ᠵᠠᠰᠠᠭ ᠤᠨ ᠤᠷᠳᠤᠨ ᠤ ᠠᠵᠢᠯ ᠤᠨ ᠢᠯᠡᠳᠭᠡᠯ ᠢ ᠬᠡᠷᠬᠢᠨ ᠦᠢᠯᠠᠭᠠᠬᠤ ᠪᠤᠢ︖
ᠨᠡᠶᠢᠲᠡᠯᠡᠭᠰᠡᠨ ᠴᠠᠭ᠄
2023/4/23
                 ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠡᠶᠢᠬᠡᠮ ᠵᠢᠷᠤᠮᠲᠦ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠠᠳᠤᠯᠲᠠ ᠶᠢ ᠪᠠᠶᠡᠯᠡᠬᠦᠯᠬᠦ ᠶᠢ ᠳᠤᠷᠠᠳᠤᠨ ᠭᠠᠷᠭᠠᠭᠰᠡᠨ ᠪᠦᠭᠡᠳ ᠪᠦᠬᠦ ᠲᠠᠯ᠎ᠠ ᠶᠢᠨ ᠪᠠᠶᠢᠷᠢᠯᠠᠭᠤᠯᠤᠯᠲᠠ ᠶᠢ ᠬᠢᠭᠰᠡᠨ ᠪᠠᠶᠢᠨ᠎ᠠ᠃ ᠡᠨᠠ ᠵᠢᠯ ᠪᠤᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠡᠬᠢᠯᠡᠯᠲᠠ ᠶᠢᠨ ᠵᠢᠯ ᠪᠤᠯᠬᠤ ᠮᠦᠷᠲᠡᠭᠡᠨ ᠡᠯ᠎ᠠ ᠭᠠᠵᠠᠷ ᠤᠷᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠤ ᠡᠨᠡ ᠬᠦ ᠬᠠᠷᠠᠯᠲᠠ ᠶᠢ ᠬᠡᠷᠬᠢᠨ ᠪᠡᠶᠡᠯᠡᠭᠦᠯᠬᠦ ᠳᠤᠬᠠᠢ ᠤᠯᠠᠮ ᠨᠠᠷᠢᠯᠢᠭᠵᠢᠭᠤᠯᠤᠨ ᠲᠤᠭᠲᠠᠭᠠᠭᠰᠡᠨ ᠪᠠᠶᠢᠳᠠᠭ᠃ ᠢᠯᠡᠳᠭᠡᠯ ᠨᠢ ᠠᠭᠤᠯᠭ᠎ᠠ ᠶᠢᠨ ᠬᠤᠪᠢ ᠳᠤ ᠭᠤᠤᠯᠳᠠᠭᠤ ᠦᠡᠭᠭᠡᠷᠡᠭᠰᠡᠨ ᠨᠢᠭᠡ ᠵᠢᠯ ᠤᠨ ᠠᠵᠢᠯ ᠤᠨ ᠡᠷᠬᠢᠴᠡᠭᠦᠯᠤᠯ᠂ ᠢᠷᠡᠬᠦ ᠵᠢᠯ ᠤᠨ ᠭᠤᠤᠯᠳᠠᠯᠭ᠎ᠠ ᠲᠠᠢ ᠠᠵᠢᠯ ᠤᠨ ᠳᠤᠬᠢᠷᠠᠭᠤᠯᠤᠯᠲᠠ ᠪᠡ ᠵᠠᠰᠠᠭ ᠤᠨ ᠤᠷᠳᠤᠨ ᠤ ᠲᠤᠰ ᠪᠠᠶ᠎ᠠ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠬᠦ ᠭᠤᠷᠪᠡᠨ ᠭᠡᠰᠡᠭ ᠠᠴᠠ ᠪᠦᠷᠢᠯᠳᠦᠬᠦ ᠶᠢᠨ ᠬᠠᠮᠲᠦ ᠪᠦᠬᠦ ᠵᠢᠯ ᠤᠨ ᠵᠠᠰᠠᠭ ᠤᠨ ᠤᠷᠳᠤᠨ ᠤ ᠠᠵᠢᠯ ᠤᠨ ᠪᠠᠶᠢᠷᠢᠯᠠᠭᠤᠯᠤᠯᠲᠠ ᠨᠢ ᠢᠯᠡᠳᠭᠡᠯ ᠳᠤ ᠲᠤᠭᠲᠠᠭᠠᠭᠰᠡᠨ ᠬᠠᠷᠠᠯᠲᠠ ᠪᠠᠷ ᠦᠨᠳᠦᠰᠦ ᠪᠠᠨ ᠪᠤᠯᠭᠠᠳᠠᠭ᠃             ᠴᠢᠩᠬᠤᠸᠠ ᠶᠡᠭᠡ ᠰᠤᠷᠭᠠᠭᠤᠯᠢ ᠶᠢᠨ ᠪᠠᠭᠰᠢ ᠬᠠᠨ ᠰᠢᠦ ᠶᠦᠨ ︽ᠠᠵᠦ ᠠᠬᠤᠢ ᠶᠢᠨ ᠬᠤᠷᠸ᠎ᠠ ᠳᠤᠬᠢᠷᠠᠭᠤᠯᠤᠯᠲᠠ︾ ᠬᠡᠬᠦ ᠨᠤᠮ ᠳᠠᠭᠠᠨ ᠵᠠᠰᠠᠭ ᠤᠨ ᠤᠷᠳᠤᠨ ᠨᠢ ᠠᠵᠦ ᠠᠬᠤᠢ ᠶᠢᠨ ᠬᠦᠭᠵᠢᠯᠲᠠ ᠳᠤᠮᠳᠠ ᠭᠤᠤᠯᠳᠠᠭᠤ ᠠᠵᠦ ᠠᠬᠤᠢ ᠶᠢᠨ ᠲᠤᠭᠲᠠᠭᠤᠨ ᠬᠦᠭᠵᠢᠯᠲᠠ ᠶᠢ ᠪᠠᠲᠤᠯᠠᠬᠤ᠂ ᠨᠡᠶᠢᠲᠠ ᠶᠢᠨ ᠦᠢᠯᠡᠴᠢᠯᠡᠭᠡ ᠶᠢ ᠬᠠᠨᠭ᠍ᠭᠠᠬᠤ᠂ ᠡᠷᠬᠡ ᠳᠡᠭᠰᠢ ᠦᠷᠢᠰᠦᠯᠳᠦᠬᠦ ᠨᠦᠬᠦᠴᠡᠯ ᠢ ᠪᠠᠲᠤᠯᠬᠠᠤ ᠪᠡ ᠤᠷᠤᠯᠭ᠎ᠠ ᠶᠢᠨ ᠳᠠᠬᠢᠨ ᠬᠤᠪᠢᠶᠠᠷᠢᠯᠠᠯᠲᠠ ᠶᠢ ᠰᠢᠢᠳᠪᠤᠷᠢᠯᠡᠬᠦ ᠵᠡᠷᠭᠡ ᠳᠦᠷᠪᠡᠨ ᠲᠠᠯ᠎ᠠ ᠶᠢᠨ ᠦᠢᠯᠡᠳᠦᠯ ᠦᠵᠡᠭᠦᠯᠵᠦ ᠪᠠᠶᠢᠳᠠᠭ ᠭᠡᠮᠡᠨ ᠵᠢᠭᠠᠵᠦ ᠭᠠᠷᠭᠠᠪᠡ᠃ ᠲᠡᠭᠡᠪᠡᠯ ᠵᠠᠰᠠᠭ ᠤᠨ ᠤᠷᠳᠤᠨ ᠬᠡᠷᠬᠢᠨ ᠳᠠᠭᠡᠷ᠎ᠠ ᠳᠤᠷᠠᠳᠤᠭᠰᠡᠨ ᠦᠢᠯᠡᠳᠦᠯ ᠴᠢᠳᠠᠪᠬᠢ ᠪᠠᠨ ᠪᠠᠳᠠᠷᠠᠭᠤᠯᠳᠠᠭ ᠢ ᠤᠶᠢᠯᠠᠭᠠᠶ᠎ᠠ ᠭᠡᠪᠡᠯ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠢ ᠤᠶᠢᠯᠠᠭᠠᠬᠤ ᠴᠢᠬᠤᠯᠨ ᠲᠠᠢ᠃ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠤ ᠭᠤᠤᠯᠳᠠᠭᠤ ᠵᠠᠰᠠᠭ ᠤᠨ ᠤᠷᠳᠤᠨ ᠤ ᠠᠵᠢᠯ ᠤᠨ ᠪᠠᠶᠢᠷᠢᠯᠠᠭᠤᠯᠤᠯᠲᠠ ᠶᠢ ᠲᠤᠭᠲᠠᠭᠠᠳᠠᠭ ᠤᠴᠢᠷ ᠠᠴᠠ ᠢᠯᠡᠳᠭᠡᠯ ᠢ ᠪᠦᠷᠢᠨ ᠪᠦᠲᠦᠨ᠂ ᠵᠦᠪ ᠤᠨᠤᠪᠴᠢᠲᠠᠢ ᠤᠶᠢᠯᠠᠭᠠᠶ᠎ᠠ ᠭᠡᠪᠡᠯ ᠳᠤᠤᠷᠠᠬᠢ ᠬᠡᠳᠦᠨ ᠲᠠᠯ᠎ᠠ ᠠᠴᠠ ᠭᠠᠷᠳᠠᠬᠤ ᠴᠢᠬᠤᠯᠨ ᠲᠠᠢ᠃          ᠨᠢᠭᠡ ᠳᠤ᠂ ᠢᠯᠡᠳᠭᠡᠯ ᠲᠤᠲᠤᠷᠡᠬᠢ ᠠᠵᠦ ᠠᠬᠤᠢ ᠶᠢᠨ ᠬᠦᠭᠵᠢᠯᠲᠠ ᠳᠤ ᠬᠤᠯᠪᠤᠬᠳᠠᠭᠰᠠᠨ ᠨᠠᠷ᠎ᠠ ᠲᠤᠮᠢᠶ᠎ᠠ ᠶᠢ ᠤᠶᠢᠯᠠᠭᠠᠬᠤ ᠴᠢᠬᠤᠯᠨ ᠲᠠᠢ᠃ ᠢᠯᠡᠳᠭᠡᠯ ᠤᠨ ᠨᠢᠭᠡᠳᠦᠭᠡᠷ ᠭᠡᠰᠡᠭ ᠲᠤ ᠶᠡᠷᠦ ᠳᠡᠭᠡᠨ ᠠᠵᠦ ᠠᠬᠤᠢ ᠶᠢᠨ ᠬᠦᠭᠵᠢᠯᠲᠠ ᠪᠡ ᠬᠡᠮᠵᠢᠶ᠎ᠠ ᠲᠠᠢ ᠬᠤᠯᠪᠤᠭᠳᠠᠬᠰᠠᠨ ᠲᠤᠭ᠎ᠠ ᠮᠠᠭᠠᠳ ᠢ ᠨᠡᠶᠢᠲᠡᠯᠡᠭᠰᠡᠨ ᠪᠠᠶᠢᠳᠠᠭ᠃ ᠡᠭᠦᠨ ᠳᠤ ᠤᠯᠤᠰ᠂ ᠭᠠᠵᠠᠷ ᠤᠷᠤᠨ ᠤ ᠠᠵᠦ ᠠᠬᠤᠢ ᠶᠢᠨ ᠬᠦᠭᠵᠢᠯᠲᠠ ᠶᠢᠨ ᠬᠢᠷᠢ ᠬᠡᠮᠵᠢᠶ᠎ᠠ ᠶᠢ ᠲᠤᠰᠬᠠᠭᠰᠡᠨ ᠦᠢᠯᠡᠳᠪᠤᠷᠢᠯᠠᠯ ᠤᠨ ᠶᠡᠷᠦᠩᠭᠡᠢ ᠦᠷᠲᠡᠭ ᠪᠡ ᠨᠡᠮᠡᠭᠳᠡᠯ ᠤᠨ ᠬᠡᠮᠵᠢᠶ᠎ᠠ᠂ ᠬᠤᠷᠸ᠎ᠠ ᠠᠵᠦ ᠠᠬᠤᠢ ᠶᠢᠨ ᠬᠦᠭᠵᠢᠯᠲᠠ ᠶᠢᠨ ᠪᠠᠶᠢᠳᠠᠯ ᠢ ᠲᠤᠰᠬᠠᠭᠰᠡᠨ ᠬᠦᠮᠦᠨ ᠳᠤᠮᠳᠠᠴᠢ ᠶᠢᠨ ᠦᠢᠯᠡᠳᠪᠤᠷᠢᠯᠠᠯ ᠤᠨ ᠦᠷᠲᠡᠭ᠂ ᠵᠠᠰᠠᠭ ᠤᠨ ᠤᠷᠳᠤᠨ ᠤ ᠳᠦᠷᠪᠡᠨ ᠲᠠᠯ᠎ᠠ ᠶᠢᠨ ᠤᠷᠤᠯᠭ᠎ᠠ ᠶᠢ ᠪᠠᠭᠲᠠᠭᠠᠭᠰᠡᠨ ᠡᠩ ᠤᠨ ᠤᠯᠠᠨ ᠨᠡᠶᠢᠲᠠ ᠶᠢᠨ ᠲᠦᠰᠦᠪ ᠤᠨ ᠤᠷᠤᠯᠭ᠎ᠠ᠂ ᠠᠵᠦ ᠠᠬᠤᠶᠢᠯᠠᠯ ᠤᠨ ᠳᠠᠬᠢᠨ ᠤᠶᠢᠯᠡᠳᠪᠤᠷᠢᠯᠠᠯ ᠤᠨ ᠬᠦᠭᠵᠢᠯᠲᠠ ᠶᠢᠨ ᠬᠡᠮᠵᠢᠶ᠎ᠠ ᠶᠢ ᠲᠤᠰᠬᠠᠬᠰᠡᠨ ᠲᠤᠭᠲᠠᠮᠠᠯ ᠬᠦᠷᠦᠩᠭᠡ ᠶᠢᠨ ᠪᠡᠯᠨ ᠤᠷᠤᠭᠤᠯᠤᠯᠲᠠ ᠪᠡ ᠠᠷᠠᠳ ᠤᠨ ᠬᠡᠷᠡᠭᠯᠡᠭᠡ ᠶᠢᠨ ᠬᠡᠮᠵᠢᠶ᠎ᠠ ᠶᠢ ᠲᠤᠰᠬᠠᠭᠰᠡᠨ ᠨᠡᠶᠢᠬᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠭᠰᠡᠨ ᠲᠤᠭ᠎ᠠ ᠬᠡᠮᠵᠢᠶ᠎ᠠ ᠪᠠᠭᠲᠠᠳᠠᠭ᠃ ᠡᠳᠡᠭᠡᠷ ᠲᠤᠭ᠎ᠠ ᠮᠠᠭᠠᠳ ᠠᠴᠠ ᠪᠢᠳᠠ ᠦᠡᠭᠭᠡᠷᠡᠭᠰᠡᠨ ᠨᠢᠭᠡ ᠵᠢᠯ ᠤᠨ ᠠᠵᠦ ᠠᠬᠤᠢ ᠶᠢᠨ ᠬᠦᠭᠵᠢᠯᠲᠠ ᠶᠢᠨ ᠪᠠᠶᠢᠳᠠᠯ ᠢ ᠤᠶᠢᠯᠠᠭᠠᠨ ᠮᠡᠳᠡᠬᠦ ᠪᠦᠭᠡᠳ ᠢᠷᠡᠬᠦ ᠵᠢᠯ ᠤᠨ ᠠᠵᠢᠯ ᠤᠨ ᠳᠤᠬᠢᠷᠠᠭᠤᠯᠤᠯᠲᠠ ᠶᠢᠨ ᠦᠨᠳᠦᠰᠦᠯᠡᠯ ᠪᠤᠯᠭᠠᠳᠠᠭ᠃ ᠢᠯᠡᠳᠭᠡᠯ ᠤᠨ ᠬᠤᠶᠠᠳᠤᠭᠠᠷ ᠭᠡᠰᠡᠭ ᠲᠤ ᠢᠷᠡᠬᠦ ᠵᠢᠯ ᠤᠨ ᠠᠵᠦ ᠠᠬᠤᠢ ᠨᠡᠶᠢᠭᠡᠮ ᠤᠨ ᠬᠦᠭᠵᠢᠯᠲᠠ ᠶᠢᠨ ᠭᠤᠤᠯ ᠵᠢᠱᠢᠭᠰᠡᠨ ᠬᠠᠷᠠᠯᠲᠠ ᠶᠢ ᠲᠤᠭᠲᠠᠭᠠᠳᠠᠭ᠃          ᠬᠤᠶᠠᠷ ᠲᠤ᠂ ᠬᠠᠨᠭ᠍ᠭᠠᠯᠭ᠎ᠠ ᠬᠡᠷᠡᠭᠴᠡᠭᠡ ᠶᠢᠨ ᠲᠠᠯ᠎ᠠ ᠪᠠᠷ᠂ ᠬᠠᠨᠭ᠍ᠭᠠᠯᠭ᠎ᠠ ᠶᠢᠨ ᠲᠠᠯ᠎ᠠ ᠠᠴᠠ ᠠᠪᠴᠦ ᠦᠵᠡᠪᠡᠯ᠂ ᠤᠯᠤᠰ ᠠᠷᠠᠳ ᠤᠨ ᠠᠵᠦ ᠠᠬᠤᠢ ᠶᠢ ᠭᠤᠤᠯᠳᠠᠭᠤ ᠨᠢᠭᠡᠳᠦᠭᠡᠷ᠂ ᠬᠤᠶᠠᠳᠤᠭᠠᠷ ᠪᠡ ᠭᠤᠷᠪᠠᠳᠤᠭᠠᠷ ᠠᠵᠦ ᠦᠢᠯᠠᠰ ᠭᠡᠮᠡᠨ ᠭᠤᠷᠪᠡᠨ ᠲᠦᠷᠦᠯ ᠵᠦᠢᠯ ᠳᠤ ᠬᠤᠪᠢᠶᠠᠳᠠᠭ᠃ ᠡᠭᠦᠨ ᠤ ᠲᠤᠳᠤᠷ᠎ᠠ ᠪᠠᠨ ᠨᠢᠭᠡᠳᠦᠭᠡᠷ ᠠᠵᠦ ᠤᠶᠢᠯᠠᠰ ᠲᠤ ᠭᠤᠤᠯᠳᠠᠭᠤ ᠲᠠᠷᠢᠮᠠᠯ᠂ ᠲᠠᠷᠢᠶᠠᠯᠠᠩ ᠮᠠᠯ ᠠᠵᠦ ᠠᠬᠤᠢ᠂ ᠤᠰᠤᠨ ᠭᠠᠷᠤᠯᠲᠠ ᠵᠡᠷᠭᠡ ᠪᠠᠭᠲᠠᠳᠠᠭ᠃ ᠬᠤᠶᠠᠳᠤᠭᠠᠷ ᠠᠵᠦ ᠦᠢᠯᠠᠰ ᠨᠢ ᠨᠢᠭᠡᠳᠦᠭᠡᠷ ᠠᠵᠦ ᠦᠢᠯᠠᠰ ᠢᠶᠠᠷ ᠰᠠᠭᠤᠷᠢᠯᠠᠨ᠂ ᠨᠢᠭᠡᠳᠦᠭᠡᠷ ᠠᠵᠦ ᠦᠢᠯᠠᠰ ᠢᠶᠠᠷ ᠭᠤᠤᠯ ᠲᠦᠭᠦᠭᠡᠢ ᠮᠠᠲ᠋ᠧᠷᠢᠶᠠᠯ ᠪᠤᠯᠭᠠᠨ ᠳᠠᠬᠢᠨᠳᠠ ᠦᠢᠯᠡᠳᠪᠤᠷᠢᠯᠠᠯ ᠬᠢᠳᠡᠭ ᠠᠵᠦ ᠤᠶᠢᠯᠠᠰ ᠪᠤᠯᠤᠨ᠎ᠠ᠃  ᠭᠤᠷᠪᠠᠳᠤᠭᠠᠷ ᠠᠵᠦ ᠦᠢᠯᠠᠰ ᠨᠢ ᠠᠷᠠᠳ ᠤᠨ ᠦᠢᠯᠡᠴᠢᠯᠡᠭᠡᠨ ᠤ ᠬᠠᠨᠭ᠍ᠭᠠᠯᠭ᠎ᠠ ᠶᠢ ᠪᠠᠲᠤᠯᠠᠨ᠂ ᠡᠭᠦᠨ ᠳᠤ ᠭᠤᠤᠯᠳᠠᠭᠤ ᠵᠠᠮ ᠨᠡᠪᠲᠡᠷᠡᠯᠭᠡ᠂ ᠰᠢᠥᠳᠡᠨ ᠴᠢᠮᠡᠭᠡ᠂ ᠰᠤᠷᠭᠠᠨ ᠬᠦᠮᠦᠵᠢᠯ᠂ ᠢᠳᠡᠭᠡᠨ ᠤᠮᠳᠠᠭᠠᠨ ᠵᠡᠷᠭᠡ ᠶᠢ ᠪᠠᠭᠲᠠᠭᠠᠳᠠᠭ᠃ ᠬᠡᠷᠡᠭᠴᠡᠭᠡᠨ ᠤ ᠲᠠᠯ᠎ᠠ ᠠᠴᠠ ᠠᠪᠴᠦ ᠦᠵᠡᠪᠡᠯ᠂ ᠲᠠᠷᠨ ᠨᠢ ᠭᠤᠤᠯᠳᠠᠭᠤ ᠬᠡᠷᠡᠭᠯᠡᠭᠴᠢᠳ ᠤᠨ ᠬᠡᠷᠡᠭᠯᠡᠭᠡ᠂ ᠪᠡᠯᠨ ᠤᠷᠤᠭᠤᠯᠤᠯᠲᠠ ᠪᠡ ᠭᠠᠳᠠᠭᠠᠳᠤ ᠭᠠᠷᠭᠠᠯᠲᠠ ᠠᠴᠠ ᠪᠦᠷᠢᠯᠳᠦᠵᠦ᠂ ᠠᠵᠦ ᠠᠬᠤᠢ ᠶᠢᠨ ᠦᠰᠦᠯᠲᠠ ᠶᠢ ᠰᠢᠭᠤᠳ ᠨᠦᠯᠦᠭᠡᠯᠡᠬᠦ ᠭᠤᠷᠪᠡᠨ ᠶᠡᠭᠡ ᠬᠦᠴᠦᠨ ᠪᠤᠯᠳᠠᠭ ᠪᠠᠶᠢᠨ᠎ᠠ᠃ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠤ ᠬᠠᠨᠭ᠍ᠭᠠᠯᠭ᠎ᠠ ᠬᠡᠷᠡᠭᠴᠡᠭᠡ ᠶᠢᠨ ᠬᠠᠷᠠᠯᠲᠠ ᠶᠢ ᠭᠤᠤᠯᠳᠠᠭᠤ ᠢᠷᠡᠬᠦ ᠵᠢᠯ ᠤᠨ ᠭᠤᠤᠯᠳᠠᠯᠭ᠎ᠠ ᠲᠠᠢ ᠠᠵᠢᠯ ᠤᠨ ᠳᠤᠬᠢᠷᠠᠭᠤᠯᠤᠯᠲᠠ ᠳᠤ ᠪᠠᠶᠢᠷᠢᠯᠠᠭᠤᠯᠳᠠᠭ ᠪᠤᠯᠬᠤᠷ ᠢᠶᠠᠨ ᠪᠢᠳᠠ ᠡᠨᠡ ᠬᠦ ᠭᠡᠰᠡᠭ ᠢ ᠡᠶᠢᠮᠦᠷᠬᠦᠦ ᠬᠤᠶᠠᠷ ᠬᠡᠰᠡᠭ ᠲᠤ ᠬᠤᠪᠢᠶᠠᠷᠢᠯᠠᠨ ᠤᠶᠢᠯᠠᠭᠠᠵᠦ ᠪᠤᠯᠤᠨ᠎ᠠ᠃         ᠭᠤᠷᠪᠡ ᠳᠤ᠂ ᠠᠵᠦ ᠠᠬᠤᠢ ᠶᠢᠨ ᠬᠦᠭᠵᠢᠯᠲᠠ ᠶᠢ ᠨᠦᠯᠦᠭᠡᠯᠡᠬᠦ ᠡᠯᠧᠮᠧᠨ᠋ᠲ ᠲᠤ ᠭᠤᠤᠯᠳᠠᠭᠤ ᠪᠡᠯᠨ ᠤᠷᠤᠭᠤᠯᠤᠯᠲᠠ᠂ ᠬᠦᠮᠦᠨ ᠤ ᠬᠦᠴᠦ᠂ ᠪᠠᠶᠢᠭᠠᠯᠢ ᠶᠢᠨ ᠡᠬᠢ ᠪᠠᠶᠠᠯᠢᠭ᠂ ᠰᠢᠠᠵᠢᠯᠡᠬᠦ ᠤᠬᠠᠭᠠᠨ ᠲᠧᠭᠨᠢᠭ ᠮᠡᠷᠭᠡᠵᠢᠯ ᠪᠠᠭᠲᠠᠳᠠᠭ᠃ ᠤᠶᠢᠷ᠎ᠠ ᠶᠢᠨ ᠬᠡᠳᠦᠨ ᠵᠢᠯ ᠤᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠠᠴᠠ ᠠᠪᠴᠦ ᠦᠵᠡᠪᠡᠯ᠂ ᠰᠢᠠᠵᠢᠯᠡᠬᠦ ᠤᠬᠠᠭᠠᠨ ᠮᠡᠷᠭᠡᠵᠢᠯ ᠤᠨ ᠠᠵᠦ ᠠᠬᠤᠢ ᠶᠢᠨ ᠬᠦᠭᠵᠢᠯᠲᠠ ᠳᠤ ᠨᠦᠯᠦᠭᠡᠯᠡᠬᠦ ᠬᠦᠴᠦ ᠶᠢ ᠶᠠᠪᠤᠬᠤ ᠲᠤᠳᠤᠮ ᠴᠢᠬᠤᠯᠠᠴᠢᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠳᠤ ᠴᠢᠳᠠᠪᠤᠷᠢᠲᠡᠨ᠂ ᠰᠢᠠᠵᠢᠯᠡᠬᠦ ᠤᠬᠠᠭᠠᠨ ᠮᠡᠷᠭᠡᠵᠢᠯ ᠢ ᠬᠦᠭᠵᠢᠭᠦᠯᠬᠦ ᠲᠠᠯ᠎ᠠ ᠪᠠᠷ ᠲᠤᠰᠬᠠᠢ ᠠᠩᠭᠢᠴᠢᠯᠠᠨ ᠭᠠᠷᠭᠠᠵᠦ ᠪᠤᠳᠠᠳᠠᠢ ᠱᠠᠭᠠᠷᠳᠠᠯᠭ᠎ᠠ ᠳᠤᠷᠠᠳᠤᠨ ᠭᠠᠷᠭᠠᠭᠰᠡᠨ ᠪᠦᠭᠡᠳ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠤ ᠴᠦ ᠨᠢᠭᠡ ᠵᠢᠯ ᠤᠨ ᠲᠤᠷᠰᠢᠬᠢ ᠤᠯᠤᠭᠰᠡᠨ ᠠᠮᠵᠢᠯᠲᠠ ᠶᠢ ᠰᠢᠠᠵᠢᠯᠡᠬᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠬᠦ ᠨᠠᠷ᠎ᠠ ᠶᠢᠨ ᠵᠢᠬᠰᠠᠭᠠᠯᠲᠠ᠂ ᠠᠵᠦ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ᠂ ᠵᠠᠩᠭᠢᠯᠠᠭ᠎ᠠ ᠶᠢᠨ ᠴᠢᠨᠠᠷᠲᠡᠢ ᠮᠡᠷᠭᠡᠵᠢᠯ ᠤᠨ ᠠᠬᠢᠴᠨ ᠪᠡ ᠴᠢᠳᠠᠪᠤᠷᠢᠲᠠᠨ ᠤ ᠤᠷᠢᠨ ᠤᠷᠤᠭᠤᠯᠤᠯᠲᠠ ᠬᠡᠬᠦ ᠲᠠᠯ᠎ᠠ ᠠᠴᠠ ᠬᠤᠷᠢᠶᠠᠩᠭᠤᠶᠢᠯᠠᠨ ᠳ᠋ᠦᠡᠭᠨᠡᠭᠰᠡᠨ ᠪᠠᠶᠢᠳᠠᠭ᠃ ᠵᠢᠱᠢᠶᠠᠯᠡᠪᠡᠯ᠂ ᠡᠨᠠ ᠵᠢᠯ ᠤᠨ ᠬᠤᠲᠠ ᠶᠢᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠤ ᠮᠠᠨ ᠤ ᠬᠤᠲᠠ ᠪᠦᠬᠦ ᠤᠯᠤᠰ ᠤᠨ ᠰᠢᠠᠵᠢᠯᠡᠬᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠬᠦ ᠵᠠᠭᠤᠨ ᠬᠦᠴᠦᠷᠭᠡᠭ ᠬᠤᠲᠠ ᠶᠢᠨ ᠡᠩᠨᠡᠭᠡᠨ ᠳᠤ ᠤᠷᠤᠵᠦ᠂ 2 ᠠᠺᠠᠳᠧᠮᠢᠴᠢ ᠶᠢ ᠤᠷᠢᠨ ᠠᠪᠴᠢᠷᠠᠵᠦ᠂ ᠠᠺᠠᠳᠧᠮᠢᠴᠢ ᠪᠠᠶᠢᠬᠤ ᠦᠭᠡᠢ ᠰᠢᠪᠳᠤᠯᠤᠯᠳᠡ ᠶᠢ ᠪᠡᠶᠡᠯᠡᠭᠦᠯᠪᠡ᠃           ᠳᠦᠷᠪᠡ ᠳᠤ᠂ ᠨᠡᠶᠢᠲᠠ ᠶᠢᠨ ᠦᠢᠯᠡᠴᠢᠯᠡᠭᠡ ᠶᠢ ᠬᠠᠨᠭ᠍ᠭᠠᠬᠤ ᠲᠠᠯ᠎ᠠ ᠪᠠᠷ᠂ ᠠᠵᠢᠯ ᠤᠯᠭᠤᠯᠲᠠ ᠶᠢᠨ ᠨᠤᠷᠮ᠎ᠠ ᠶᠢ ᠳᠡᠭᠡᠭᠰᠢᠯᠡᠭᠦᠯᠬᠦ᠂ ᠡᠮ ᠡᠮᠨᠡᠯᠭᠡ᠂ ᠰᠤᠶᠤᠯ ᠰᠤᠷᠭᠠᠨ ᠬᠦᠮᠦᠵᠢᠯ᠂ ᠵᠠᠮ ᠨᠡᠪᠲᠡᠷᠡᠯᠬᠡ᠂ ᠠᠮᠢ ᠠᠬᠤᠢ ᠤᠷᠴᠢᠨ ᠲᠤᠭᠤᠷᠢᠨ᠂ ᠤᠯᠤᠰ ᠤᠨ ᠪᠠᠲᠤᠯᠠᠨ ᠬᠠᠮᠠᠭᠠᠯᠠᠯᠲᠠ ᠵᠡᠷᠭᠡ ᠪᠠᠭᠲᠠᠳᠠᠭ᠃ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠤ ᠡᠨᠡ ᠬᠦ ᠲᠠᠯ᠎ᠠ ᠶᠢᠨ ᠠᠭᠤᠯᠭ᠎ᠠ ᠶᠢ ᠭᠤᠤᠯᠳᠠᠭᠤ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠠᠭᠤᠯᠭ᠎ᠠ ᠳᠤ ᠤᠷᠤᠭᠤᠯᠤᠭᠰᠡᠨ ᠪᠠᠶᠢᠳᠠᠭ᠃ ᠵᠢᠱᠢᠶᠡᠯᠡᠪᠡᠯ᠂ ᠡᠨᠠ ᠵᠢᠯ ᠤᠨ ᠬᠤᠲᠠ ᠶᠢᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠤ ᠠᠵᠢᠯ ᠤᠯᠭᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠦ᠂ ᠬᠤᠲᠠ ᠪᠠᠯᠭᠠᠰᠤᠨ ᠤ1.8 ᠲᠦᠮᠡᠨ ᠬᠦᠮᠦᠨ ᠳᠤ ᠰᠢᠨ᠎ᠠ ᠪᠠᠷ ᠠᠵᠢᠯ ᠤᠯᠭᠤᠨ᠎ᠠ ᠬᠡᠵᠡᠢ᠃          ᠵᠠᠰᠠᠭ ᠤᠨ ᠤᠷᠳᠤᠨ ᠤ ᠠᠵᠢᠯ ᠤᠨ ᠢᠯᠡᠳᠭᠡᠯ ᠨᠢ ᠠᠭᠤᠯᠭ᠎ᠠ ᠶᠢᠨ ᠲᠠᠯ᠎ᠠ ᠪᠠᠷ ᠭᠤᠤᠯᠳᠠᠭᠤ ᠠᠵᠦ ᠠᠬᠤᠢ ᠲᠠᠢ ᠨᠢᠬᠲᠠ ᠬᠤᠯᠪᠤᠭᠳᠠᠭᠰᠡᠨ ᠪᠠᠶᠢᠳᠠᠭ ᠤᠴᠢᠷ ᠠᠴᠠ ᠠᠵᠦ ᠠᠬᠤᠢ ᠶᠢᠨ ᠲᠠᠯ᠎ᠠ ᠶᠢᠨ ᠬᠠᠷᠠᠭᠠᠰᠦ ᠠᠴᠠ ᠵᠠᠳᠠᠯᠤᠯᠲᠠ ᠬᠢᠪᠡᠯ ᠤᠶᠢᠯᠠᠭᠠᠬᠤ ᠳᠤ ᠠᠮᠠᠷᠬᠠᠨ ᠪᠠᠶᠢᠳᠠᠭ᠃             
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ