ᠰᠢᠨᠬᠤᠸᠠ ᠬᠤᠷᠢᠶ᠎ᠠ ᠶᠢᠨ ᠭᠤᠸᠠᠩᠵᠧᠦ ᠶᠢᠨ 4 ᠰᠠᠷ᠎ᠠ ᠶᠢᠨ 13 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠭᠤᠸᠠᠩᠳᠦ᠋ᠩ ᠳᠤ ᠰᠢᠨᠵᠢᠯᠡᠨ | ᠪᠠᠶᠢᠴᠠᠭᠠᠬᠤ ᠳᠠᠭᠠᠨ᠂ ᠭᠤᠸᠠᠩᠳᠦ᠋ᠩ ᠪᠣᠯ ᠥᠭᠡᠷᠡᠴᠢᠯᠡᠯᠲᠡ ᠨᠡᠭᠡᠭᠡᠯᠲᠡ ᠶᠢᠨ ᠳᠠᠭᠠᠭᠤᠯᠤᠭᠴᠢ᠂ ᠤᠷᠢᠳ ᠢᠶᠠᠷ ᠬᠡᠷᠡᠭᠵᠢᠭᠦᠯᠦᠭᠰᠡᠨ ᠣᠷᠣᠨ᠂ ᠲᠤᠷᠰᠢᠯᠲᠠ ᠶᠢᠨ | ᠣᠷᠣᠨ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠶᠡᠭᠡ ᠲᠠᠯ᠎ᠠ ᠳᠤ ᠪᠠᠶᠢᠷᠢ ᠰᠠᠭᠤᠷᠢ ᠪᠠᠷ ᠴᠢᠬᠤᠯᠠ᠂ | ᠦᠢᠯᠡᠳᠦᠯ ᠢᠶᠠᠷ ᠲᠣᠪᠤᠶᠢᠮ᠎ᠠ ᠶᠤᠮ᠃ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠠᠷᠠᠯᠲᠠ ᠶᠢ ᠡᠵᠡᠮᠳᠡᠵᠦ | ᠂ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠪᠣᠯᠣᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠡᠨᠡ ᠬᠦ ᠪᠠᠶᠢᠯᠳᠤᠬᠤ | ᠪᠣᠳᠣᠯᠭ᠎ᠠ ᠶᠢᠨ ᠡᠭᠦᠷᠭᠡ ᠶᠢᠨ ᠲᠣᠭᠤᠷᠢᠨ ᠳᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ | ᠥᠷᠭᠡᠳᠬᠡᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠭᠦ᠂ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ᠂ ᠬᠤᠲᠠ ᠬᠥᠳᠡᠭᠡ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠵᠡᠷᠭᠡ | ᠲᠠᠯ᠎ᠠ ᠪᠠᠷ ᠦᠷᠭᠦᠯᠵᠢᠯᠡᠨ ᠪᠦᠭᠦ ᠤᠯᠤᠰ ᠤᠨ ᠡᠮᠦᠨ᠎ᠡ ᠡᠩᠨᠡᠭᠡᠨ ᠳᠤ ᠶᠠᠪᠤᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠳᠤᠮᠳᠠ ᠡᠮᠦᠨ᠎ᠡ ᠡᠩᠨᠡᠭᠡᠨ ᠳᠤ ᠶᠠᠪᠤᠬᠤ ᠬᠡᠷᠡᠭᠲᠡᠢ ᠭᠡᠵᠦ ᠴᠢᠬᠤᠯᠠᠴᠢᠯᠠᠪᠠ᠃ | | | | | 4 ᠰᠠᠷ᠎ᠠ ᠶᠢᠨ 10 ᠠᠴᠠ 13 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠭᠤᠸᠠᠩᠳᠦ᠋ᠩ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ᠂ 10 ᠤ ᠦᠳᠡ ᠶᠢᠨ | ᠬᠤᠶᠢᠨ᠎ᠠ᠂ ᠰᠢ ᠶᠢᠨ ᠫᠢᠩ ᠵᠠᠨᠵᠢᠶᠠᠩ ᠬᠤᠲᠠ ᠶᠢᠨ ᠰᠢᠦᠢ ᠸᠧᠨ ᠰᠢᠶᠠᠨ ᠤ ᠰᠢᠦᠢ ᠸᠧᠨ ᠭᠠᠷᠠᠮ ᠤᠨ ᠣᠩᠭᠤᠴᠠᠨ ᠤ ᠵᠣᠭᠰᠣᠭᠠᠯ ᠤᠨ ᠭᠠᠷᠠᠮ ᠳᠤ ᠣᠩᠭᠤᠴᠠᠨ | ᠳᠡᠭᠡᠷᠡᠬᠢ ᠠᠶᠠᠨᠴᠢᠳ ᠤᠨ ᠵᠦᠭ ᠭᠠᠷ ᠳᠠᠯᠠᠯᠤᠨ ᠮᠡᠨᠳᠦᠴᠢᠯᠡᠵᠦ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | | | | | | 4 ᠰᠠᠷ᠎ᠠ ᠶᠢᠨ 10 ᠠᠴᠠ 13 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠭᠤᠸᠠᠩᠳᠦ᠋ᠩ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ᠂ 11 ᠤ ᠦᠳᠡ ᠶᠢᠨ | ᠬᠤᠶᠢᠨ᠎ᠠ᠂ ᠰᠢ ᠶᠢᠨ ᠫᠢᠩ ᠮᠤᠤᠮᠢᠩ ᠤᠨ ᠭᠤᠤᠵᠸᠦ ᠬᠤᠳᠠ ᠶᠢᠨ ᠭᠧᠨ ᠽᠢ ᠪᠠᠯᠭᠠᠰᠤᠨ ᠤ ᠪᠠᠢ ᠴᠢᠶᠣᠤ ᠲᠣᠰᠬᠤᠨ ᠤ ᠠᠷᠠᠳ ᠲᠠᠢ ᠳᠣᠲᠣᠨᠣ ᠪᠠᠷ ᠶᠠᠷᠢᠯᠴᠠᠵᠤ | ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢᠦ ᠪᠢᠨ ᠰᠡᠭᠦᠳᠡᠷᠯᠡᠪᠡ | 4 ᠰᠠᠷ᠎ᠠ ᠶᠢᠨ 10 ᠠᠴᠠ 13 ᠤ ᠡᠳᠦᠷ ᠪᠤᠯᠲᠠᠯ᠎ᠠ᠂ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ | ᠭᠤᠸᠠᠩᠳᠦ᠋ᠩ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠬᠤᠸᠠᠩ ᠺᠦᠨ ᠮᠢᠩ ᠪᠣᠯᠣᠨ ᠮᠤᠵᠢ ᠶᠢᠨ ᠳᠠᠷᠤᠭ᠎ᠠ ᠸᠠᠩ ᠸᠧᠢ ᠵᠦᠩ ᠤᠨ ᠪᠠᠷ᠎ᠠ ᠪᠤᠯᠤᠯᠭ᠎ᠠ ᠲᠠᠢ ᠪᠠᠷ | ᠤᠷᠢᠳ ᠬᠤᠵᠢᠳ ᠵᠠᠨᠵᠢᠶᠠᠩ᠂ ᠮᠤᠤᠮᠢᠩ᠂ ᠭᠤᠸᠠᠩᠵᠧᠦ ᠵᠡᠷᠭᠡ ᠭᠠᠵᠠᠷ ᠲᠤ ᠬᠦᠷᠴᠦ᠂ ᠠᠵᠤ ᠠᠬᠤᠶᠢᠯᠠᠯ᠂ ᠭᠠᠷᠠᠮ᠂ ᠬᠥᠳᠡᠭᠡ ᠲᠣᠰᠬᠤᠨ ᠵᠡᠷᠭᠡ ᠪᠠᠷ | ᠭᠦᠨᠵᠡᠭᠡᠶᠢᠷᠡᠵᠦ ᠪᠠᠶᠢᠴᠠᠭᠠᠨ ᠰᠤᠳᠤᠯᠵᠠᠢ᠃ | 10 ᠤ ᠦᠳᠡ ᠶᠢᠨ ᠡᠮᠦᠨ᠎ᠡ᠂ ᠰᠢ ᠶᠢᠨ ᠫᠢᠩ ᠡᠩ ᠲᠡᠷᠢᠭᠦᠨ ᠳᠤ ᠵᠠᠨᠵᠢᠶᠠᠩ ᠬᠤᠲᠠ ᠶᠢᠨ ᠳ᠋ᠦᠩ ᠬᠠᠢ ᠳ᠋ᠣᠤ ᠠᠷᠠᠯ ᠳᠤ ᠪᠠᠶᠢᠷᠢᠯᠠᠭ᠎ᠠ ᠤᠯᠤᠰ ᠤᠨ 863 | ᠲᠥᠯᠥᠪᠯᠡᠭᠡ ᠶᠢᠨ ᠲᠥᠷᠥᠯ ᠵᠦᠢᠯ ᠤᠨ ᠲᠡᠯᠡᠶ ᠶᠢᠨ ᠤᠰᠤᠨ ᠳᠤ ᠦᠷ᠎ᠡ ᠲᠡᠵᠢᠭᠡᠨ ᠦᠷᠡᠵᠢᠭᠦᠯᠭᠦ ᠢᠨᠵᠧᠨᠧᠷᠢᠩ ᠤᠨ ᠡᠮᠦᠨᠡᠲᠦ ᠣᠷᠣᠨ ᠤ ᠰᠠᠭᠤᠷᠢᠨ ᠳᠤ ᠰᠢᠨᠵᠢᠯᠡᠨ | ᠪᠠᠶᠢᠴᠠᠭᠠᠪᠠ᠃ ᠰᠢ ᠶᠢᠨ ᠫᠢᠩ ᠭᠤᠸᠠᠩᠳᠦ᠋ᠩ ᠮᠤᠵᠢ ᠶᠢᠨ ᠲᠠᠯᠠᠢ ᠲᠠᠩᠭᠢᠰ ᠤᠨ ᠵᠢᠭᠠᠰᠤᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ | ᠰᠣᠨᠣᠰᠴᠤ᠂ ᠵᠢᠭᠠᠰᠤᠨ ᠠᠵᠤ ᠠᠬᠤᠢ ᠶᠢᠨ ᠰᠠᠶᠢᠨ ᠡᠭᠦᠯᠳᠡᠷ ᠤᠨ ᠦᠵᠡᠭᠦᠯᠭᠡ ᠶᠢ ᠪᠠᠶᠢᠴᠠᠭᠠᠨ ᠦᠵᠡᠵᠦ᠂ ᠲᠤᠬᠠᠢ ᠶᠢᠨ ᠲᠠᠯᠠᠪᠠᠢ ᠶᠢᠨ ᠰᠢᠨᠵᠢᠯᠡᠬᠦ ᠤᠬᠠᠭᠠᠨ ᠤ | ᠰᠤᠳᠤᠯᠭᠠᠨ ᠪᠣᠯᠣᠨ ᠲᠡᠵᠢᠭᠡᠨ ᠦᠷᠡᠵᠢᠭᠦᠯᠭᠦ ᠠᠵᠢᠯᠲᠠᠨ ᠠᠴᠠ ᠰᠣᠩᠭᠤᠨ ᠪᠤᠶᠢᠵᠢᠭᠤᠯᠬᠤ ᠮᠡᠷᠭᠡᠵᠢᠯ᠂ ᠦᠷ᠎ᠡ ᠶᠢᠨ ᠴᠢᠬᠢ ᠶᠢᠨ ᠤᠷᠭᠤᠴᠠ᠂ ᠵᠠᠬ᠎ᠠ ᠳᠡᠯᠭᠡᠭᠦᠷ ᠤᠨ | ᠦᠨ᠎ᠡ ᠬᠠᠩᠰᠢ ᠵᠡᠷᠭᠡ ᠶᠢ ᠯᠠᠪᠯᠠᠨ ᠠᠰᠠᠭᠤᠪᠠ᠃ ᠰᠢ ᠶᠢᠨ ᠫᠢᠩ᠂ ᠳᠤᠮᠳᠠᠳᠤ ᠤᠯᠤᠰ ᠪᠣᠯ 14 ᠳ᠋ᠦᠩᠰᠢᠭᠤᠷ ᠭᠠᠷᠤᠢ ᠬᠥᠮᠥᠨ ᠠᠮᠠ ᠲᠠᠢ ᠲᠣᠮᠣ ᠤᠯᠤᠰ ᠪᠠᠶᠢᠵᠤ | ᠂ ᠪᠤᠳᠠᠭ᠎ᠠ ᠢᠳᠡᠬᠦ ᠠᠰᠠᠭᠤᠳᠠᠯ ᠢ ᠰᠠᠶᠢᠲᠤᠷ ᠰᠢᠢᠳᠪᠦᠷᠢᠯᠡᠵᠦ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠢᠳᠡᠭᠡᠨ ᠤ ᠲᠣᠮᠣ ᠦᠵᠡᠯᠲᠡ ᠶᠢ ᠪᠤᠢ | ᠪᠤᠯᠭᠠᠵᠤ᠂ ᠡᠬᠡ ᠬᠠᠭᠤᠷᠠᠢ ᠠᠴᠠ ᠢᠳᠡᠭᠡᠨ ᠠᠪᠬᠤ ᠬᠡᠷᠡᠭᠲᠡᠢ ᠪᠥᠭᠡᠳ ᠲᠠᠯᠠᠢ ᠲᠠᠩᠭᠢᠰ ᠠᠴᠠ ᠴᠦ ᠢᠳᠡᠭᠡᠨ ᠠᠪᠴᠤ᠂ ᠲᠠᠯᠠᠢ ᠲᠠᠩᠭᠢᠰ ᠢ ᠠᠰᠢᠭᠯᠠᠨ ᠲᠠᠷᠢᠵᠦ | ᠲᠡᠵᠢᠭᠡᠬᠦ ᠦᠢᠯᠡᠰ ᠢ ᠬᠥᠭᠵᠢᠭᠦᠯᠦᠨ᠂ ᠲᠠᠯᠠᠢ ᠳᠡᠭᠡᠷᠡᠬᠢ ᠮᠠᠯᠵᠢᠯ ᠤᠨ ᠲᠠᠯᠠᠪᠠᠢ᠂ ︽ᠲᠠᠯᠠᠢ ᠳᠡᠭᠡᠷᠡᠬᠢ ᠠᠮᠤ ᠪᠤᠳᠠᠭᠠᠨ ᠤ ᠬᠥᠮᠥᠷᠭᠡ︾ ᠶᠢ ᠪᠦᠲᠦᠭᠡᠨ ᠪᠠᠶᠢᠭᠤᠯᠬᠤ | ᠬᠡᠷᠡᠭᠲᠡᠢ᠃ ᠦᠷ᠎ᠡ ᠶᠢᠨ ᠦᠢᠯᠡᠰ ᠪᠣᠯ ᠤᠳᠤ ᠦᠶ᠎ᠡ ᠶᠢᠨ ᠲᠠᠷᠢᠶᠠᠯᠠᠩ᠂ ᠵᠢᠭᠠᠰᠤᠨ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠮᠥᠨ᠂ ᠡᠨᠡ ᠬᠦ ᠠᠵᠢᠯ ᠢ | ᠨᠠᠷᠢᠯᠢᠭ ᠰᠠᠶᠢᠨ ᠬᠢᠬᠦ ᠬᠡᠷᠡᠭᠲᠡᠢ᠃ ᠭᠦᠨ ᠳᠠᠯᠠᠢ ᠶᠢᠨ ᠲᠡᠵᠢᠭᠡᠨ ᠦᠷᠡᠵᠢᠭᠦᠯᠭᠦ ᠲᠣᠨᠤᠭ ᠲᠥᠬᠦᠭᠡᠷᠦᠮᠵᠢ ᠪᠠ ᠣᠶᠤᠨᠲᠤ ᠵᠢᠭᠠᠰᠤᠨ ᠠᠵᠤ ᠠᠬᠤᠢ ᠶᠢ ᠶᠡᠭᠡ ᠪᠠᠷ | ᠬᠥᠭᠵᠢᠭᠦᠯᠵᠦ᠂ ᠳᠠᠯᠠᠢ ᠲᠠᠩᠭᠢᠰ ᠤᠨ ᠵᠢᠭᠠᠰᠤᠨ ᠠᠵᠤ ᠠᠬᠤᠢ ᠶᠢᠨ ᠮᠡᠳᠡᠭᠡ ᠵᠠᠩᠭᠢᠵᠢᠯᠲᠠ᠂ ᠣᠶᠤᠨᠴᠢᠯᠠᠯᠲᠠ᠂ ᠣᠳᠣᠬᠢᠴᠢᠯᠠᠯᠲᠠ ᠲᠡᠶᠢᠰᠢ ᠭᠡᠯᠪᠡᠷᠢ ᠪᠠᠨ | ᠬᠤᠪᠢᠷᠠᠭᠤᠯᠤᠨ ᠳᠡᠰ ᠳᠡᠪᠰᠢᠭᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠠᠨᠵᠢᠶᠠᠩ ᠤᠨ ᠤᠯᠠᠭᠠᠨ ᠣᠶ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠣᠯ ᠮᠠᠨ ᠤ ᠤᠯᠤᠰ ᠤᠨ ᠤᠯᠠᠭᠠᠨ ᠣᠶ ᠶᠢᠨ | ᠲᠠᠯᠠᠪᠠᠶ ᠪᠠᠷ ᠬᠠᠮᠤᠭ ᠤᠨ ᠶᠡᠭᠡ᠂ ᠲᠠᠷᠬᠠᠯᠲᠠ ᠪᠠᠷ ᠬᠠᠮᠤᠭ ᠤᠨ ᠲᠥᠪᠯᠡᠷᠡᠭᠰᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠮᠥᠨ᠃ ᠰᠢ ᠶᠢᠨ ᠫᠢᠩ | ᠬᠠᠮᠠᠭᠠᠯᠠᠯᠲᠠ ᠶᠢᠨ ᠣᠷᠣᠨ ᠤ ᠵᠡᠭᠦᠨ ᠬᠡᠰᠡᠭ ᠲᠤ ᠪᠠᠶᠢᠭ᠎ᠠ ᠮᠠ ᠵᠠᠩ ᠲᠣᠭᠤᠷᠢᠭ ᠤᠨ ᠬᠤ᠋ ᠭᠤᠸᠠᠩ ᠪᠠᠯᠭᠠᠰᠤ ᠶᠢᠨ ᠶᠢᠨ ᠨᠢᠦ ᠳ᠋ᠣᠣ ᠠᠷᠠᠯ ᠤᠯᠠᠭᠠᠨ ᠤᠢ ᠶᠢᠨ | ᠵᠠᠯᠭᠠᠯᠳᠤᠭᠰᠠᠨ ᠣᠷᠣᠨ ᠳᠤ ᠬᠦᠷᠴᠦ᠂ ᠤᠯᠠᠭᠠᠨ ᠤᠢ ᠶᠢᠨ ᠤᠷᠭᠤᠴᠠ ᠪᠠ ᠡᠷᠭᠢᠨ ᠲᠣᠭᠤᠷᠢᠨ ᠤ ᠠᠮᠢ ᠠᠬᠤᠢ ᠣᠷᠴᠢᠨ ᠲᠣᠭᠤᠷᠢᠨ ᠢ ᠪᠠᠶᠢᠴᠠᠭᠠᠨ ᠦᠵᠡᠪᠡ᠃ | ᠲᠡᠷᠡ᠂ ᠡᠨᠡ ᠬᠡᠰᠡᠭ ᠤᠯᠠᠭᠠᠨ ᠤᠢ ᠪᠣᠯ ︽ᠤᠯᠤᠰ ᠤᠨ ᠡᠷᠳᠡᠨᠢ︾ ᠮᠥᠨ᠂ ᠨᠢᠳᠦᠨ ᠤ ᠴᠡᠴᠡᠭᠡᠢ ᠪᠠᠨ ᠬᠠᠶᠢᠷᠠᠯᠠᠬᠤ ᠰᠢᠭ᠋ ᠢᠶᠠᠷ ᠰᠠᠶᠢᠲᠤᠷ ᠰᠠᠬᠢᠨ ᠬᠠᠮᠠᠭᠠᠯᠠᠬᠤ | ᠬᠡᠷᠡᠭᠲᠡᠢ᠃ ᠲᠠᠯᠠᠢ ᠲᠠᠩᠭᠢᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠣᠯ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ | ᠴᠢᠬᠤᠯᠠ ᠪᠦᠷᠢᠯᠳᠦᠭᠦᠨ ᠬᠡᠰᠡᠭ ᠮᠥᠨ᠃ ᠪᠣᠬᠢᠷᠳᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠦᠶ᠎ᠡ ᠶᠢᠨ ᠦᠶ᠎ᠡ ᠳᠡᠭᠡᠨ ᠦᠷᠭᠦᠯᠵᠢᠯᠡᠨ ᠴᠢᠷᠮᠠᠶᠢᠵᠤ᠂ ᠤᠳᠠᠭᠠᠨ | ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠵᠤ᠂ ᠪᠥᠮᠪᠥᠷᠴᠡᠭ ᠤᠨ ᠲᠣᠰᠬᠤᠨ ᠢ | ᠰᠠᠶᠢᠲᠤᠷ ᠬᠠᠮᠠᠭᠠᠯᠠᠬᠤ ᠳᠤ ᠳᠤᠮᠳᠠᠳᠤ ᠤᠯᠤᠰ ᠤᠨ ᠬᠤᠪᠢ ᠨᠡᠮᠡᠷᠢ ᠪᠠᠨ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | 10 ᠤ ᠦᠳᠡ ᠶᠢᠨ ᠬᠤᠶᠢᠨ᠎ᠠ᠂ ᠰᠢ ᠶᠢᠨ ᠫᠢᠩ ᠵᠠᠨᠵᠢᠶᠠᠩ ᠬᠤᠳᠠ ᠶᠢᠨ ᠰᠢᠦᠢ ᠸᠧᠨ ᠰᠢᠶᠠᠨ ᠳᠤ ᠬᠦᠷᠴᠦ᠂ ᠰᠢᠦᠢ ᠸᠧᠨ ᠭᠠᠷᠠᠮ ᠳᠤ ᠰᠢᠨᠵᠢᠯᠡᠨ | ᠪᠠᠶᠢᠴᠠᠭᠠᠪᠠ᠃ ᠰᠢᠦᠢ ᠸᠧᠨ ᠭᠠᠷᠠᠮ ᠤᠨ ᠲᠦᠷᠦᠯ ᠵᠦᠢᠯ ᠪᠣᠯ ᠭᠤᠸᠠᠩᠳᠦ᠋ᠩ ᠪᠣᠯᠣᠨ ᠬᠠᠶᠢᠨᠠᠨ ᠤ ᠢᠵᠢᠯᠢ ᠴᠢᠭᠯᠡᠯ ᠢᠶᠠᠷ ᠤᠷᠤᠭᠰᠢᠯᠠᠬᠤ ︽ᠲᠡᠷᠢᠭᠦᠨ ᠴᠢᠬᠤᠯᠠ | ᠢᠨᠵᠧᠨᠧᠷᠢᠩ︾ ᠪᠣᠯᠣᠨ᠎ᠠ᠃ ᠭᠠᠷᠠᠮ ᠤᠨ ᠲᠤᠰᠬᠠᠢ ᠭᠠᠷᠠᠮ ᠳᠤ᠂ ᠰᠢ ᠶᠢᠨ ᠫᠢᠩ ᠰᠢᠦᠢ ᠸᠧᠨ ᠭᠠᠷᠠᠮ ᠤᠨ ᠪᠦᠭᠦ ᠪᠠᠶᠢᠳᠠᠯ ᠢ ᠪᠠᠶᠢᠴᠠᠭᠠᠨ ᠦᠵᠡᠵᠦ᠂ | ᠭᠤᠸᠠᠩᠳᠦ᠋ᠩ ᠮᠤᠵᠢ ᠶᠢᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠲᠦᠪᠰᠢᠨ ᠢ ᠳᠡᠭᠡᠭᠰᠢᠯᠡᠭᠦᠯᠭᠦ᠂ ᠬᠠᠶᠢᠨᠠᠨ ᠤ | ᠴᠢᠯᠦᠭᠡᠲᠦ ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ ᠲᠠᠢ ᠵᠣᠯᠭᠠᠭᠤᠯᠬᠤ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠳᠠᠷᠠᠭ᠎ᠠ ᠨᠢ᠂ | ᠰᠢ ᠶᠢᠨ ᠫᠢᠩ ᠣᠩᠭᠤᠴᠠᠨ ᠤ ᠵᠣᠭᠰᠣᠭᠠᠯ ᠤᠨ ᠭᠠᠷᠠᠮ ᠳᠤ ᠬᠦᠷᠴᠦ᠂ ᠣᠩᠭᠤᠴᠠ ᠵᠣᠬᠰᠣᠬᠤ᠂ ᠠᠶᠠᠨᠴᠢᠳ ᠤᠨ ᠵᠥᠭᠡᠭᠡᠪᠦᠷᠢ ᠶᠢ ᠰᠣᠯᠢᠵᠤ ᠲᠤᠰᠬᠤ ᠵᠡᠷᠭᠡ | ᠠᠵᠢᠯ ᠢ ᠪᠠᠶᠢᠴᠠᠭᠠᠨ ᠦᠵᠡᠪᠡ᠃ ᠣᠩᠭᠤᠴᠠᠨ ᠳᠡᠭᠡᠷᠡᠬᠢ ᠠᠶᠠᠨᠴᠢᠳ ᠶᠡᠷᠦᠩᠬᠡᠢ ᠱᠦᠵᠢ ᠶᠢ ᠬᠠᠷᠠᠭᠠᠳ᠂ ᠶᠡᠷᠦᠩᠬᠡᠢ ᠱᠦᠵᠢ ᠶᠢᠨ ᠠᠮᠤᠷ ᠢ ᠠᠰᠠᠭᠤᠵᠤ ᠪᠠᠶᠢᠯ᠎ᠠ᠂ | ᠰᠢ ᠶᠢᠨ ᠫᠢᠩ ᠤᠯᠠᠨ ᠤ ᠵᠦᠭ ᠭᠠᠷ ᠳᠠᠯᠠᠯᠤᠨ ᠮᠡᠨᠳᠦᠴᠢᠯᠡᠵᠦ᠂ ᠳᠡᠳᠡᠨ ᠤ ᠠᠯᠢᠪᠠ ᠪᠦᠭᠦᠨ ᠥᠭᠡᠳᠡ ᠡᠰᠡᠷᠡᠭ ᠪᠠᠶᠢᠬᠤ ᠶᠢ ᠬᠦᠰᠡᠨ ᠵᠥᠩᠨᠡᠪᠡ᠃ ᠰᠢ ᠶᠢᠨ ᠫᠢᠩ᠂ | ᠴᠢᠶᠦ᠋ᠩᠵᠸᠤ ᠲᠠᠯᠠᠢ ᠶᠢᠨ ᠬᠤᠭᠤᠯᠠᠢ ᠪᠣᠯ ᠤᠯᠤᠰ ᠤᠨ ᠡᠮᠦᠨᠡᠲᠦ ᠲᠠᠩᠭᠢᠰ ᠢ ᠭᠠᠲᠤᠯᠬᠤ ᠪᠠᠶᠢᠯᠳᠤᠬᠤ ᠪᠣᠳᠣᠯᠭ᠎ᠠ ᠶᠢᠨ ᠵᠠᠮ ᠪᠤᠯᠬᠤ ᠪᠥᠭᠡᠳ ᠬᠠᠶᠢᠨᠠᠨ ᠤ | ᠴᠢᠯᠦᠭᠡᠲᠦ ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ ᠪᠣᠯᠣᠨ ᠬᠥᠭᠵᠢᠯᠲᠡ ᠶᠢᠨ ᠪᠠᠭᠠᠯᠵᠤᠤᠷ ᠭᠤᠣᠯ ᠵᠠᠮ ᠪᠣᠯᠣᠨ᠎ᠠ᠂ ︽ᠰᠢᠵᠢᠷ ᠠᠯᠳᠠᠨ ᠤᠰᠤᠨ | ᠵᠠᠮ︾ ᠪᠣᠯᠣᠨ ᠠᠶᠠᠨᠴᠢᠳ ᠤᠨ ᠵᠥᠭᠡᠭᠡᠪᠦᠷᠢ ᠶᠢᠨ ᠬᠠᠮᠤᠭ ᠤᠨ ᠰᠠᠶᠢᠨ ᠵᠠᠮ ᠪᠤᠯᠬᠤ ᠡᠨᠡ ᠬᠦ ᠶᠡᠭᠡ ᠶᠠᠪᠤᠳᠠᠯ ᠢ ᠰᠠᠶᠢᠲᠤᠷ ᠬᠢᠵᠦ᠂ ᠰᠢᠦᠢ ᠸᠧᠨ ᠭᠠᠷᠠᠮ ᠢ | ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠪᠣᠯᠣᠨ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠢ ᠬᠤᠯᠪᠣᠭᠰᠠᠨ ᠣᠳᠣᠬᠢᠴᠢᠯᠠᠭᠰᠠᠨ | ᠤᠰᠤ ᠬᠠᠭᠤᠷᠠᠢ ᠶᠢᠨ ᠵᠠᠮ ᠲᠡᠭᠡᠭᠡᠪᠦᠷᠢ ᠶᠢᠨ ᠶᠡᠷᠦᠩᠬᠡᠶᠢᠯᠡᠭᠰᠡᠨ ᠬᠦᠢᠰᠦ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢᠦᠢ ᠸᠧᠨ ᠭᠠᠷᠠᠮ ᠠᠴᠠ ᠭᠠᠷᠴᠤ᠂ ᠰᠢ ᠶᠢᠨ ᠫᠢᠩ ᠪᠧᠢ ᠪᠦ᠋ ᠸᠠᠨ ᠪᠤᠯᠤᠩ ᠢ ᠲᠣᠭᠤᠷᠢᠭᠰᠠᠨ ᠭᠤᠸᠠᠩᠳᠦ᠋ᠩ ᠤᠨ ᠤᠰᠤᠨ ᠤ ᠡᠬᠢ ᠪᠠᠶᠠᠯᠢᠭ ᠢ | ᠲᠣᠬᠢᠷᠠᠭᠤᠯᠬᠤ ᠢᠨᠵᠧᠨᠧᠷᠢᠩ ᠤᠨ ᠡᠮᠦᠨᠡᠰᠢ ᠤᠰᠤ ᠳᠠᠮᠵᠢᠭᠤᠯᠬᠤ ᠠᠭᠤᠯᠵᠠᠷ ᠦᠷᠲᠡᠭᠡ - ᠰᠢᠦᠢ ᠸᠧᠨ ᠰᠢᠶᠠᠨ ᠤ ᠳ᠋ᠠ ᠱᠦᠢ ᠴᠢᠶᠣᠤ ᠤᠰᠤᠨ ᠴᠥᠭᠦᠷᠥᠮ ᠳᠤ | ᠬᠦᠷᠴᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ᠂ ᠠᠵᠢᠯᠯᠠᠭᠠᠨ ᠪᠠ ᠦᠷᠭᠦᠯᠵᠢᠯᠡᠬᠦ ᠢᠨᠵᠧᠨᠧᠷᠢᠩ ᠤᠨ ᠲᠥᠯᠦᠪᠵᠢᠭᠦᠯᠭᠡ ᠵᠡᠷᠭᠡ ᠪᠠᠶᠢᠳᠠᠯ ᠢ | ᠣᠶᠢᠯᠠᠭᠠᠪᠠ᠃ ᠠᠵᠢᠯᠲᠠᠳ ᠶᠡᠷᠦᠩᠬᠡᠢ ᠱᠦᠵᠢ ᠳᠤ ᠤᠰᠤᠨ ᠤ ᠶᠠᠩᠵᠤ ᠪᠣᠯᠣᠨ ᠬᠢᠨᠠᠨ ᠭᠡᠮᠵᠢᠭᠦ ᠲᠥᠬᠦᠭᠡᠷᠦᠮᠵᠢ ᠶᠢ ᠳᠡᠯᠭᠡᠨ ᠦᠵᠡᠭᠦᠯᠵᠦ᠂ ᠲᠤᠬᠠᠢ ᠶᠢᠨ | ᠭᠠᠵᠠᠷ ᠤᠨ ᠡᠷᠭᠢᠨ ᠲᠣᠭᠤᠷᠢᠨ ᠤ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠭᠰᠠᠨ ᠵᠡᠷᠭᠡ ᠪᠠᠶᠢᠳᠠᠯ ᠢᠶᠠᠨ ᠬᠠᠷᠢᠭᠤ ᠮᠡᠳᠡᠭᠦᠯᠪᠡ᠃ | ᠰᠢ ᠶᠢᠨ ᠫᠢᠩ᠂ ᠮᠠᠨ ᠤ ᠤᠯᠤᠰ ᠲᠤ ᠤᠰᠤ ᠲᠤᠲᠠᠭᠳᠠᠵᠤ ᠪᠠᠶᠢᠬᠤ ᠪᠥᠭᠡᠳ ᠤᠰᠤᠨ ᠤ ᠡᠬᠢ ᠪᠠᠶᠠᠯᠢᠭ ᠤᠨ ᠲᠠᠷᠬᠠᠯᠲᠠ ᠮᠠᠰᠢ ᠲᠡᠩᠴᠡᠭᠦᠷᠢ ᠦᠭᠡᠢ | ᠪᠠᠶᠢᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠤᠰᠤᠨ ᠤ ᠡᠬᠢ ᠪᠠᠶᠠᠯᠢᠭ ᠤᠨ ᠠᠰᠠᠭᠤᠳᠠᠯ ᠢ ᠪᠣᠳᠣᠯᠬᠢᠯᠠᠵᠤ᠂ ᠤᠰᠤ ᠪᠠᠷ | ᠬᠤᠲᠠ ᠶᠢ ᠲᠣᠭᠲᠠᠭᠠᠵᠤ᠂ ᠤᠰᠤ ᠪᠠᠷ ᠭᠠᠵᠠᠷ ᠢ ᠲᠣᠭᠲᠠᠭᠠᠵᠤ᠂ ᠤᠰᠤ ᠪᠠᠷ ᠬᠥᠮᠥᠨ ᠢ ᠲᠣᠭᠲᠠᠭᠠᠵᠤ᠂ ᠤᠰᠤ ᠪᠠᠷ ᠭᠠᠷᠤᠯᠲᠠ ᠶᠢ ᠲᠣᠭᠲᠠᠭᠠᠵᠤ᠂ ᠤᠰᠤ | ᠠᠷᠪᠢᠯᠠᠬᠤ ᠠᠵᠤ ᠦᠢᠯᠡᠰ ᠢ ᠬᠥᠭᠵᠢᠭᠦᠯᠬᠦ ᠬᠡᠷᠡᠭᠲᠡᠢ᠃ ᠭᠤᠸᠠᠩᠳᠦ᠋ᠩ ᠮᠤᠵᠢ ᠶᠢᠨ ᠬᠢᠨ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ | ᠰᠠᠶᠢᠲᠤᠷ ᠠᠳᠬᠤᠵᠤ᠂ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢ | ᠲᠦᠷᠭᠡᠳᠬᠡᠵᠦ᠂ ᠣᠷᠣᠨ ᠪᠦᠰᠡ ᠶᠢᠨ ᠬᠥᠭᠵᠢᠯᠲᠡ ᠲᠡᠩᠴᠡᠭᠦᠷᠢ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠥᠷᠭᠡᠨ ᠣᠯᠠᠨ ᠠᠷᠠᠳ | ᠲᠦᠮᠡᠨ ᠳᠤ ᠡᠷᠲᠡᠬᠡᠨ ᠪᠤᠶᠠᠨ ᠦᠶ᠋ᠯᠡᠳᠭᠦ ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ 11 ᠤ ᠡᠳᠦᠷ ᠮᠤᠤᠮᠢᠩ ᠤᠨ ᠭᠤᠤᠵᠸᠦ ᠬᠤᠳᠠ ᠶᠢᠨ ᠭᠧᠨ ᠽᠢ | ᠪᠠᠯᠭᠠᠰᠤᠨ ᠤ ᠪᠠᠢ ᠴᠢᠶᠣᠤ ᠲᠣᠰᠬᠤᠨ ᠳᠤ ᠰᠢᠨᠵᠢᠯᠡᠨ ᠪᠠᠶᠢᠴᠠᠭᠠᠪᠠ᠃ ᠪᠠᠢ ᠴᠢᠶᠣᠤ ᠲᠣᠰᠬᠤᠨ ᠪᠠᠷᠤᠭ 6800 ᠮᠦ ᠪᠡᠷᠴᠢᠭᠢᠷ ᠯᠣᠣ ᠶᠢᠨ ᠨᠢᠳᠦ ᠲᠠᠷᠢᠵᠦ᠂ | ᠪᠡᠷᠴᠢᠭᠢᠷ ᠯᠣᠣ ᠶᠢᠨ ᠨᠢᠳᠦ ᠦᠢᠯᠡᠳᠪᠦᠷᠢᠯᠡᠬᠦ ᠲᠤᠰᠬᠠᠢ ᠲᠣᠰᠬᠤᠨ ᠪᠣᠯᠣᠨ᠎ᠠ᠃ ᠰᠢ ᠶᠢᠨ ᠫᠢᠩ ᠪᠡᠷᠴᠢᠭᠢᠷ ᠯᠣᠣ ᠶᠢᠨ ᠨᠢᠳᠦ ᠶᠢᠨ ᠲᠠᠷᠢᠮᠠᠯ ᠤᠨ ᠬᠦᠷᠢᠶᠡᠯᠡᠩ ᠳᠤ | ᠬᠦᠷᠴᠦ᠂ ᠲᠤᠬᠠᠢ ᠶᠢᠨ ᠭᠠᠵᠠᠷ ᠤᠨ ᠣᠨᠴᠠᠯᠢᠭᠲᠤ ᠲᠠᠷᠢᠮᠠᠯ ᠤᠨ ᠠᠵᠤ ᠦᠢᠯᠡᠰ ᠪᠣᠯᠣᠨ ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠵᠦ ᠪᠠᠶᠢᠭ᠎ᠠ | ᠵᠡᠷᠭᠡ ᠪᠠᠶᠢᠳᠠᠯ ᠢ ᠣᠶᠢᠯᠠᠭᠠᠭᠰᠠᠨ ᠪᠥᠭᠡᠳ ᠲᠤᠬᠠᠢ ᠶᠢᠨ ᠲᠠᠯᠠᠪᠠᠶ ᠶᠢᠨ ᠮᠡᠷᠭᠡᠵᠢᠯᠲᠡᠨ ᠲᠠᠢ ᠳᠣᠲᠣᠨᠣ ᠪᠠᠷ ᠶᠠᠷᠢᠯᠴᠠᠪᠠ᠃ ᠲᠠᠷᠠᠭ᠎ᠠ ᠨᠢ᠂ ᠰᠢ ᠶᠢᠨ ᠫᠢᠩ ᠪᠠᠢ | ᠴᠢᠶᠣᠤ ᠶᠢᠨ ᠯᠣᠣ ᠶᠢᠨ ᠨᠢᠳᠦ ᠪᠡᠷᠴᠢᠭᠢᠷ ᠯᠣᠣ ᠶᠢᠨ ᠨᠢᠳᠦ ᠶᠢᠨ ᠲᠤᠰᠬᠠᠢ ᠬᠤᠷᠰᠢᠶ᠎ᠠ ᠳᠤ ᠬᠦᠷᠴᠦ᠂ ᠬᠤᠷᠰᠢᠶ᠎ᠠ ᠶᠢᠨ ᠡᠵᠡᠩᠨᠡᠯᠲᠡ ᠪᠣᠯᠣᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ ᠪᠠᠶᠢᠭ᠎ᠠ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠰᠢ ᠶᠢᠨ ᠫᠢᠩ᠂ ᠡᠨᠡ ᠪᠣᠯ ᠪᠡᠷᠴᠢᠭᠢᠷ ᠯᠣᠣ ᠶᠢᠨ | ᠨᠢᠳᠦᠨ ᠤ ᠨᠤᠲᠤᠭ᠂ ᠪᠡᠷᠴᠢᠭᠢᠷ ᠯᠣᠣ ᠶᠢᠨ ᠨᠢᠳᠦᠨ ᠤ ᠲᠠᠷᠢᠮᠠᠯ ᠨᠢ ᠲᠡᠦᠬᠡ ᠶᠢᠨ ᠤᠯᠠᠮᠵᠢᠯᠠᠯ ᠪᠠ ᠰᠣᠶᠣᠯ ᠤᠨ ᠠᠭᠤᠯᠤᠭᠳᠠᠬᠤᠨ ᠲᠠᠢ᠂ ᠣᠨᠴᠠᠯᠢᠭ ᠢᠶᠠᠷ ᠢᠯᠡ | ᠲᠣᠳᠣ᠂ ᠳᠠᠪᠠᠭᠤᠯᠢᠭ ᠢᠶᠠᠷ ᠢᠯᠡᠷᠬᠡᠢ᠂ ᠵᠠᠬ᠎ᠠ ᠳᠡᠯᠭᠡᠭᠦᠷ ᠤᠨ ᠣᠷᠣᠨ ᠵᠠᠢ ᠪᠠᠷ ᠥᠷᠭᠡᠨ ᠠᠭᠤᠳᠠᠮ ᠪᠠᠶᠢᠵᠤ᠂ ᠳᠠᠷᠢᠬᠤ᠂ ᠰᠣᠷᠭᠤᠭ ᠪᠠᠶᠢᠯᠭᠠᠬᠤ᠂ ᠡᠳ᠋ᠰᠢᠭᠦᠯᠭᠦ | ᠵᠡᠷᠭᠡ ᠮᠡᠷᠭᠡᠵᠢᠯ ᠢ ᠴᠢᠨᠠᠭᠰᠢᠳᠠ ᠳᠡᠭᠡᠭᠰᠢᠯᠡᠭᠦᠯᠵᠦ᠂ ᠪᠡᠷᠴᠢᠭᠢᠷ ᠯᠣᠣ ᠶᠢᠨ ᠨᠢᠳᠦᠨ ᠤ ᠣᠨᠴᠠᠯᠢᠭᠲᠤ ᠠᠵᠤ ᠦᠢᠯᠡᠰ ᠪᠠ ᠣᠨᠴᠠᠯᠢᠭᠲᠤ ᠰᠣᠶᠣᠯ ᠵᠢᠭᠤᠯᠴᠢᠯᠠᠯ ᠢ ᠨᠠᠩ | ᠰᠠᠶᠢᠲᠤᠷ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠠᠶᠠᠷᠯᠠᠬᠤ ᠦᠶ᠎ᠡ ᠳᠤ᠂ ᠲᠣᠰᠬᠤᠨ ᠤ ᠠᠷᠠᠳ ᠥᠨᠳᠥᠷ ᠲᠠᠭᠤᠨ ᠢᠶᠠᠷ ︽ᠶᠡᠷᠦᠩᠬᠡᠢ ᠱᠦᠵᠢ | ᠰᠠᠶᠢᠨ ᠪᠠᠶᠢᠨ᠎ᠠ ᠦᠦ︾᠂ ︽ᠶᠡᠷᠦᠩᠬᠡᠢ ᠱᠦᠵᠢ ᠵᠦᠳᠡᠷᠡᠯ᠎ᠡ︾ ᠭᠡᠵᠦ ᠤᠤᠬᠠᠶᠢᠯᠠᠨ ᠬᠠᠰᠬᠢᠷᠪᠠ᠃ ᠰᠢ ᠶᠢᠨ ᠫᠢᠩ᠂ ᠡᠨᠡ ᠪᠣᠯ ᠮᠢᠨᠤ ᠠᠩᠬ᠎ᠠ ᠤᠳᠠᠭ᠎ᠠ | ᠭᠤᠸᠠᠩᠳᠦ᠋ᠩ ᠤᠨ ᠪᠠᠷᠠᠭᠤᠨ ᠬᠡᠰᠡᠭ ᠲᠤ ᠬᠦᠷᠴᠦ ᠪᠠᠶᠢᠭ᠎ᠠ ᠶᠠᠪᠤᠳᠠᠯ ᠪᠣᠯᠣᠨ᠎ᠠ᠂ ᠨᠤᠲᠤᠭ ᠤᠨ ᠠᠬ᠎ᠠ ᠳᠡᠭᠦᠦ ᠨᠠᠷ ᠪᠡᠷᠴᠢᠭᠢᠷ ᠯᠣᠣ ᠶᠢᠨ ᠨᠢᠳᠦ ᠵᠡᠷᠭᠡ ᠣᠨᠴᠠᠯᠢᠭᠲᠤ | ᠲᠠᠷᠢᠮᠠᠯ ᠤᠨ ᠦᠢᠯᠡᠰ ᠢ ᠬᠥᠭᠵᠢᠭᠦᠯᠬᠦ ᠪᠠᠷ ᠲᠠᠮᠵᠢᠨ ᠪᠠᠶᠠᠨ ᠴᠢᠨᠡᠭᠡᠯᠢᠭ ᠠᠮᠢᠳᠤᠷᠠᠯ ᠲᠠᠢ ᠪᠣᠯᠤᠭᠰᠠᠨ ᠢ ᠦᠵᠡᠭᠡᠳ ᠪᠢ ᠮᠠᠰᠢ ᠪᠠᠶᠠᠷᠯᠠᠵᠤ ᠪᠠᠶᠢᠨ᠎ᠠ᠃ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠵᠤ᠂ | ᠬᠤᠲᠠ ᠬᠥᠳᠡᠭᠡ ᠣᠷᠣᠨ ᠪᠦᠰᠡ ᠶᠢᠨ ᠬᠥᠭᠵᠢᠯᠲᠡ ᠲᠡᠩᠴᠡᠭᠦᠷᠢ ᠦᠭᠡᠢ ᠪᠠᠶᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠬᠠᠮᠲᠤ ᠪᠠᠷ ᠪᠠᠶᠠᠵᠢᠬᠤ | ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠰᠡᠭᠦᠯᠡᠷ ᠪᠠᠶᠠᠵᠢᠬᠤ ᠶᠢ ᠬᠠᠪᠰᠤᠷᠤᠨ ᠲᠡᠳᠭᠦᠭᠦ ᠪᠠᠨ ᠴᠢᠩᠭᠠᠳᠬᠠᠵᠤ᠂ ᠨᠤᠲᠤᠭ ᠤᠨ ᠰᠤᠷᠲᠠᠯ ᠪᠣᠯᠪᠠᠰᠤᠨ ᠢ ᠠᠬᠢᠭᠤᠯᠵᠤ᠂ | ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠶᠢ ᠴᠢᠩᠭᠠᠳᠬᠠᠵᠤ᠂ ᠤᠯᠠᠨ ᠤ | ᠠᠮᠢᠳᠤᠷᠠᠯ ᠢ ᠵᠢᠯ ᠠᠴᠠ ᠵᠢᠯ ᠰᠠᠶᠢᠵᠢᠷᠠᠭᠤᠯᠬᠤ ᠬᠡᠷᠡᠭᠲᠡᠢ ᠭᠡᠵᠦ ᠬᠡᠯᠡᠪᠡ᠃ | ᠰᠢ ᠶᠢᠨ ᠫᠢᠩ 12 ᠤᠨ ᠡᠳᠦᠷ ᠭᠤᠸᠠᠩᠵᠧᠦ ᠬᠤᠳᠠ ᠳᠤ ᠰᠢᠨᠵᠢᠯᠡᠨ ᠪᠠᠶᠢᠴᠠᠭᠠᠪᠠ᠃ ᠲᠤᠰ ᠡᠳᠦᠷ ᠤᠨ ᠦᠳᠡ ᠶᠢᠨ ᠬᠤᠶᠢᠨ᠎ᠠ᠂ ᠲᠡᠷᠡ ᠡᠩ | ᠲᠡᠷᠢᠭᠦᠨ ᠳᠤ ᠯᠧ ᠶᠢᠨ ᠳᠡᠯᠭᠡᠴᠡ ᠶᠢᠨ ᠺᠤᠮᠫᠠᠨᠢ ᠶᠢᠨ ᠭᠤᠸᠠᠩᠵᠧᠦ ᠳᠠᠬᠢ ᠦᠢᠯᠡᠳᠭᠦ ᠰᠠᠭᠤᠷᠢᠨ ᠳᠤ ᠭᠦᠷᠪᠡ᠃ ᠭᠤᠸᠠᠩᠳᠦ᠋ᠩ ᠮᠤᠵᠢ ᠶᠢᠨ ᠬᠤᠯᠪᠣᠭᠳᠠᠯ ᠪᠦᠬᠦᠢ | ᠬᠠᠷᠢᠭᠤᠴᠠᠯᠭᠠᠲᠠᠨ ᠨᠥᠬᠦᠳ ᠪᠦᠭᠦ ᠮᠤᠵᠢ ᠶᠢᠨ ᠣᠶᠢᠷ᠎ᠠ ᠶᠢᠨ ᠵᠢᠯ ᠤᠨ ᠲᠤᠷᠰᠢᠬᠢ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ ᠬᠤᠶᠠᠷ | ᠵᠦᠢᠯ ᠤᠨ ᠡᠬᠢ ᠪᠠᠶᠠᠯᠢᠭ ᠤᠨ ᠬᠤᠯᠪᠤᠭᠠᠯᠠᠨ ᠬᠥᠳᠡᠯᠦᠯᠴᠡᠬᠦ ᠦᠢᠯᠡᠳᠦᠯ ᠢ ᠴᠢᠩᠭᠠᠳᠬᠠᠬᠤ᠂ ᠠᠷᠠᠯᠵᠢᠶᠠᠨ ᠤ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠶᠠᠰᠤ | ᠴᠢᠨᠠᠷ ᠪᠣᠯᠣᠨ ᠬᠢᠷᠢ ᠲᠦᠪᠰᠢᠨ ᠢ ᠳᠡᠭᠡᠭᠰᠢᠯᠡᠭᠦᠯᠭᠦ ᠵᠡᠷᠭᠡ ᠲᠠᠯ᠎ᠠ ᠶᠢᠨ ᠠᠷᠭ᠎ᠠ ᠪᠣᠯᠣᠨ ᠦᠷ᠎ᠡ ᠪᠦᠲᠦᠮᠵᠢ ᠶᠢ ᠲᠠᠨᠢᠯᠴᠠᠭᠤᠯᠪᠠ᠃ ᠰᠢ ᠶᠢᠨ ᠫᠢᠩ ᠦᠢᠯᠡᠳᠬᠦᠨ ᠤ | ᠦᠵᠡᠭᠦᠯᠭᠡ ᠪᠣᠯᠣᠨ ᠦᠢᠯᠡᠳᠪᠦᠷᠢᠯᠡᠵᠦ ᠤᠭᠰᠠᠷᠠᠬᠤ ᠶᠠᠪᠤᠴᠠ ᠶᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠣᠯᠣᠭᠰᠠᠨ ᠠᠮᠵᠢᠯᠲᠠ | ᠪᠦᠲᠦᠮᠵᠢ ᠶᠢ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠬᠡᠪᠡ᠃ ᠰᠢ ᠶᠢᠨ ᠫᠢᠩ᠂ ᠪᠦᠭᠦ ᠪᠥᠮᠪᠥᠷᠴᠡᠭ ᠤᠨ ᠠᠵᠤ ᠠᠬᠤᠢ ᠶᠢᠨ ᠨᠡᠮᠡᠭᠳᠡᠯ ᠬᠦᠴᠦᠨ ᠮᠡᠬᠦᠰᠳᠡᠵᠦ | ᠪᠠᠶᠢᠭ᠎ᠠ ᠪᠠᠶᠢᠳᠠᠯ ᠳᠣᠣᠷ᠎ᠠ᠂ ᠳᠤᠮᠳᠠᠳᠤ ᠤᠯᠤᠰ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠤᠨ | ᠪᠠᠶᠢᠭᠤᠯᠤᠯᠲᠠ ᠶᠢ ᠴᠢᠩᠭᠠᠳᠬᠠᠪᠠᠯ ᠵᠠᠬ᠎ᠠ ᠳᠡᠯᠭᠡᠭᠦᠷ ᠤᠨ ᠳᠠᠪᠠᠭᠤᠯᠢᠭ ᠨᠡᠩ ᠢᠯᠡᠷᠬᠡᠢ ᠪᠣᠯᠣᠨ᠎ᠠ᠃ ᠭᠠᠳᠠᠭᠠᠳᠤ ᠶᠢᠨ ᠪᠡᠯᠡ ᠣᠷᠣᠭᠤᠯᠤᠭᠴᠢᠳ ᠠᠵᠠ ᠲᠣᠭᠢᠶᠠᠯ ᠢ | ᠠᠮᠵᠢᠵᠤ᠂ ᠳᠤᠮᠳᠠᠳᠤ ᠤᠯᠤᠰ ᠲᠤ ᠢᠷᠡᠵᠦ᠂ ᠭᠤᠸᠠᠩᠳᠦ᠋ᠩ ᠳᠤ ᠢᠷᠡᠵᠦ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠳᠤ ᠢᠷᠡᠵᠦ᠂ | ᠳᠤᠮᠳᠠᠳᠤ ᠤᠯᠤᠰ ᠤᠨ ᠵᠠᠬ᠎ᠠ ᠳᠡᠯᠭᠡᠭᠦᠷ ᠢ ᠰᠠᠶᠢᠲᠤᠷ ᠬᠥᠭᠵᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠰᠢᠨ᠎ᠡ ᠭᠡᠷᠡᠯ ᠰᠠᠴᠤᠷᠠᠩᠭᠤᠢ ᠠᠮᠵᠢᠯᠲᠠ | ᠪᠦᠲᠦᠮᠵᠢ ᠶᠢ ᠡᠭᠦᠳᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ ᠳᠠᠷᠠᠭ᠎ᠠ ᠨᠢ ᠭᠤᠸᠠᠩᠵᠧᠦ ᠶᠢᠨ ᠮᠠᠰᠢᠨ ᠲᠡᠷᠭᠡᠨ ᠤ ᠺᠤᠮᠫᠠᠨᠢ ᠶᠢᠨ ᠠᠢ ᠠᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠤᠪᠢᠴᠠᠭᠠᠳᠤ | ᠬᠢᠵᠠᠭᠠᠷᠲᠤ ᠺᠤᠮᠫᠠᠨᠢ ᠳᠤ ᠰᠢᠨᠵᠢᠯᠡᠨ ᠪᠠᠶᠢᠴᠠᠭᠠᠪᠠ᠃ ᠲᠡᠷᠡ ᠠᠵᠤ ᠠᠬᠤᠶᠢᠯᠠᠯ ᠤᠨ ᠦᠵᠡᠭᠦᠯᠭᠡ ᠶᠢᠨ ᠲᠢᠩᠬᠢᠮ᠂ ᠶᠡᠷᠦᠩᠬᠡᠢ ᠲᠣᠨᠣᠭᠯᠠᠯ ᠤᠨ ᠲᠠᠰᠤᠭ᠂ ᠳ᠋ᠢᠶᠠᠨ | ᡂᠢ ᠦᠢᠯᠡᠳᠪᠦᠷᠢᠯᠡᠬᠦ ᠲᠠᠰᠤᠭ ᠵᠡᠷᠭᠡ ᠳᠤ ᠬᠦᠷᠴᠦ᠂ ᠠᠵᠤ ᠠᠬᠤᠶᠢᠯᠠᠯ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠳᠤ ᠰᠢᠪᠲᠤᠯᠤᠯᠲᠠ ᠭᠠᠷᠭᠠᠭᠰᠠᠨ ᠪᠠ | ᠦᠢᠯᠡᠳᠭᠦ ᠦᠢᠯᠡᠰ ᠤᠨ ᠳᠡᠭᠡᠳᠦ ᠲᠡᠰᠵᠢᠭᠦᠯᠦᠯᠳᠡ᠂ ᠣᠶᠤᠨᠴᠢᠯᠠᠯᠲᠠ᠂ ᠪᠣᠬᠢᠷᠳᠤᠯ ᠦᠭᠡᠶᠢᠵᠢᠯᠳᠠ ᠶᠢ ᠠᠬᠢᠭᠤᠯᠤᠭᠰᠠᠨ ᠵᠡᠷᠭᠡ ᠪᠠᠶᠢᠳᠠᠯ ᠢ ᠣᠶᠢᠯᠠᠭᠠᠪᠠ᠃ | ᠭᠤᠸᠠᠩᠵᠧᠦ ᠶᠢᠨ ᠮᠠᠰᠢᠨ ᠲᠡᠷᠭᠡᠨ ᠤ ᠰᠤᠳᠤᠯᠭᠠᠨ ᠤ ᠬᠦᠷᠢᠶᠡᠯᠡᠩ ᠳᠤ᠂ ᠰᠢ ᠶᠢᠨ ᠫᠢᠩ ᠣᠶᠤᠨᠲᠤ ᠰᠦᠯᠵᠢᠶᠡᠨ ᠤ ᠲᠤᠷᠰᠢᠯᠲᠠ ᠶᠢᠨ ᠲᠠᠰᠤᠭ᠂ ᠵᠠᠭᠪᠤᠷ ᠢ ᠵᠢᠷᠤᠵᠤ | ᠲᠥᠯᠥᠪᠯᠡᠬᠦ ᠲᠤᠷᠰᠢᠯᠲᠠ ᠶᠢᠨ ᠲᠠᠰᠤᠭ ᠵᠡᠷᠭᠡ ᠶᠢ ᠨᠠᠷᠢᠨ ᠬᠢᠨᠠᠮᠠᠭᠠᠢ ᠪᠠᠶᠢᠴᠠᠭᠠᠨ ᠦᠵᠡᠭᠰᠡᠨ ᠪᠥᠭᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ᠂ | ᠠᠵᠤ ᠠᠬᠤᠶᠢᠯᠠᠯᠲᠠᠨ᠂ ᠠᠵᠢᠯᠲᠠᠨ ᠠᠵᠢᠯᠴᠢᠨ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠲᠥᠯᠥᠭᠡᠯᠡᠭᠴᠢᠳ ᠲᠠᠢ ᠰᠠᠨᠠᠯ ᠢᠶᠠᠨ ᠰᠣᠯᠢᠯᠴᠠᠪᠠ᠃ ᠰᠢ ᠶᠢᠨ | ᠫᠢᠩ᠂ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠲᠦᠷᠦ ᠶᠢᠨ ᠪᠣᠳᠣᠯᠭ᠎ᠠ ᠤᠷᠳᠤ ᠬᠤᠭᠤᠴᠠᠭ᠎ᠠ ᠪᠠᠷ ᠬᠤᠪᠢᠷᠠᠬᠤ ᠦᠭᠡᠢ᠂ ᠨᠡᠭᠡᠭᠡᠯᠲᠡ ᠶᠢᠨ | ᠡᠭᠦᠳᠡ ᠪᠠᠨ ᠡᠭᠦᠷᠢᠳᠡ ᠥᠪᠡᠷ ᠢᠶᠠᠨ ᠬᠠᠭᠠᠬᠤ ᠦᠭᠡᠢ ᠶᠤᠮ᠃ ᠪᠢᠳᠡᠨ ᠲᠠᠢ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠦᠷᠲᠡᠭᠦ ᠳᠤᠷᠠᠲᠠᠢ ᠠᠯᠢᠪᠠ ᠤᠯᠤᠰ ᠲᠤ | ᠪᠢᠳᠡ ᠴᠥᠮ ᠳᠤᠷᠠᠲᠠᠶ᠎ᠠ ᠲᠡᠳᠡᠨ ᠲᠠᠢ ᠠᠳᠠᠯᠢ ᠴᠢᠭᠯᠡᠯ ᠢᠶᠠᠷ ᠤᠷᠤᠭᠰᠢᠯᠠᠵᠤ᠂ ᠳᠡᠯᠡᠬᠡᠢ ᠶᠢᠨ ᠠᠵᠤ ᠠᠬᠤᠢ ᠶᠢᠨ ᠬᠠᠮᠲᠤ ᠪᠠᠷ ᠴᠡᠴᠡᠭᠯᠡᠨ ᠭᠦᠭᠵᠢᠭᠦ ᠶᠢ ᠠᠬᠢᠭᠤᠯᠤᠨ᠎ᠠ | ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠳᠤᠮᠳᠠᠳᠤ ᠤᠯᠤᠰ ᠪᠣᠯ ᠲᠣᠮᠣ ᠤᠯᠤᠰ ᠮᠥᠨ᠂ ᠪᠣᠳᠠᠲᠤ ᠴᠣᠭᠴᠠ ᠶᠢᠨ ᠠᠵᠤ ᠠᠬᠤᠢ ᠶᠢ ᠴᠢᠬᠤᠯᠠᠴᠢᠯᠠᠵᠤ᠂ | ᠥᠪᠡᠷ ᠤᠨ ᠬᠦᠴᠦ ᠪᠠᠷ ᠢᠶᠠᠨ ᠳᠡᠭᠵᠢᠷᠡᠬᠦ ᠵᠠᠮ ᠢᠶᠠᠷ ᠵᠠᠮᠨᠠᠬᠤ ᠬᠡᠷᠡᠭᠲᠡᠢ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠪᠡᠶ᠎ᠡ ᠪᠠᠨ ᠳᠠᠭᠠᠭᠠᠵᠤ ᠰᠤᠳᠤᠯᠤᠨ | ᠨᠡᠭᠡᠭᠡᠬᠦ ᠳᠤ ᠰᠠᠭᠤᠷᠢᠯᠠᠬᠤ ᠬᠡᠷᠡᠭᠲᠡᠢ ᠪᠥᠭᠡᠳ ᠤᠯᠠᠨ ᠤᠯᠤᠰ ᠤᠨ ᠬᠠᠮᠲᠤᠷᠠᠯᠴᠠᠭ᠎ᠠ ᠬᠢᠬᠦ ᠶᠢ ᠴᠦ ᠪᠠᠶᠠᠷᠯᠠᠨ ᠤᠭᠲᠤᠨ᠎ᠠ᠃ ᠰᠤᠷᠭᠠᠨ ᠬᠥᠮᠦᠵᠢᠯ ᠪᠠ | ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠰᠠᠭᠤᠷᠢ ᠶᠢ | ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | 13 ᠤ ᠦᠳᠡ ᠶᠢᠨ ᠡᠮᠦᠨ᠎ᠡ᠂ ᠰᠢ ᠶᠢᠨ ᠫᠢᠩ ᠭᠤᠸᠠᠩᠳᠦ᠋ᠩ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠸᠠᠩᠳᠦ᠋ᠩ ᠤᠨ ᠡᠯ᠎ᠡ ᠵᠦᠢᠯ ᠤᠨ ᠠᠵᠢᠯ ᠤᠨ ᠠᠮᠵᠢᠯᠲᠠ ᠪᠦᠲᠦᠮᠵᠢ ᠶᠢ ᠨᠤᠲᠠᠯᠠᠪᠠ᠃ ᠰᠢ ᠶᠢᠨ ᠫᠢᠩ᠂ | ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠪᠦᠭᠦ ᠤᠯᠤᠰ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤᠮᠳᠠ ᠴᠢᠬᠤᠯᠠ ᠪᠠᠶᠢᠯᠳᠤᠬᠤ | ᠪᠣᠳᠣᠯᠭ᠎ᠠ ᠶᠢᠨ ᠪᠠᠶᠢᠷᠢ ᠰᠠᠭᠤᠷᠢ ᠲᠠᠢ ᠶᠤᠮ᠃ ᠭᠤᠸᠠᠩᠳᠦ᠋ᠩ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠲᠤᠭᠤᠰᠢᠯᠠᠭᠤᠯᠵᠤ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠶᠢ ᠭᠤᠸᠠᠩᠳᠦ᠋ᠩ ᠤᠨ ᠥᠭᠡᠷᠡᠴᠢᠯᠡᠯᠲᠡ | ᠨᠡᠭᠡᠭᠡᠯᠲᠡ ᠶᠢ ᠭᠦᠨᠵᠡᠭᠡᠶᠢᠷᠡᠭᠦᠯᠬᠦ ᠶᠡᠭᠡ ᠠᠵᠠ ᠲᠣᠭᠢᠶᠠᠯ᠂ ᠶᠡᠭᠡ ᠶᠠᠪᠤᠳᠠᠯ ᠪᠣᠯᠭᠠᠨ ᠱᠠᠯᠠᠪᠳᠠᠨ ᠪᠣᠳᠠᠲᠠᠶᠢᠵᠢᠭᠤᠯᠵᠤ᠂ ᠭᠤᠣᠯᠳᠠᠯᠭ᠎ᠠ ᠶᠢᠨ ᠳᠣᠲᠣᠷᠠᠬᠢ | ᠭᠤᠣᠯᠳᠠᠯᠭ᠎ᠠ ᠳᠤ ᠲᠠᠯᠪᠢᠵᠤ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠢᠶᠠᠷ ᠭᠤᠣᠯ ᠵᠢᠭᠰᠠᠭᠠᠯ ᠤᠨ ᠭᠠᠵᠠᠷ ᠪᠤᠯᠭᠠᠵᠤ᠂ ᠪᠦᠭᠦ ᠮᠤᠵᠢ ᠶᠢᠨ ᠬᠦᠴᠦᠨ ᠢᠶᠠᠨ | ᠳᠠᠶᠢᠴᠢᠯᠠᠨ ᠡᠨᠡ ᠬᠦ ᠶᠡᠭᠡ ᠶᠠᠪᠤᠳᠠᠯ ᠢ ᠰᠠᠶᠢᠲᠤᠷ ᠬᠢᠵᠦ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠢ ᠰᠢᠨ᠎ᠡ ᠬᠥᠭᠵᠢᠯᠲᠡ ᠶᠢᠨ | ᠪᠠᠶᠢᠷᠢᠰᠢᠯ ᠤᠨ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ᠂ ᠴᠢᠨᠠᠷ ᠰᠠᠶᠢᠲᠠᠢ ᠬᠥᠭᠵᠢᠯᠲᠡ ᠶᠢᠨ ᠵᠢᠱᠢᠶ᠎ᠡ ᠦᠵᠡᠭᠦᠯᠭᠦ ᠭᠠᠵᠠᠷ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠳᠠᠭᠠᠭᠤᠯᠤᠭᠴᠢ ᠭᠠᠵᠠᠷ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠪᠣᠯ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠪᠣᠯᠣᠨ᠎ᠠ᠃ ᠰᠢᠨ᠎ᠡ ᠶᠢ ᠡᠭᠦᠳᠭᠦ ᠪᠠᠷ ᠬᠥᠭᠵᠢᠯᠲᠡ ᠶᠢᠨ | ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠣᠷᠣᠨ ᠪᠦᠰᠡ ᠶᠢᠨ ᠰᠢᠨ᠎ᠡ ᠶᠢ ᠡᠭᠦᠳᠭᠦ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠨ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠭᠦ ᠴᠢᠳᠠᠪᠤᠷᠢ ᠪᠠᠨ ᠴᠢᠨᠠᠭᠰᠢᠳᠠ ᠳᠡᠭᠡᠭᠰᠢᠯᠡᠭᠦᠯᠵᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ | ᠰᠡᠳᠦᠪ ᠢ ᠰᠢᠢᠳᠪᠦᠷᠢᠯᠡᠬᠦ ᠲᠠᠯ᠎ᠠ ᠪᠠᠷ ᠨᠡᠩ ᠶᠡᠭᠡ ᠠᠬᠢᠯᠲᠠ ᠲᠠᠢ ᠪᠤᠯᠬᠤ ᠪᠠᠷ ᠴᠢᠷᠮᠠᠶᠢᠬᠤ ᠬᠡᠷᠡᠭᠲᠡᠢ᠃ ᠳᠤᠮᠳᠠ ᠪᠠᠭ᠎ᠠ ᠠᠵᠤ ᠠᠬᠤᠶᠢᠯᠠᠯ ᠤᠨ ᠰᠢᠨ᠎ᠡ ᠶᠢ | ᠡᠭᠦᠳᠭᠦ ᠶᠢ ᠳᠡᠮᠵᠢᠭᠦ ᠪᠠᠨ ᠴᠢᠩᠭᠠᠳᠬᠠᠵᠤ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠪᠣᠯᠣᠨ ᠭᠤᠣᠯᠯᠠᠭᠴᠢ ᠥᠷᠢᠰᠦᠯᠳᠦᠬᠦ ᠬᠦᠴᠦᠨ ᠲᠠᠢ | ᠨᠡᠩ ᠤᠯᠠᠨ ᠰᠢᠨ᠎ᠡ ᠶᠢ ᠡᠭᠦᠳᠭᠦ ᠭᠡᠯᠪᠡᠷᠢ ᠶᠢᠨ ᠠᠵᠤ ᠠᠬᠤᠶᠢᠯᠠᠯ ᠢ ᠪᠤᠶᠢᠵᠢᠭᠤᠯᠬᠤ ᠬᠡᠷᠡᠭᠲᠡᠢ᠃ ᠠᠵᠤ ᠠᠬᠤᠶᠢᠯᠠᠯ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ | ᠴᠢᠩᠭᠠᠳᠬᠠᠵᠤ᠂ ᠰᠢᠨ᠎ᠡ ᠶᠢ ᠡᠭᠦᠳᠭᠦ ᠬᠡᠯᠬᠢᠶ᠎ᠡ ᠠᠵᠤ ᠦᠢᠯᠡᠰ ᠤᠨ ᠬᠡᠯᠬᠢᠶ᠎ᠡ ᠪᠡᠯᠡ ᠮᠥᠩᠭᠦᠨ ᠤ ᠬᠡᠯᠬᠢᠶ᠎ᠡ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠢ | ᠠᠭᠤᠰᠤᠯᠴᠠᠯ ᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠪᠠ ᠠᠵᠤ ᠦᠢᠯᠡᠰᠵᠢᠭᠦᠯᠬᠦ ᠲᠦᠪᠰᠢᠨ ᠢ | ᠲᠠᠰᠤᠷᠠᠯᠳᠠ ᠦᠭᠡᠢ ᠳᠡᠭᠡᠭᠰᠢᠯᠡᠭᠦᠯᠵᠦ᠂ ᠪᠦᠭᠦ ᠪᠥᠮᠪᠥᠷᠴᠡᠭ ᠲᠤ ᠨᠥᠯᠥᠭᠡᠯᠡᠬᠦ ᠬᠦᠴᠦᠨ ᠲᠠᠢ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠭᠦ ᠲᠥᠪ ᠢ ᠪᠠᠶᠢᠭᠤᠯᠬᠤ ᠬᠡᠷᠡᠭᠲᠡᠢ᠃ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠴᠢᠳᠠᠪᠤᠷᠢᠲᠠᠨ ᠤ ᠥᠨᠳᠦᠷᠯᠢᠭ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠳᠡᠭᠡᠳᠦ ᠲᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠴᠢᠳᠠᠪᠤᠷᠢᠲᠠᠨ ᠢ ᠲᠥᠪᠯᠡᠷᠡᠭᠦᠯᠬᠦ | ᠦᠢᠯᠡᠳᠦᠯ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠳᠠᠲᠠᠢ ᠠᠴᠠ ᠰᠠᠯᠤᠩᠭᠢᠷᠠᠵᠤ ᠬᠡᠶᠢᠰᠪᠦᠷᠢ ᠪᠠᠶᠢᠵᠤ ᠪᠤᠯᠬᠤ ᠦᠭᠡᠢ᠂ ᠡᠷᠬᠡᠪᠰᠢ | ᠪᠣᠳᠠᠲᠤ ᠴᠣᠭᠴᠠ ᠶᠢᠨ ᠠᠵᠤ ᠠᠬᠤᠢ ᠪᠠᠷ ᠲᠤᠯᠭᠠᠭᠤᠷᠢᠯᠠᠯ ᠪᠤᠯᠭᠠᠬᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ | ᠭᠤᠸᠠᠩᠳᠦ᠋ᠩ ᠮᠤᠵᠢ ᠦᠢᠯᠡᠳᠭᠦ ᠦᠢᠯᠡᠰ ᠢᠶᠠᠷ ᠮᠤᠵᠢ ᠪᠠᠨ ᠪᠠᠶᠢᠭᠤᠯᠬᠤ ᠶᠢ ᠢᠮᠠᠭᠲᠠ ᠪᠠᠷᠢᠮᠲᠠᠯᠠᠵᠤ᠂ ᠪᠣᠳᠠᠲᠤ ᠴᠣᠭᠴᠠ ᠶᠢᠨ ᠠᠵᠤ ᠠᠬᠤᠢ ᠶᠢ ᠬᠥᠭᠵᠢᠭᠦᠯᠬᠦ ᠶᠢ | ᠨᠡᠩ ᠴᠢᠬᠤᠯᠠᠴᠢᠯᠠᠵᠤ᠂ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦ ᠶᠢ ᠲᠦᠷᠭᠡᠳᠬᠡᠵᠦ᠂ ᠠᠵᠤ ᠦᠢᠯᠡᠰ ᠤᠨ ᠰᠠᠭᠤᠷᠢ ᠶᠢᠨ ᠳᠡᠭᠡᠳᠦ | ᠳᠡᠰᠵᠢᠯᠳᠡ᠂ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢ ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ | ᠦᠢᠯᠡᠰ ᠢ ᠬᠥᠭᠵᠢᠭᠦᠯᠵᠦ᠂ ᠤᠯᠠᠨ ᠤᠯᠤᠰ ᠤᠨ ᠥᠷᠢᠰᠦᠯᠳᠦᠬᠦ ᠬᠦᠴᠦᠨ ᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ ᠰᠢ ᠶᠢᠨ ᠫᠢᠩ᠂ ᠪᠦᠭᠦ ᠠᠷᠠᠳ ᠬᠠᠮᠲᠤ ᠪᠠᠷ ᠪᠠᠶᠠᠵᠢᠬᠤ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ | ᠣᠨᠴᠠᠯᠢᠭ ᠮᠥᠨ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠪᠣᠯ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ | ᠭᠤᠸᠠᠩᠳᠦ᠋ᠩ ᠣᠷᠣᠨ ᠪᠦᠰᠡ ᠶᠢᠨ ᠬᠥᠭᠵᠢᠯᠲᠡ ᠲᠡᠩᠴᠡᠭᠦᠷᠢ ᠦᠭᠡᠢ ᠪᠠᠶᠢᠬᠤ ᠠᠰᠠᠭᠤᠳᠠᠯ ᠢᠶᠠᠨ ᠬᠦᠴᠦ ᠣᠷᠣᠭᠤᠯᠤᠨ ᠰᠢᠢᠳᠪᠦᠷᠢᠯᠡᠵᠦ᠂ ᠵᠠᠮ ᠬᠠᠷᠢᠯᠴᠠᠭ᠎ᠠ | ᠵᠡᠷᠭᠡ ᠰᠠᠭᠤᠷᠢ ᠲᠥᠬᠦᠭᠡᠷᠦᠮᠵᠢ ᠶᠢᠨ ᠣᠷᠣᠨ ᠪᠦᠰᠡ ᠠᠯᠤᠰᠯᠠᠨ ᠬᠤᠯᠪᠣᠯᠳᠤᠨ ᠨᠡᠪᠲᠡᠷᠡᠯᠴᠡᠬᠦ ᠪᠠᠨ ᠲᠦᠷᠭᠡᠳᠬᠡᠨ ᠠᠬᠢᠭᠤᠯᠵᠤ᠂ ᠭᠤᠸᠠᠩᠳᠦ᠋ᠩ ᠤᠨ ᠵᠡᠭᠦᠨ ᠬᠡᠰᠡᠭ᠂ | ᠭᠤᠸᠠᠩᠳᠦ᠋ᠩ ᠤᠨ ᠪᠠᠷᠠᠭᠤᠨ ᠬᠡᠰᠡᠭ᠂ ᠭᠤᠸᠠᠩᠳᠦ᠋ᠩ ᠤᠨ ᠬᠤᠶᠢᠲᠤ ᠬᠡᠰᠡᠭ ᠤᠨ ᠭᠠᠵᠠᠷ ᠣᠷᠣᠨ ᠤ ᠬᠢᠨ ᠵᠦᠵᠢᠶᠠᠩ ᠮᠥᠷᠡᠨ ᠤ ᠭᠤᠷᠪᠠᠯᠵᠢᠨ ᠬᠤᠶᠢᠭ ᠤᠨ | ᠭᠠᠵᠠᠷ ᠣᠷᠣᠨ ᠤ ᠠᠵᠤ ᠦᠢᠯᠡᠰ ᠤᠨ ᠡᠮᠬᠢ ᠵᠢᠷᠤᠮ ᠲᠠᠢ ᠰᠢᠯᠵᠢᠯᠲᠡ ᠶᠢ ᠨᠡᠩ ᠰᠠᠶᠢᠲᠤᠷ ᠲᠤᠰᠴᠤ ᠠᠪᠬᠤ ᠶᠢ ᠲᠠᠶᠢᠴᠢᠯᠠᠨ ᠠᠬᠢᠭᠤᠯᠬᠤ ᠬᠡᠷᠡᠭᠲᠡᠢ᠃ ᠡᠬᠡ | ᠬᠠᠭᠤᠷᠠᠢ ᠪᠠ ᠳᠠᠯᠠᠢ ᠲᠠᠩᠭᠢᠰ ᠢ ᠨᠢᠭᠡᠳᠦᠯᠲᠡᠢ ᠲᠥᠯᠥᠪᠵᠢᠭᠦᠯᠬᠦ᠂ ᠠᠭᠤᠯᠠ ᠳᠠᠯᠠᠢ ᠶᠢ ᠬᠠᠮᠵᠢᠯᠴᠠᠭᠤᠯᠬᠤ ᠶᠢ ᠴᠢᠩᠭᠠᠳᠬᠠᠵᠤ᠂ ᠭᠠᠷᠠᠮ ᠠᠵᠤ ᠦᠢᠯᠡᠰ ᠬᠤᠳᠠ ᠶᠢᠨ | ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢ ᠴᠢᠩᠭᠠᠳᠬᠠᠵᠤ᠂ ᠳᠠᠯᠠᠢ ᠲᠠᠩᠭᠢᠰ ᠤᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠳᠠᠯᠠᠢ ᠲᠠᠩᠭᠢᠰ ᠤᠨ | ᠬᠦᠴᠦᠷᠬᠡᠭ ᠮᠤᠵᠢ ᠶᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠡᠷᠡᠭᠲᠡᠢ᠃ ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠤᠯᠭᠠᠬᠰᠠᠨ ᠰᠢᠨ᠎ᠡ ᠭᠡᠯᠪᠡᠷᠢ ᠶᠢᠨ | ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠣᠲᠣ ᠦᠶ᠎ᠡ ᠶᠢᠨ ᠬᠥᠳᠡᠭᠡ ᠲᠣᠰᠬᠤᠨ ᠤ ᠠᠵᠤ ᠦᠢᠯᠡᠰ ᠤᠨ | ᠰᠢᠰᠲ᠋ᠧᠮ ᠢ ᠲᠦᠷᠭᠡᠳᠬᠡᠨ ᠪᠠᠶᠢᠭᠤᠯᠵᠤ᠂ ᠰᠢᠨ᠎ᠡ ᠭᠡᠯᠪᠡᠷᠢ ᠶᠢᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠵᠦ᠂ ᠬᠥᠳᠡᠭᠡ ᠲᠣᠰᠬᠤᠨ ᠤ | ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠠᠮᠲᠤ ᠪᠠᠷ ᠪᠠᠶᠠᠵᠢᠬᠤ ᠶᠢ ᠠᠬᠢᠭᠤᠯᠬᠤ ᠬᠡᠷᠡᠭᠲᠡᠢ᠃ ᠲᠠᠭᠢᠨ ᠶᠠᠳᠠᠭᠤᠷᠠᠬᠤ ᠶᠢ | ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠪᠠ ᠪᠠᠶᠢᠩᠭᠤᠵᠢᠭᠰᠠᠨ ᠬᠠᠪᠰᠤᠷᠤᠨ ᠲᠡᠳᠭᠦᠭᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠠᠭᠢᠨ ᠶᠠᠳᠠᠭᠤᠷᠠᠬᠤ ᠶᠢ | ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠭᠤᠣᠯ ᠰᠡᠳᠦᠪᠲᠦ ᠬᠥᠮᠦᠵᠢᠯ ᠥᠷᠨᠢᠭᠦᠯᠬᠦ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠴᠢᠬᠤᠯᠠ ᠶᠡᠭᠡ ᠡᠭᠦᠷᠭᠡ ᠪᠣᠯᠣᠨ᠎ᠠ᠃ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠲᠥᠪ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠨᠠᠮ ᠤᠨ ᠭᠡᠰᠢᠭᠦᠨ᠂ ᠺᠠᠳ᠋ᠷᠴᠤᠳ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ | ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠤᠯᠭᠠᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠳᠡᠭᠡᠷ᠎ᠡ ᠬᠦᠴᠦ ᠣᠷᠣᠭᠤᠯᠤᠨ | ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠭᠦᠨᠵᠡᠭᠡᠶᠢᠷᠡᠭᠦᠯᠬᠦ᠂ ᠰᠠᠭᠤᠭᠳᠠᠭᠤᠯᠬᠤ᠂ | ᠣᠨᠳᠣᠣᠰᠢᠭᠤᠯᠬᠤ ᠠᠵᠢᠯ ᠢ ᠰᠠᠶᠢᠲᠤᠷ ᠬᠢᠵᠦ᠂ ᠦᠵᠡᠯ ᠰᠠᠨᠠᠭᠠᠨ ᠤ ᠲᠠᠯ᠎ᠠ ᠪᠠᠷ ᠦᠨᠳᠦᠰᠦᠨ ᠠᠴᠠ ᠨᠢ ᠴᠡᠭᠴᠡᠯᠡᠨ ᠵᠠᠰᠠᠵᠤ᠂ ᠦᠨᠳᠦᠰᠦ ᠶᠢ ᠪᠠᠬᠢᠵᠢᠭᠦᠯᠦᠨ | ᠰᠠᠭᠤᠷᠢ ᠶᠢ ᠪᠠᠲᠤᠳᠬᠠᠵᠤ᠂ ᠢᠲᠡᠭᠡᠯ ᠪᠢᠰᠢᠷᠡᠯ ᠤᠨ ᠰᠠᠭᠤᠷᠢ ᠶᠢ ᠪᠠᠬᠢᠵᠢᠭᠦᠯᠵᠦ᠂ ᠤᠶᠤᠨ ᠰᠠᠨᠠᠭᠠᠨ ᠤ ᠺᠠᠯᠼ ᠢ ᠭᠦᠢᠴᠡᠳ ᠨᠥᠬᠦᠪᠦᠷᠢᠯᠡᠵᠦ᠂ ᠦᠵᠡᠯ ᠰᠠᠨᠠᠭᠠᠨ ᠤ | ᠵᠠᠯᠠᠭᠤᠷ ᠢ ᠯᠠᠪᠳᠠᠭᠤᠨ ᠡᠵᠡᠮᠳᠡᠬᠦ ᠬᠡᠷᠡᠭᠲᠡᠢ᠃ ᠨᠢᠭᠡ ᠳᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠤᠨ ᠦᠷᠲᠡᠭ ᠤᠨ ᠬᠥᠭᠡᠭᠡᠴᠡᠯᠳᠦᠯ ᠪᠠ | ᠤᠷᠤᠭᠰᠢᠯᠠᠯᠲᠠ ᠶᠢᠨ ᠴᠢᠭᠯᠡᠯ ᠤᠨ ᠲᠤᠬᠠᠢ ᠳᠡᠭᠡᠳᠦ ᠬᠡᠮᠵᠢᠶᠡᠨ ᠤ ᠤᠯᠤᠰ ᠲᠦᠷᠦ ᠶᠢᠨ ᠮᠡᠳᠡᠷᠡᠮᠵᠢ ᠪᠠᠨ ᠴᠢᠩᠭᠠᠳᠬᠠᠵᠤ᠂ ᠶᠢᠷᠲᠢᠨᠴᠦ ᠶᠢᠨ ᠦᠵᠡᠯᠲᠡ᠂ | ᠠᠮᠢᠳᠤᠷᠠᠬᠤᠢ ᠶᠢᠨ ᠦᠵᠡᠯᠲᠡ᠂ ᠦᠷᠲᠡᠭ ᠤᠨ ᠦᠵᠡᠯᠲᠡ ᠭᠡᠬᠦ ᠡᠨᠡ ᠬᠦ ︽ᠶᠡᠷᠦᠩᠬᠡᠢ ᠨᠡᠭᠡᠭᠡᠯᠭᠡ︾ ᠶᠢ ᠰᠠᠶᠢᠲᠤᠷ ᠡᠵᠡᠮᠳᠡᠬᠦ ᠬᠡᠷᠡᠭᠲᠡᠢ᠃ ᠬᠤᠶᠠᠷ ᠲᠤ᠂ | ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠪᠠᠲᠤ ᠪᠠᠶᠢᠯᠭᠠᠵᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠤᠬᠠᠮᠰᠠᠷ ᠠᠴᠠ ᠪᠠᠨ ᠪᠠᠷᠢᠮᠲᠠᠯᠠᠵᠤ᠂ ᠨᠠᠮ ᠤᠨ | ᠲᠥᠪ ᠬᠤᠷᠢᠶ᠎ᠠ ᠶᠢᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ | ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠢᠮᠠᠭᠲᠠ ᠤᠯᠤᠰ | ᠲᠦᠷᠦ ᠶᠢᠨ ᠵᠣᠭᠰᠣᠯᠲᠠ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠳᠡᠭᠡᠷ᠎ᠡ ᠨᠠᠮ ᠤᠨ ᠲᠥᠪ ᠬᠤᠷᠢᠶ᠎ᠠ ᠲᠠᠢ | ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠳᠡᠭᠡᠷ᠎ᠡ ᠢᠯᠡᠷᠡᠭᠦᠯᠭᠦ ᠬᠡᠷᠡᠭᠲᠡᠢ᠃ ᠭᠤᠷᠪᠠ ᠳᠤ᠂ ᠠᠷᠠᠳ | ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠵᠣᠷᠢᠯᠲᠠ ᠶᠢᠨ ᠤᠬᠠᠮᠰᠠᠷ ᠢᠶᠠᠨ ᠴᠢᠩᠭᠠᠳᠬᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ | ᠨᠠᠮ ᠤᠨ ᠣᠯᠠᠨ ᠲᠦᠮᠡᠨᠴᠢ ᠱᠤᠭᠤᠮ ᠢ ᠦᠢᠯᠡᠳᠦᠯᠭᠡᠵᠢᠭᠦᠯᠵᠦ᠂ ᠠᠷᠠᠳ ᠣᠯᠠᠨ ᠬᠠᠨᠤᠮᠵᠢᠲᠠᠶ ᠪᠠᠶᠢᠬᠤ ᠡᠰᠡᠬᠦ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ | ᠪᠦᠲᠦᠮᠵᠢ ᠶᠢ ᠦᠨᠡᠯᠡᠭᠦ ᠦᠨᠳᠦᠰᠦᠨ ᠪᠠᠷᠢᠮᠵᠢᠶ᠎ᠠ ᠪᠤᠯᠭᠠᠵᠤ᠂ ᠠᠷᠠᠳ ᠣᠯᠠᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ | ᠠᠰᠢᠭ ᠲᠤᠰᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠠᠪᠤᠳᠠᠯ ᠢ ᠪᠣᠳᠠᠲᠠᠢ ᠬᠢᠵᠦ᠂ ᠠᠷᠠᠳ ᠤᠨ | ᠰᠡᠳᠬᠢᠯ ᠢ ᠳᠤᠯᠠᠭᠠᠴᠠᠭᠤᠯᠬᠤ ᠶᠠᠪᠤᠳᠠᠯ ᠢ ᠨᠠᠷᠢᠯᠢᠭ ᠬᠢᠵᠦ᠂ ᠠᠷᠠᠳ ᠤᠨ ᠰᠠᠨᠠᠭᠠᠨ ᠳᠤ ᠨᠡᠶᠢᠴᠡᠭᠦᠯᠬᠦ ᠶᠠᠪᠤᠳᠠᠯ ᠢ ᠰᠠᠶᠢᠲᠤᠷ ᠬᠢᠵᠦ᠂ ᠣᠳᠣᠬᠢᠴᠢᠯᠠᠬᠤ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠨᠠᠩ ᠣᠯᠠᠨ ᠨᠠᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ | ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | ᠯᠢ ᠭᠠᠨ ᠵᠢᠶᠧ᠂ ᠾᠧ ᠯᠢ ᠹᠧᠩ ᠵᠢᠴᠢ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠵᠤ᠂ ᠭᠤᠣᠯ ᠰᠡᠳᠦᠪᠲᠦ ᠬᠥᠮᠦᠵᠢᠯ ᠤᠨ ᠲᠥᠪ ᠤᠨ ᠳᠣᠯᠣᠳᠤᠭᠠᠷ ᠵᠢᠯᠤᠭᠤᠳᠬᠤ ᠳᠤᠭᠤᠶᠢᠯᠠᠩ ᠤᠨ | ᠬᠠᠷᠢᠭᠤᠴᠠᠯᠭᠠᠲᠠᠨ ᠨᠥᠬᠦᠳ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃ | |