ᠢᠩᠲᠣᠣᠷ ᠤᠨ ᠡᠯᠪᠡᠭ ᠬᠤᠷᠢᠶᠠᠯᠲᠠ ᠠᠴᠠ ᠪᠠᠶᠠᠵᠢᠯ ᠤᠨ ᠵᠠᠮ ᠲᠤᠷᠠᠶᠢᠨ᠎ᠠ
ᠨᠡᠶᠢᠲᠡᠯᠡᠭᠰᠡᠨ ᠴᠠᠭ᠄
2023/4/23
                     ᠤᠷᠴᠢᠮᠬᠠᠨ᠂ ᠳᠠᠯᠠᠳ ᠬᠤᠰᠢᠭᠤᠨ ᠤ ᠵᠤᠤ ᠵᠢᠶᠦ᠋ᠨ ᠪᠠᠯᠭᠠᠰᠤᠨ ᠤ ᠾᠤ᠋ ᠱᠧᠩ ᠲᠣᠰᠬᠤᠨ ᠤ ᠴᠢᠩ ᠴᠧ ᠴᠢᠤᠸᠠᠨ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢᠨ ᠢᠩᠲᠣᠣᠷ ᠪᠤᠯᠪᠠᠰᠤᠷᠠᠨ ᠡᠯᠪᠡᠭ ᠬᠤᠷᠢᠶᠠᠯᠲᠠ ᠤᠯᠵᠤ᠂ ᠢᠩᠲᠣᠣᠷ ᠤᠨ ᠲᠠᠷᠢᠮᠠᠯ ᠤᠨ ᠡᠷᠦᠬᠡ ᠶᠡᠭᠡ ᠬᠡᠮᠵᠢᠶᠡᠨ ᠤ ᠢᠩᠲᠣᠣᠷ ᠤᠨ ᠵᠠᠬᠢᠶᠠᠯᠠᠭ᠎ᠠ ᠶᠢᠨ ᠬᠠᠭᠤᠳᠠᠰᠤ ᠶᠢ ᠲᠤᠰᠴᠤ᠂ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠨ ᠴᠢᠨᠡᠭᠡᠯᠢᠭᠵᠢᠬᠦ ᠪᠠᠶᠠᠷ ᠪᠠᠭ᠋ᠠᠳᠤᠯ ᠢᠶᠠᠷ ᠪᠢᠯᠬᠠᠵᠤ ᠪᠠᠶᠢᠯ᠎ᠠ᠃         ᠡᡁᠤ ᠱᠧᠩ ᠲᠣᠰᠬᠤᠨ ᠤ ᠴᠢᠩ ᠴᠤ ᠴᠢᠤᠸᠠᠨ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢᠨ ᠢᠩᠲᠣᠣᠷ ᠤᠨ ᠬᠦᠷᠢᠶᠡᠯᠡᠩ ᠳᠤ ᠬᠦᠷᠬᠦ ᠳᠤ᠂ ᠮᠠᠨᠤ ᠮᠡᠲᠦ ᠲᠤᠮᠤ ᠤᠯᠠᠭᠠᠨ ᠢᠩᠲᠣᠣᠷ ᠢᠬᠴᠤ ᠰᠠᠬᠤᠯᠢᠬ ᠨᠠᠪᠴᠢᠰ ᠤᠨ ᠳᠤᠮᠳᠠ ᠰᠠᠯᠠᠭ᠎ᠠ ᠨᠠᠮᠠᠭ᠎ᠠ ᠪᠠᠨ ᠳᠠᠭᠠᠭ᠎ᠠ ᠶᠠᠳᠠᠳᠠᠯ᠎ᠠ ᠳᠡᠭᠦᠵᠢᠩᠨᠡᠵᠤ᠂ ᠢᠩᠲᠣᠣᠷ ᠤᠨ ᠰᠠᠶᠢᠬᠠᠨ ᠦᠨᠦᠷ ᠬᠦᠯᠡᠮᠵᠢ ᠲᠦᠬᠦᠷᠡᠩ ᠬᠠᠩᠬᠤᠯᠤᠨ᠂ ᠬᠠᠷᠠᠬᠰᠠᠨ ᠪᠥᠬᠦᠨ ᠤ ᠠᠷᠠᠭᠠᠨ ᠰᠢᠯᠦ᠋ᠰᠦ ᠶᠢ ᠬᠤᠷᠠᠭᠤᠯᠤᠨ᠎ᠠ᠃ ᠦᠳᠡ ᠪᠤᠯᠬᠤ ᠶᠢᠨ ᠦᠶ᠎ᠡ ᠪᠠᠷ ᠢᠩᠲᠣᠣᠷ ᠤᠨ ᠬᠦᠷᠢᠶᠡᠯᠡᠩ ᠨᠢ 700 ᠺᠢᠯᠣᠭ᠍ᠷᠠᠮ ᠤᠨ ᠢᠩᠲᠣᠣᠷ ᠤᠨ ᠵᠠᠬᠢᠶᠠᠯᠠᠭ᠎ᠠ ᠶᠢᠨ ᠬᠠᠭᠤᠳᠠᠰᠤ ᠶᠢ ᠲᠣᠰᠴᠤ᠂ ᠠᠵᠢᠯᠴᠢᠳ ᠶᠠᠭᠠᠷᠠᠯᠲᠠᠶ ᠪᠠᠷ ᠢᠩᠲᠣᠣᠷ ᠢᠶᠠᠨ ᠬᠤᠷᠢᠶᠠᠨ ᠰᠠᠪᠠᠯᠠᠵᠤ ᠡᠬᠢᠯᠡᠪᠡ᠂ ᠡᠨᠡ ᠪᠤᠯ ᠲᠤᠰ ᠲᠠᠷᠢᠶᠠᠯᠠᠩ ᠤᠨ ᠲᠠᠯᠠᠪᠠᠶ ᠶᠢᠨ ᠢᠩᠲᠣᠣᠷ ᠤᠨ ᠬᠦᠷᠢᠶᠡᠯᠡᠩ ᠤᠨ ᠠᠩᠬᠠᠨ ᠤ ᠨᠢᠭᠡ ᠪᠦᠯᠦ᠋ᠭ ᠪᠤᠯᠪᠠᠰᠤᠷᠠᠬᠰᠠᠨ ᠠᠮᠲᠠᠲᠤ ᠢᠩᠲᠣᠣᠷ ᠪᠣᠯᠤᠨ᠎ᠠ᠃ ︽ᠮᠠᠨ ᠤ ᠢᠩᠲᠣᠣᠷ ᠪᠣᠯ ᠶᠡᠷᠦ ᠳᠡᠭᠡᠨ 3 ᠰᠠᠷ᠎ᠠ ᠶᠢᠨ ᠳᠤᠮᠳᠠᠴᠢ ᠠᠴᠠ ᠡᠬᠢᠯᠡᠨ ᠵᠢᠮᠢᠰ ᠰᠠᠭᠤᠳᠠᠭ ᠪᠣᠯᠬᠤᠷ ᠪᠢᠳᠡ 3 ᠰᠠᠷ᠎ᠠ ᠲᠠᠷᠠᠭᠠᠯᠠᠨ ᠪᠦᠯᠦ᠋ᠭ ᠬᠤᠪᠢᠶᠠᠨ ᠵᠢᠮᠢᠰ ᠢᠶᠠᠨ ᠬᠤᠷᠢᠶᠠᠳᠠᠭ᠂ 3 ᠰᠠᠷ᠎ᠠ ᠠᠴᠠ ᠡᠬᠢᠯᠡᠨ 6 ᠰᠠᠷ᠎ᠠ ᠪᠤᠯᠬᠤ ᠳᠤ ᠳᠠᠭᠤᠰᠳᠠᠭ︾ ᠭᠡᠵᠦ ᠴᠢᠩ ᠴᠧ ᠴᠢᠤᠸᠠᠨ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢᠨ ᠬᠠᠷᠢᠭᠤᠴᠠᠯᠭᠠᠲᠠᠨ ᠶᠠᠩ ᠼᠦᠨ ᠲᠠᠨᠢᠯᠴᠠᠭᠤᠯᠤᠨ ᠶᠠᠷᠢᠨ᠎ᠠ᠃        2015 ᠣᠨ ᠳᠤ᠂ ᠶᠠᠩ ᠼᠦᠨ ᠭᠠᠳᠠᠷ ᠣᠷᠣᠨ ᠳᠤ ᠰᠢᠨᠵᠢᠯᠡᠨ ᠪᠠᠶᠢᠴᠠᠭᠠᠵᠤ᠂ ᠣᠯᠠᠨ ᠲᠠᠯ᠎ᠠ ᠪᠠᠷ ᠪᠠᠶᠢᠴᠠᠭᠠᠨ ᠰᠤᠳᠤᠯᠤᠯᠲᠠ ᠬᠢᠭᠰᠡᠨ ᠤ ᠳᠠᠷᠠᠭ᠎ᠠ ᠢᠩᠲᠣᠣᠷ ᠳᠠᠷᠢᠬᠤ ᠪᠠᠷ ᠲᠣᠭᠲᠠᠪᠠ᠂ ᠡᠨᠡ ᠵᠢᠯ ᠪᠣᠯ ᠲᠤᠰ ᠲᠠᠷᠢᠶᠠᠯᠠᠩ ᠤᠨ ᠲᠠᠯᠠᠪᠠᠢ ᠶᠢᠨ ᠢᠩᠲᠣᠣᠷ ᠲᠤᠷᠰᠢᠨ ᠳᠠᠷᠢᠵᠤ ᠪᠠᠶᠢᠭ᠎ᠠ ᠭᠤᠷᠪᠠᠳᠠᠬᠢ ᠵᠢᠯ ᠪᠣᠯᠤᠨ᠎ᠠ᠃ ᠣᠳᠣᠬᠠᠨ ᠳᠤ᠂ ᠶᠠᠩ ᠼᠦᠨ ᠤ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ ᠳᠤ ᠨᠡᠶᠢᠳᠡ 11 ᠢᠩᠲᠣᠣᠷ ᠤᠨ ᠲᠠᠷᠢᠮᠠᠯ ᠤᠨ ᠲᠤᠯᠠᠭᠠᠨ ᠬᠦᠯᠡᠮᠵᠢ ᠪᠠᠶᠢᠭᠤᠯᠵᠤ᠂ ᠲᠤᠯᠠᠭᠠᠨ ᠬᠦᠯᠡᠮᠵᠢ ᠪᠦᠷᠢ ᠳᠤ 230 ᠰᠠᠭᠤᠷᠢ ᠢᠩᠲᠣᠣᠷ ᠤᠨ ᠮᠣᠳᠣ ᠳᠠᠷᠢᠬᠰᠠᠨ ᠪᠠᠶᠢᠨ᠎ᠠ᠃ ᠢᠩᠲᠣᠣᠷ ᠤᠨ ᠮᠣᠳᠣ ᠵᠢᠯ ᠪᠦᠷᠢ ᠶᠢᠨ 9 ᠰᠠᠷ᠎ᠠ ᠠᠴᠠ ᠡᠬᠢᠯᠡᠨ ᠢᠴᠡᠭᠡᠯᠡᠬᠦ ᠬᠤᠭᠤᠴᠠᠭᠠᠨ ᠳᠤ ᠤᠷᠤᠵᠤ᠂ ᠳᠠᠷᠠᠭ᠎ᠠ ᠵᠢᠯ ᠤᠨ ᠬᠢᠨᠢ 3 ᠰᠠᠷ᠎ᠠ ᠳᠤ ᠵᠢᠮᠢᠰ ᠰᠠᠭᠤᠳᠠᠭ᠂ ᠣᠳᠣ ᠨᠢᠭᠡᠨᠲᠡ ᠵᠢᠮᠢᠰ ᠰᠠᠭᠤᠬᠤ ᠬᠤᠭᠤᠴᠠᠭᠠᠨ ᠳᠤ ᠣᠷᠣᠵᠤ᠂ ᠮᠣᠳᠣ ᠪᠦᠷᠢ ᠠᠴᠠ 50 ᠭᠠᠷᠤᠶ ᠵᠢᠩ ᠢᠩᠲᠣᠣᠷ ᠬᠤᠷᠢᠶᠠᠳᠠᠭ᠃ ᠲᠤᠬᠠᠶ ᠶᠢᠨ ᠭᠠᠵᠠᠷ ᠤᠨ ᠥᠪᠡᠷᠮᠢᠴᠡ ᠣᠨᠴᠠᠯᠢᠭ ᠪᠥᠬᠦᠶ ᠭᠠᠵᠠᠷ ᠵᠦᠶ ᠪᠠ ᠠᠭᠤᠷ ᠠᠮᠢᠰᠬᠤᠯ ᠤᠨ ᠳᠠᠪᠠᠭᠤᠯᠢᠭ ᠢ ᠠᠰᠢᠭᠯᠠᠨ᠂ ᠮᠡᠷᠭᠡᠵᠢᠯ ᠤᠨ ᠠᠵᠢᠯᠴᠢᠳ ᠨᠠᠷᠢᠨ ᠨᠢᠮᠪᠠᠶ ᠠᠷᠠᠴᠢᠯᠠᠵᠤ ᠬᠠᠮᠠᠭᠠᠯᠠᠪᠠᠯ᠂ ᠡ᠊ᠨᠳᠡᠬᠢ ᠶᠢᠨ ᠢᠩᠲᠣᠣᠷ ᠨᠢ ᠪᠤᠰᠤᠳ ᠭᠠᠵᠠᠷ ᠤᠨ ᠬᠢ ᠠᠴᠠ ᠨᠢᠭᠡ ᠰᠠᠷ᠎ᠠ ᠤᠷᠢᠳᠴᠢᠯᠠᠨ ᠵᠠᠬ᠎ᠠ ᠳᠡᠯᠭᠡᠭᠦᠷ ᠲᠤ ᠭᠠᠷᠴᠤ ᠲᠡᠶᠢᠯᠬᠦ ᠮᠥᠷᠲᠡᠭᠡᠨ ᠴᠢᠨᠠᠷ ᠰᠠᠶᠢᠲᠠᠶ᠂ ᠠᠮᠲᠠ ᠰᠢᠮ᠎ᠡ ᠲᠠᠢ ᠪᠠᠶᠢᠳᠠᠭ᠃      ︽ᠪᠢᠳᠡ ᠭᠤᠣᠯᠳᠠᠭᠤ ︿ᠮᠸᠢ ᠽᠤᠤ﹀ ᠭᠡᠬᠦ ᠢᠩᠲᠣᠣᠷ ᠤᠨ ᠳᠦᠷᠤᠯ ᠵᠦᠢᠯ ᠢ ᠳᠠᠷᠢᠵᠤ ᠪᠠᠶᠢᠨ᠎ᠠ᠂ ᠡᠨᠡ ᠵᠢᠯ ᠤᠨ ᠶᠡᠷᠦᠩᠬᠡᠶ ᠤᠨᠠᠯᠲᠠ ᠪᠠᠷᠤᠭ 4 ᠲᠦᠮᠡ ᠭᠠᠷᠤᠶ ᠵᠢᠩ ᠳᠤ ᠬᠦᠷᠴᠦ᠂ 300 ᠭᠠᠷᠤᠶ ᠲᠦᠮᠡᠨ ᠲᠥᠭᠦᠷᠢᠭ ᠤᠨ ᠠᠰᠢᠭ ᠣᠷᠣᠯᠭ᠎ᠠ ᠡᠬᠦᠳᠬᠦ ᠪᠣᠯᠤᠨ᠎ᠠ︾ ᠭᠡᠵᠦ ᠶᠠᠩ ᠼᠦᠨ ᠰᠡᠳᠬᠢᠯ ᠬᠠᠨᠤᠮᠵᠢᠲᠠᠢ ᠶᠠᠷᠢᠵᠦ ᠪᠠᠶᠢᠯ᠎ᠠ᠃    
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ