠵᠢᠯ ᠤᠨ | ᠪᠣᠭᠤᠮᠲᠠ ᠰᠢᠪᠲᠤᠯᠬᠤ ᠶᠢ ᠳᠡᠮᠵᠢᠵᠦ ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠴᠢᠷᠮᠠᠶᠢᠨ ᠰᠢᠢᠳᠪᠦᠷᠢᠯᠡᠵᠦ ᠂ ᠭᠤᠣᠯᠳᠠᠯᠭ᠎ᠠ ᠲᠠᠢ ᠬᠦᠷᠢᠶ᠎ᠡ | ᠴᠠᠷᠠᠭ᠎ᠠ ᠂ ᠵᠠᠩᠭᠢᠯᠠᠭ᠎ᠠ ᠶᠢᠨ ᠭᠤᠭᠴᠤᠭ᠎ᠠ ᠳᠤ ᠪᠡᠶ᠎ᠡ ᠪᠠᠨ ᠳᠠᠭᠠᠭᠠᠵᠤ ᠡᠵᠡᠮᠳᠡᠵᠦ ᠲᠡᠶᠢᠯᠭᠦ ᠶᠢ ᠪᠡᠶᠡᠯᠡᠭᠦᠯᠬᠦ ᠬᠡᠷᠡᠭᠲᠡᠢ ᠃ ᠠᠵᠤ ᠠᠬᠤᠶᠢᠯᠠᠯ ᠤᠨ ᠭᠤᠣᠯ ᠴᠣᠭᠴᠠ ᠶᠢᠨ | ᠪᠠᠶᠢᠷᠢ ᠰᠠᠭᠤᠷᠢ ᠶᠢ ᠴᠢᠩᠭᠠᠳᠬᠠᠵᠤ ᠂ ᠰᠢᠨ᠎ᠡ ᠶᠢ ᠡᠭᠦᠳᠭᠦ ᠬᠡᠯᠬᠢᠶ᠎ᠡ ᠠᠵᠤ ᠦᠢᠯᠡᠰ ᠤᠨ ᠬᠡᠯᠬᠢᠶ᠎ᠡ ᠪᠡᠯᠡ ᠮᠥᠩᠭᠦᠨ ᠤ ᠬᠡᠯᠬᠢᠶ᠎ᠡ ᠴᠢᠳᠠᠪᠤᠷᠢᠲᠠᠨ ᠤ ᠬᠡᠯᠬᠢᠶ᠎ᠡ ᠶᠢᠨ | ᠭᠦᠨᠵᠡᠭᠡᠢ ᠠᠭᠤᠰᠤᠯᠴᠠᠯ ᠢ ᠠᠬᠢᠭᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠡᠯᠪᠡᠷᠢ ᠶᠢᠨ ᠭᠤᠣᠯᠯᠠᠭᠴᠢ ᠠᠵᠤ ᠠᠬᠤᠶᠢᠯᠠᠯ ᠤᠨ ᠬᠥᠲᠥᠯᠥᠨ | ᠳᠠᠭᠠᠭᠤᠯᠵᠤ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠡᠯᠪᠡᠷᠢ ᠶᠢᠨ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ ᠡᠷᠡᠭᠦᠯ ᠢᠶᠠᠷ ᠪᠣᠶᠢᠵᠢᠬᠤ ᠶᠢ ᠠᠬᠢᠭᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠪᠠ ᠠᠵᠤ | ᠦᠢᠯᠡᠰᠵᠢᠭᠦᠯᠬᠦ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠪᠦᠭᠦ ᠪᠥᠮᠪᠥᠷᠴᠡᠭ ᠲᠤ ᠨᠥᠯᠥᠭᠡᠯᠡᠬᠦ ᠬᠦᠴᠦᠨ ᠲᠠᠢ ᠠᠵᠤ ᠦᠢᠯᠡᠰ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠲᠥᠪ ᠢ ᠬᠦᠴᠦᠯᠡᠨ ᠪᠠᠶᠢᠭᠤᠯᠬᠤ ᠬᠡᠷᠡᠭᠲᠡᠢ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ | ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠰᠢᠨ᠎ᠡ ᠶᠢ ᠡᠭᠦᠳᠭᠦ ᠰᠣᠶᠣᠯ ᠢ ᠶᠡᠭᠡ ᠪᠠᠷ ᠪᠣᠶᠢᠵᠢᠭᠤᠯᠤᠨ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠨᠡᠯᠡᠯᠲᠡ ᠶᠢᠨ ᠰᠢᠰᠲ᠋ᠧᠮ ᠪᠠ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠵᠦ ᠂ ᠰᠢᠨ᠎ᠡ ᠶᠢ ᠡᠭᠦᠳᠭᠦ ᠴᠢᠳᠠᠪᠤᠷᠢᠲᠠᠨ ᠤ ᠴᠣᠯᠭᠤᠷᠠᠨ ᠭᠠᠷᠬᠤ ᠂ ᠠᠪᠢᠶᠠᠰ | ᠴᠢᠳᠠᠪᠤᠷᠢ ᠪᠠᠨ ᠭᠦᠢᠴᠡᠳ ᠪᠠᠳᠠᠷᠠᠭᠤᠯᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠡᠭᠦᠳᠴᠦ ᠥᠭᠬᠦ ᠬᠡᠷᠡᠭᠲᠡᠢ ᠭᠡᠵᠦ ᠵᠢᠭᠠᠵᠤ ᠭᠠᠷᠭᠠᠵᠠᠢ ᠃ | ᠰᠢ ᠶᠢᠨ ᠫᠢᠩ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠶᠢᠯᠳᠤᠬᠤ | ᠪᠣᠳᠣᠯᠭ᠎ᠠ ᠶᠢᠨ ᠦᠨᠳᠦᠰᠦᠨ ᠴᠡᠭ ᠮᠥᠨ ᠃ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠢ ᠣᠷᠭᠠᠨᠢᠭ ᠢᠶᠠᠷ ᠤᠶᠠᠯᠳᠤᠭᠤᠯᠵᠤ ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ | ᠲᠦᠷᠭᠡᠪᠴᠢᠯᠡᠨ ᠪᠠᠶᠢᠭᠤᠯᠬᠤ ᠬᠡᠷᠡᠭᠲᠡᠢ ᠃ ᠠᠵᠤ ᠠᠬᠤᠢ ᠶᠢ ᠬᠥᠭᠵᠢᠭᠦᠯᠬᠦ ᠬᠦᠴᠦᠯᠡᠬᠦ ᠴᠡᠭ ᠢ ᠪᠣᠳᠠᠲᠤ ᠴᠣᠭᠴᠠ ᠶᠢᠨ ᠠᠵᠤ ᠠᠬᠤᠢ ᠳᠡᠭᠡᠷ᠎ᠡ ᠲᠠᠯᠪᠢᠬᠤ ᠶᠢ | ᠪᠠᠷᠢᠮᠲᠠᠯᠠᠵᠤ ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠭᠦᠨᠵᠡᠭᠡᠢ ᠠᠬᠢᠭᠤᠯᠵᠤ ᠂ ᠠᠵᠤ ᠦᠢᠯᠡᠰ ᠤᠨ ᠰᠠᠭᠤᠷᠢ ᠶᠢ ᠲᠠᠭᠢᠨ ᠴᠣᠭᠴᠠᠯᠠᠬᠤ ᠪᠠ ᠴᠢᠬᠤᠯᠠ | ᠶᠡᠭᠡ ᠮᠡᠷᠭᠡᠵᠢᠯ ᠲᠣᠨᠣᠭᠯᠠᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ ᠂ ᠦᠢᠯᠡᠳᠭᠦ ᠦᠢᠯᠡᠰ ᠤᠨ ᠳᠡᠭᠡᠳᠦ ᠲᠡᠰᠵᠢᠯᠳᠡ ᠂ ᠣᠶᠤᠨᠴᠢᠯᠠᠯᠲᠠ ᠂ ᠪᠣᠬᠢᠷᠳᠤᠯ | ᠦᠭᠡᠢ ᠬᠥᠭᠵᠢᠯᠲᠡ ᠶᠢ ᠠᠬᠢᠭᠤᠯᠵᠤ ᠂ ᠦᠢᠯᠡᠳᠭᠦ ᠦᠢᠯᠡᠰ ᠤᠨ ᠬᠦᠴᠦᠷᠬᠡᠭ ᠮᠤᠵᠢ ᠶᠢ ᠲᠦᠷᠭᠡᠳᠬᠡᠨ ᠪᠠᠶᠢᠭᠤᠯᠵᠤ ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠰᠢᠨ᠎ᠡ ᠪᠠᠷ ᠮᠠᠨᠳᠤᠭᠰᠠᠨ ᠠᠵᠤ ᠦᠢᠯᠡᠰ ᠢ ᠶᠡᠭᠡ ᠪᠠᠷ ᠬᠥᠭᠵᠢᠭᠦᠯᠵᠦ ᠂ ᠲᠣᠭᠠᠴᠢᠯᠠᠭᠰᠠᠨ ᠠᠵᠤ ᠠᠬᠤᠢ ᠶᠢ ᠲᠦᠷᠭᠡᠳᠬᠡᠨ ᠬᠥᠭᠵᠢᠭᠦᠯᠬᠦ ᠬᠡᠷᠡᠭᠲᠡᠢ ᠃ ᠥᠨᠳᠥᠷ | ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠪᠠᠶᠢᠭᠤᠯᠬᠤ ᠂ ᠥᠨᠳᠥᠷ ᠲᠦᠪᠰᠢᠨ ᠪᠦᠬᠦᠢ ᠭᠠᠳᠠᠭᠠᠳᠤ | ᠨᠡᠭᠡᠭᠡᠯᠲᠡ ᠶᠢ ᠠᠬᠢᠭᠤᠯᠬᠤ ᠱᠠᠭᠠᠷᠳᠠᠯᠭ᠎ᠠ ᠶᠣᠰᠣᠭᠠᠷ ᠂ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ ᠂ ᠣᠳᠣᠬᠢᠴᠢᠯᠠᠭᠰᠠᠨ | ᠰᠠᠭᠤᠷᠢ ᠲᠥᠬᠦᠭᠡᠷᠦᠮᠵᠢ ᠶᠢᠨ ᠰᠢᠰᠲ᠋ᠧᠮ ᠪᠣᠯᠣᠨ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ ᠂ ᠳᠦᠷᠢᠮ ᠤᠨ ᠮᠠᠶ᠋ᠢᠭ ᠤᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠤᠨ ᠦᠨᠳᠦᠰᠦ | ᠰᠠᠭᠤᠷᠢ ᠮᠥᠨ ᠂ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢ ᠠᠬᠢᠭᠤᠯᠬᠤ ᠪᠣᠯ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠵᠠᠶᠢᠯᠠᠰᠢ ᠦᠭᠡᠢ | ᠱᠠᠭᠠᠷᠳᠠᠯᠭ᠎ᠠ ᠮᠥᠨ ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ ᠂ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠠᠮᠤ ᠪᠤᠳᠠᠭ᠎ᠠ ᠪᠣᠯᠣᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ | ᠲᠣᠭᠲᠠᠭᠤᠨ ᠠᠮᠤᠷ ᠲᠦᠪᠰᠢᠨ ᠬᠠᠩᠭᠠᠯᠭ᠎ᠠ ᠶᠢ ᠦᠨᠡᠨ ᠬᠦ ᠪᠠᠲᠤᠯᠠᠬᠤ ᠬᠡᠷᠡᠭᠲᠡᠢ ᠃ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ ᠂ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢ | ᠢᠳᠡᠪᠬᠢᠲᠡᠢ ᠪᠠᠷ ᠤᠷᠲᠤᠳᠬᠠᠨ ᠥᠷᠭᠡᠳᠬᠡᠵᠦ ᠂ ᠬᠥᠳᠡᠭᠡ ᠲᠣᠰᠬᠤᠨ ᠤ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠭᠡᠯᠪᠡᠷᠢ ᠶᠢ ᠪᠣᠶᠢᠵᠢᠭᠤᠯᠤᠨ | ᠬᠥᠭᠵᠢᠭᠦᠯᠵᠦ ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠲᠠᠰᠤᠷᠠᠯᠳᠠ ᠦᠭᠡᠢ ᠥᠷᠭᠡᠳᠬᠡᠬᠦ ᠬᠡᠷᠡᠭᠲᠡᠢ ᠃ ᠪᠠᠯᠭᠠᠰᠤ | ᠲᠣᠰᠬᠤᠨ ᠤ ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ ᠶᠢ ᠰᠢᠯᠢᠳᠡᠭᠵᠢᠭᠦᠯᠵᠦ ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠪᠣᠯᠣᠨ ᠤᠯᠠᠨ ᠨᠡᠶᠢᠲᠡ ᠶᠢᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠭᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ | ᠪᠣᠰᠬᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠡᠶ᠎ᠡ ᠵᠣᠬᠢᠴᠠᠩᠭᠤᠢ ᠬᠥᠳᠡᠭᠡ ᠲᠣᠰᠬᠤᠨ ᠢ ᠲᠦᠷᠭᠡᠳᠬᠡᠨ ᠪᠠᠶᠢᠭᠤᠯᠬᠤ ᠬᠡᠷᠡᠭᠲᠡᠢ ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠪᠠ ᠥᠭᠡᠷᠡᠴᠢᠯᠡᠯᠲᠡ ᠶᠢᠨ ᠬᠤᠣᠰ ᠬᠥᠳᠡᠯᠭᠡᠭᠦᠷ ᠢ ᠴᠢᠩᠭᠠᠳᠬᠠᠵᠤ ᠂ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ ᠂ ᠰᠢᠨ᠎ᠡ | ᠮᠠᠶ᠋ᠢᠭ ᠤᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠂ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠪᠠ | ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠵᠦ ᠂ ᠬᠥᠳᠡᠭᠡ ᠲᠣᠰᠬᠤᠨ ᠤ ᠵᠣᠬᠢᠰᠲᠠᠢ ᠬᠡᠪᠴᠢᠶᠡᠲᠦ ᠡᠵᠡᠩᠨᠡᠯᠲᠡ ᠶᠢ ᠬᠥᠭᠵᠢᠭᠦᠯᠵᠦ ᠂ ᠬᠥᠳᠡᠭᠡ ᠠᠵᠤ ᠠᠬᠤᠢ | ᠬᠥᠳᠡᠭᠡ ᠲᠣᠰᠬᠤᠨ ᠤ ᠬᠥᠭᠵᠢᠯᠲᠡ ᠳᠤ ᠬᠥᠳᠡᠯᠭᠡᠭᠦ ᠬᠦᠴᠦᠨ ᠪᠠ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠠᠷᠠᠳ ᠲᠦᠮᠡᠨ ᠵᠣᠯ ᠵᠢᠷᠭᠠᠯ ᠲᠠᠢ ᠠᠮᠤᠷ ᠠᠮᠤᠭᠤᠯᠠᠩ ᠠᠮᠢᠳᠤᠷᠠᠬᠤ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠡᠴᠦᠰ ᠤᠨ | ᠬᠠᠷᠠᠯᠲᠠ ᠮᠥᠨ ᠃ ᠦᠨᠳᠦᠰᠦᠨ ᠱᠠᠲᠤᠨ ᠤ ᠵᠠᠰᠠᠯᠲᠠ ᠪᠣᠯᠣᠨ ᠠᠷᠠᠳ ᠤᠨ ᠠᠮᠢᠳᠤᠷᠠᠯ ᠤᠨ ᠪᠠᠲᠤᠯᠠᠭ᠎ᠠ ᠨᠢ ᠠᠷᠠᠳ ᠤᠯᠠᠨ ᠤ ᠦᠨᠳᠦᠰᠦᠨ ᠠᠰᠢᠭ ᠲᠤᠰᠠ ᠲᠠᠢ | ᠬᠤᠯᠪᠣᠭᠳᠠᠵᠤ ᠂ ᠬᠠᠮᠲᠤ ᠪᠠᠷ ᠪᠠᠶᠠᠵᠢᠬᠤ ᠶᠢ ᠠᠬᠢᠭᠤᠯᠬᠤ ᠂ ᠴᠢᠨᠠᠷ ᠰᠠᠶᠢᠲᠠᠢ ᠠᠮᠢᠳᠤᠷᠠᠯ ᠢ ᠴᠣᠭᠴᠠᠯᠠᠬᠤ ᠰᠠᠭᠤᠷᠢᠯᠠᠬᠤ ᠴᠢᠨᠠᠷᠲᠠᠢ ᠢᠨᠵᠧᠨᠧᠷᠢᠩ ᠪᠣᠯᠣᠨ᠎ᠠ ᠂ ᠡᠯ᠎ᠡ | ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠡᠷᠬᠡᠪᠰᠢ ᠰᠡᠳᠬᠢᠯ ᠳᠡᠭᠡᠨ ᠪᠠᠲᠤ ᠴᠡᠭᠡᠵᠢᠯᠡᠵᠦ ᠂ ᠴᠠᠭ ᠢᠮᠠᠭᠲᠠ ᠠᠳᠬᠤᠵᠤ ᠂ ᠯᠠᠪᠳᠠᠭᠤᠨ ᠪᠠᠲᠤᠲᠠᠢ | ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠦᠨᠳᠦᠰᠦᠨ ᠱᠠᠲᠤᠨ ᠤ | ᠤᠯᠠᠨ ᠲᠦᠮᠡᠨ ᠤ ᠥᠪᠡᠷᠲᠡᠭᠡᠨ ᠵᠠᠰᠠᠬᠤ ᠲᠣᠭᠲᠠᠴᠠ ᠶᠢ ᠪᠦᠷᠢᠨᠰᠢᠭᠦᠯᠵᠦ ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ | ᠴᠢᠩᠭᠠᠳᠬᠠᠵᠤ ᠂ ᠲᠣᠣᠷᠵᠢᠭᠤᠯᠤᠬᠰᠠᠨ ᠬᠠᠮᠢᠶᠠᠷᠤᠯᠲᠠ ᠂ ᠨᠠᠷᠢᠯᠢᠭᠵᠢᠭᠤᠯᠤᠭᠰᠠᠨ ᠦᠢᠯᠡᠴᠢᠯᠡᠭᠡ ᠂ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠭᠰᠠᠨ ᠦᠨᠳᠦᠰᠦᠨ | ᠱᠠᠲᠤᠨ ᠤ ᠵᠠᠰᠠᠯᠲᠠ ᠶᠢᠨ ᠲᠠᠪᠴᠠᠩ ᠢ ᠲᠡᠭᠦᠯᠳᠡᠷᠵᠢᠭᠦᠯᠵᠦ ᠂ ᠬᠤᠳᠠ ᠬᠥᠳᠡᠭᠡ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ ᠂ ᠠᠷᠠᠳ | ᠤᠯᠠᠨ ᠳᠤ ᠭᠡᠷ ᠤᠨ ᠡᠭᠦᠳᠡᠨ ᠳᠡᠭᠡᠷᠡᠬᠢ ᠰᠢᠯᠢᠳᠡᠭ ᠦᠢᠯᠡᠴᠢᠯᠡᠭᠡ ᠪᠠ ᠨᠠᠷᠢᠯᠢᠭ ᠬᠠᠮᠢᠶᠠᠷᠤᠯᠲᠠ ᠶᠢ ᠬᠠᠩᠭᠠᠬᠤ ᠬᠡᠷᠡᠭᠲᠡᠢ ᠃ ᠰᠢᠨ᠎ᠡ ᠴᠠᠭ ᠦᠶ᠎ᠡ ᠶᠢᠨ ︽ᠹᠧᠩ | ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ ᠂ ᠰᠢᠨ᠎ᠡ ᠪᠠᠶᠢᠳᠠᠯ ᠳᠣᠣᠷᠠᠬᠢ ᠠᠷᠠᠳ ᠤᠨ ᠳᠣᠲᠣᠭᠠᠳᠤ ᠶᠢᠨ ᠵᠥᠷᠢᠴᠡᠯ ᠢ ᠵᠥᠪ ᠢᠶᠠᠷ ᠰᠢᠢᠳᠪᠦᠷᠢᠯᠡᠬᠦ | ᠲᠣᠭᠲᠠᠴᠠ ᠶᠢ ᠲᠡᠭᠦᠯᠳᠡᠷᠵᠢᠭᠦᠯᠵᠦ ᠂ ᠵᠥᠷᠢᠴᠡᠯ ᠵᠠᠭᠤᠷᠠᠯᠳᠤᠭᠠᠨ ᠢ ᠴᠠᠭ ᠲᠤᠬᠠᠢ ᠳᠤᠨᠢ ᠦᠨᠳᠦᠰᠦᠨ ᠱᠠᠲᠤᠨ ᠳᠤᠨᠢ ᠰᠢᠢᠳᠪᠦᠷᠢᠯᠡᠵᠦ ᠂ ᠴᠤᠬᠤᠶᠢᠵᠤ ᠪᠠᠶᠢᠭ᠎ᠠ | ᠦᠶ᠎ᠡ ᠳᠤᠨᠢ ᠰᠢᠢᠳᠪᠦᠷᠢᠯᠡᠬᠦ ᠬᠡᠷᠡᠭᠲᠡᠢ ᠃ ᠠᠷᠠᠳ ᠤᠯᠠᠨ ᠤ ᠪᠠᠴᠢᠮᠳᠠᠵᠤ ᠂ ᠬᠦᠴᠢᠷᠳᠡᠵᠦ ᠂ ᠵᠣᠪᠠᠨᠢᠵᠤ ᠂ ᠬᠦᠰᠡᠵᠦ ᠪᠠᠶᠢᠭ᠎ᠠ ᠠᠰᠠᠭᠤᠳᠠᠯ ᠢ ᠴᠢᠩᠭ᠎ᠠ ᠠᠳᠬᠤᠵᠤ ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠨᠡᠩ ᠤᠯᠠᠨ ᠠᠷᠭ᠎ᠠ ᠬᠡᠮᠵᠢᠶ᠎ᠡ ᠶᠢ ᠠᠪᠴᠤ ᠂ ᠦᠨᠳᠦᠰᠦᠨ ᠤᠯᠠᠨ | ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ ᠂ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠵᠤ ᠬᠠᠪᠰᠤᠷᠤᠨ ᠲᠡᠳᠭᠦᠭᠦ ᠂ ᠣᠷᠣᠯᠭ᠎ᠠ ᠶᠢᠨ | ᠬᠤᠪᠢᠶᠠᠷᠢᠯᠠᠯᠲᠠ ᠶᠢ ᠲᠣᠬᠢᠷᠠᠭᠤᠯᠬᠤ ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠬᠦ ᠂ ︽ ᠨᠠᠰᠤᠲᠠᠶᠢᠴᠤᠳ ᠪᠠᠭᠠᠴᠤᠳ ︾ ᠤᠨ ᠦᠢᠯᠡᠴᠢᠯᠡᠭᠡ ᠶᠢ | ᠴᠢᠩᠭᠠᠳᠬᠠᠬᠤ ᠵᠡᠷᠭᠡ ᠠᠵᠢᠯ ᠢ ᠬᠦᠴᠦᠯᠡᠨ ᠰᠠᠶᠢᠲᠤᠷ ᠬᠢᠬᠦ ᠬᠡᠷᠡᠭᠲᠡᠢ ᠃ ᠰᠢᠨ᠎ᠡ ᠱᠠᠲᠤ ᠦᠶ᠎ᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠪᠣᠳᠠᠲᠠᠢ ᠠᠳᠬᠤᠨ ᠨᠠᠷᠢᠯᠢᠭ ᠠᠳᠬᠤᠵᠤ ᠂ ︽ ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ ︾ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠂ ᠡᠮᠴᠢᠯᠡᠭᠡᠨ ᠤ ᠦᠢᠯᠡᠴᠢᠯᠡᠭᠡᠨ ᠤ | ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠬᠠᠮᠤᠭ ᠤᠨ ᠰᠡᠭᠦᠯ ᠳᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠡᠷᠬᠡᠪᠰᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠵᠤ ᠂ ᠡᠷᠡᠰ ᠭᠤᠶᠢᠪᠢᠰᠢ ᠦᠭᠡᠢ ᠪᠠᠷ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠡᠷᠡᠭᠲᠡᠢ ᠃ ᠡᠯ᠎ᠡ ᠱᠠᠲᠤᠨ ᠤ ᠨᠠᠮ ᠤᠨ ᠬᠤᠷᠢᠶ᠎ᠠ ᠪᠦᠭᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠦᠨᠡᠨ ᠬᠦ ᠴᠢᠩᠭᠠᠳᠬᠠᠵᠤ ᠂ ᠬᠤᠭᠤᠴᠠᠭ᠎ᠠ ᠰᠣᠯᠢᠭᠰᠠᠨ ᠤ ᠳᠠᠷᠠᠭᠠᠬᠢ ᠡᠯ᠎ᠡ ᠱᠠᠲᠤᠨ ᠤ ᠤᠳᠤᠷᠢᠳᠬᠤ ᠪᠠᠭ | ᠪᠣᠯᠣᠨ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ ᠂ ᠡᠯ᠎ᠡ ᠬᠦᠷᠢᠶᠡᠨ ᠳᠠᠬᠢ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ ᠂ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ | ᠬᠥᠮᠦᠵᠢᠯ ᠢ ᠭᠦᠨᠵᠡᠭᠡᠢ ᠥᠷᠨᠢᠭᠦᠯᠵᠦ ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠳᠤ ᠪᠠᠲᠤ ᠴᠢᠩᠭ᠎ᠠ | ᠤᠯᠤᠰ ᠲᠦᠷᠦ ᠶᠢᠨ ᠵᠢᠯᠣᠭᠤᠳᠤᠯᠭ᠎ᠠ ᠪᠣᠯᠣᠨ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠼᠠᠢ ᠴᠢ ᠂ ᠳ᠋ᠢᠩ ᠰᠢᠤᠸᠠᠢ ᠰᠢᠶᠠᠩ ᠂ ᠾᠧ ᠯᠢ ᠹᠧᠩ ᠨᠠᠷ ᠣᠷᠣᠯᠴᠠᠪᠠ ᠃ | |