| ᠤᠢᠢᠷ᠎ᠠ ᠶᠢᠨ ᠵᠢᠯ ᠠᠴᠠ ᠨᠠᠭᠠᠰᠢ᠂ ᠳᠠᠯᠠᠳ ᠬᠤᠰᠢᠭᠤᠨ ᠤ ᠹᠧᠩ ᠱᠦᠢ ᠯᠢᠶᠠᠩ ᠪᠠᠯᠭᠠᠰᠤ ᠶᠢᠨ ᠱᠢ ᠵᠢᠶᠠᠩ ᠶᠣᠣ ᠲᠣᠰᠬᠤᠨ ᠨᠠᠮ ᠤᠨ ᠪᠠᠶᠢᠭᠤᠯᠤᠯᠲᠠ ᠪᠠᠷ | ᠬᠦᠳᠦᠯᠦᠨ ᠳᠠᠭᠠᠭᠤᠯᠬᠤ ᠶᠢ ᠢᠮᠠᠭᠲᠠ ᠪᠠᠷᠢᠮᠲᠠᠯᠠᠵᠤ᠂ ᠬᠠᠷᠢᠶᠠᠲᠤ ᠣᠷᠣᠨ ᠤ ᠳᠣᠲᠣᠷ᠎ᠠ ᠠᠭᠤᠷᠬᠠᠶ ᠶᠢᠨ ᠣᠷᠣᠨ ᠲᠥᠪᠯᠡᠷᠡᠭᠰᠡᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠲᠣᠰᠬᠤᠨ ᠤ ᠱᠠᠲᠤᠨ ᠤ ᠬᠥᠳᠡᠯᠮᠦᠷᠢ ᠦᠢᠯᠡᠴᠢᠯᠡᠭᠡᠨ ᠤ ᠺᠣᠮᠫᠠᠨᠢ ᠶᠢ ᠵᠣᠬᠢᠶᠠᠨ ᠪᠠᠶᠢᠭᠤᠯᠬᠤ ᠪᠠᠷ ᠳᠠᠮᠵᠢᠭᠤᠯᠵᠥ᠂ ᠲᠣᠰ ᠲᠣᠰᠬᠤᠨ ᠤ | ᠬᠠᠷᠢᠶᠠᠲᠤ ᠣᠷᠣᠨ ᠤ ᠠᠵᠤ ᠠᠬᠤᠶᠢᠯᠠᠯ ᠲᠠᠢ ᠬᠤᠯᠪᠣᠭᠠᠯᠠᠨ᠂ ︽ᠨᠠᠮ ᠤᠨ ᠪᠠᠶᠢᠭᠤᠯᠤᠯᠲᠠ + ᠺᠣᠮᠫᠠᠨᠢ + ᠠᠵᠤ ᠠᠬᠤᠶᠢᠯᠠᠯ + ᠲᠠᠷᠢᠶᠠᠴᠢᠨ ᠡᠷᠦᠬᠡ︾ | ᠳᠥᠷᠪᠡ ᠶᠢ ᠨᠢᠭᠡ ᠴᠤᠭᠴᠠᠵᠢᠭᠤᠯᠤᠭᠰᠠᠨ ᠬᠥᠭᠵᠢᠯᠲᠡ ᠶᠢᠨ ᠵᠠᠭᠪᠤᠷ ᠢ ᠬᠡᠷᠡᠭᠵᠢᠭᠦᠯᠵᠥ᠂ ᠲᠣᠰᠬᠤᠨ ᠤ ᠬᠠᠮᠲᠤ ᠶᠢᠨ ᠠᠵᠤ ᠠᠬᠤᠶ ᠶᠢ ᠪᠥᠬᠦ ᠬᠦᠴᠦᠨ ᠢᠶᠠᠷ ᠢᠶᠠᠨ | ᠬᠥᠭᠵᠢᠭᠦᠯᠤᠨ᠂ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠵᠥ᠂ ︽ᠭᠠᠳᠠᠨ᠎ᠠ ᠠᠴᠠ ᠴᠢᠰᠤ ᠶᠡᠭᠦᠯᠡᠵᠦ︾ ᠪᠠᠶᠢᠭᠰᠠᠨ ᠠᠴᠠ ᠪᠠᠨ ︽ᠥᠪᠡᠷ ᠢᠶᠠᠨ | ᠴᠢᠰᠤ ᠪᠦᠲᠦᠭᠡᠬᠦ︾ ᠳᠠᠶᠢᠰᠢ ᠰᠢᠯᠵᠢᠬᠦ ᠵᠠᠮ ᠢᠶᠠᠷ ᠵᠠᠮᠨᠠᠵᠤ᠂ ᠲᠣᠰᠬᠤᠨ ᠠᠵᠤ ᠠᠬᠤᠶᠢᠯᠠᠯ ᠤᠯᠠᠨ ᠳᠦᠮᠡᠨ ᠭᠤᠷᠪᠠᠨ ᠲᠠᠯ᠎ᠠ ᠶᠢᠨ ᠠᠰᠢᠭ ᠭᠥᠷᠳᠡᠬᠦ ᠰᠢᠨ᠎ᠡ | ᠪᠠᠶᠢᠳᠠᠯ ᠢ ᠪᠣᠶ ᠪᠣᠯᠭᠠᠵᠠᠢ᠃ | 2022 ᠣᠨ ᠤ 3 ᠰᠠᠷ᠎ᠠ ᠳᠤ ᠱᠢ ᠵᠢᠶᠠᠩ ᠶᠣᠣ ᠲᠣᠰᠬᠤᠨ ᠬᠥᠳᠡᠯᠮᠦᠷᠢ ᠦᠢᠯᠡᠴᠢᠯᠡᠭᠡᠨ ᠤ ᠺᠣᠮᠫᠠᠨᠢ ᠶᠢ ᠪᠠᠶᠢᠭᠤᠯᠪᠠ᠃ ᠱᠢ ᠵᠢᠶᠠᠩ ᠶᠣᠣ | ᠲᠣᠰᠬᠤᠨ ᠤ ᠬᠢᠨ ᠬᠠᠷᠢᠶᠠᠳᠤ ᠣᠷᠣᠨ ᠳᠠᠬᠢ ᠠᠵᠤ ᠠᠬᠤᠶᠢᠯᠠᠯ ᠢ ᠪᠦᠬᠦ ᠲᠠᠯ᠎ᠠ ᠪᠠᠷ ᠣᠶᠢᠯᠠᠭᠠᠵᠤ᠂ ᠠᠵᠤ ᠠᠬᠤᠶᠢᠯᠠᠯ ᠤᠨ ᠬᠡᠷᠡᠭᠴᠡᠭᠡ ᠪᠠᠷ ᠰᠢᠪᠲᠤᠯᠤᠯᠲᠠ ᠶᠢᠨ | ᠴᠡᠭ ᠪᠣᠯᠭᠠᠨ᠂ ᠠᠵᠤ ᠠᠬᠤᠶᠢᠯᠠᠯ ᠤᠨ ᠬᠤᠭ ᠨᠣᠪᠰᠢ ᠶᠢ ᠴᠡᠪᠡᠷᠯᠡᠬᠦ ᠪᠠ ᠠᠮᠢᠳᠤᠷᠠᠯ ᠤᠨ ᠬᠤᠭ ᠨᠣᠪᠰᠢ ᠶᠢ ᠴᠡᠪᠡᠷᠯᠡᠨ ᠵᠥᠭᠡᠭᠡᠪᠦᠷᠢᠯᠡᠬᠦ ᠲᠤᠬᠠᠶᠢᠯᠠᠭᠰᠠᠨ ᠠᠵᠢᠯ ᠢ | ᠬᠦᠯᠢᠶᠡᠨ ᠠᠪᠴᠤ ᠪᠡᠶᠡᠯᠡᠭᠦᠯᠪᠡ᠃ ︽2022 ᠣᠨ ᠤ ᠡᠴᠦᠰ ᠪᠣᠯᠲᠠᠯ᠎ᠠ᠂ ᠭᠠᠴᠠᠭᠠᠨ ᠤ ᠱᠠᠲᠤᠨ ᠤ ᠬᠥᠳᠡᠯᠮᠦᠷᠢ ᠦᠢᠯᠡᠴᠢᠯᠡᠭᠡᠨ ᠤ ᠺᠣᠮᠫᠠᠨᠢ ᠨᠢᠭᠡᠨᠲᠡ 7 ᠠᠵᠤ | ᠠᠬᠤᠶᠢᠯᠠᠯ ᠲᠠᠢ ᠬᠠᠮᠲᠤᠷᠠᠯᠴᠠᠬᠤ ᠬᠠᠷᠢᠴᠠᠭ᠎ᠠ ᠲᠠᠢ ᠪᠣᠯᠵᠠᠶ᠂ ᠮᠠᠨ ᠤ ᠺᠣᠮᠫᠠᠨᠢ 9 ᠰᠠᠷ᠎ᠠ ᠠᠵᠢᠯᠯᠠᠭᠠᠳ 65 ᠲᠦᠮᠡᠨ ᠲᠥᠭᠦᠷᠢᠭ ᠤᠯᠵᠥ᠂ ᠴᠡᠪᠡᠷ ᠠᠰᠢᠭ | ᠬᠤᠨᠵᠢᠪᠣᠷᠢ ᠨᠢ 10 ᠲᠦᠮᠡᠨ ᠲᠥᠭᠦᠷᠢᠭ ᠲᠤ ᠬᠥᠷᠴᠠᠢ︾ ᠬᠡᠵᠥ ᠱᠢ ᠵᠢᠶᠠᠩ ᠶᠣᠣ ᠲᠣᠰᠬᠤᠨ ᠤ ᠨᠠᠮ ᠤᠨ ᠡᠭᠦᠷ ᠤᠨ ᠱᠦᠵᠢ ᠭᠤᠤ ᠢᠦᠢ ᠯᠢᠶᠠᠩ | ᠪᠠᠶᠠᠷᠳᠠᠶᠢᠬᠠᠨ ᠶᠠᠷᠢᠨ᠎ᠠ᠃ | ᠤᠢᠢᠷ᠎ᠠ ᠶᠢᠨ ᠵᠢᠯ ᠠᠴᠠ ᠨᠠᠭᠠᠰᠢ᠂ ᠲᠤᠰ ᠲᠣᠰᠬᠤᠨ ᠤ ᠬᠢᠨ ᠬᠦᠮᠦᠨ ᠠᠷᠠᠳ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ | ᠶᠡᠭᠡ ᠪᠠᠷ ᠠᠬᠢᠭᠤᠯᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠪᠠᠷ ᠰᠠᠭᠤᠷᠢ ᠪᠣᠯᠭᠠᠨ᠂ ᠠᠵᠤ ᠠᠬᠤᠶᠢᠯᠠᠯ ᠠᠭᠤᠷᠬᠠᠢ ᠶᠢᠨ | ᠣᠷᠣᠨ ᠪᠠ ᠲᠠᠷᠢᠶᠠᠴᠢᠨ ᠡᠷᠦᠬᠡ ᠶᠢᠨ ᠠᠮᠢᠳᠤᠷᠠᠯ ᠤᠨ ᠲᠣᠭᠤᠷᠢᠭ ᠤᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠬᠦᠴᠦᠯᠡᠨ ᠠᠬᠢᠭᠤᠯᠪᠠ᠃ ᠬᠥᠳᠡᠯᠮᠦᠷᠢ | ᠦᠢᠯᠡᠴᠢᠯᠡᠭᠡᠨ ᠤ ᠺᠣᠮᠫᠠᠨᠢ ᠶᠢᠨ ᠬᠢᠨ ᠱᠢ ᠵᠢᠶᠠᠩ ᠶᠣᠣ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠳᠦᠷᠪᠡᠨ ᠬᠡᠰᠡᠭ | ᠲᠣᠭᠤᠷᠢᠭ ᠪᠣᠯᠭᠠᠨ ᠬᠤᠪᠢᠶᠠᠵᠤ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠵᠠᠰᠠᠯᠲᠠ ᠶᠢᠨ ᠰᠢᠨ᠎ᠡ ᠵᠠᠮ ᠢ ᠠᠯᠬᠤᠮ | ᠠᠯᠬᠤᠮ ᠢᠶᠠᠷ ᠨᠡᠭᠡᠭᠡᠵᠡᠢ᠃ | ︽ᠲᠣᠰᠬᠤᠨ ᠤ ᠢᠯᠡᠬᠦᠴᠡ ᠬᠥᠳᠡᠯᠮᠦᠷᠢ ᠬᠦᠴᠦᠨ ᠤ ᠡᠬᠢ ᠪᠠᠶᠠᠯᠢᠭ ᠢ ᠠᠮᠢᠯᠠᠭᠤᠯᠵᠤ᠂ ᠬᠥᠳᠡᠯᠮᠦᠷᠢ ᠦᠢᠯᠡᠴᠢᠯᠡᠭᠡ ᠶᠢ ᠲᠣᠰᠬᠤᠨ ᠤ ᠱᠠᠲᠤᠨ ᠤ | ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠬᠦ ᠰᠢᠪᠲᠤᠯᠤᠯᠲᠠ ᠶᠢᠨ ᠴᠡᠭ ᠪᠣᠯᠭᠠᠵᠦ᠂ ᠠᠵᠢᠯ ᠤᠨ ᠪᠠᠶᠢᠷᠢ ᠪᠠᠨ ᠵᠦᠢ ᠵᠣᠬᠢᠰᠲᠠᠶ ᠲᠥᠯᠥᠪᠵᠢᠭᠦᠯᠦᠨ᠂ | ᠠᠵᠢᠯ ᠤᠯᠬᠤ ᠬᠦᠰᠡᠯ ᠡᠷᠡᠮᠡᠯᠵᠡᠯ ᠲᠠᠢ ᠲᠠᠷᠢᠶᠠᠴᠢᠨ ᠡᠷᠦᠬᠡ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠠᠵᠢᠯ ᠤᠯᠭᠤᠪᠠ᠃ ᠣᠲᠣᠬᠠᠨ ᠪᠣᠯᠲᠠᠯ᠎ᠠ᠂ | ᠬᠥᠳᠡᠯᠮᠦᠷᠢ ᠦᠢᠯᠡᠴᠢᠯᠡᠭᠡᠨ ᠤ ᠺᠣᠮᠫᠠᠨᠢ ᠨᠢᠭᠡᠨᠲᠡ 16 ᠬᠥᠮᠦᠨ ᠢ ᠰᠢᠯᠵᠢᠭᠦᠯᠦᠨ ᠠᠵᠢᠯ ᠣᠯᠭᠤᠵᠤ᠂ ᠡᠭᠦᠨ ᠳᠤ 2 ᠬᠥᠮᠦᠨ ᠶᠠᠳᠠᠭᠤ ᠠᠴᠠ ᠠᠩᠭᠢᠵᠢᠷᠠᠭᠰᠠᠨ | ᠪᠠᠶᠢᠨ᠎ᠠ︾ ᠭᠡᠵᠦ ᠲᠠᠯᠠᠳ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠲᠣᠮᠢᠯᠠᠭᠰᠠᠨ ᠱᠢ ᠵᠢᠶᠠᠩ ᠶᠣᠣ ᠲᠣᠰᠬᠤᠨ ᠤ | ᠨᠢᠭᠡᠳᠦᠭᠡᠷ ᠱᠦᠵᠢ ᠠᠨ ᠬᠠᠶ ᠯᠦᠩ ᠳᠠᠨᠢᠯᠴᠠᠭᠤᠯᠪᠠ᠃ | ︽ᠥᠩᠭᠡᠷᠡᠭᠰᠡᠨ ᠳᠤ ᠪᠢᠳᠡᠨ ᠤ ᠣᠷᠣᠯᠭ᠎ᠠ ᠴᠦᠮ ᠲᠠᠷᠢᠶᠠᠨ ᠠᠵᠢᠯ ᠠᠴᠠ ᠢᠷᠡᠳᠡᠭ᠂ ᠲᠣᠰᠬᠤᠨ ᠳᠤ ᠺᠣᠮᠫᠠᠨᠢ ᠪᠠᠶᠢᠭᠤᠯᠤᠭᠰᠠᠨ ᠠᠴᠠ ᠨᠠᠭᠠᠰᠢ᠂ ᠪᠢ | ᠭᠡᠷ ᠤᠨ ᠡᠭᠦᠳᠡᠨ ᠳᠤ ᠠᠵᠢᠯ ᠣᠯᠵᠤ᠂ ᠡᠳᠦᠷ ᠪᠣᠯᠭᠠᠨ ᠥᠪᠡᠷ ᠤᠨ ᠳᠠᠭᠠᠭᠠᠴᠢᠯᠠᠭᠰᠠᠨ ᠬᠡᠰᠡᠭ ᠭᠠᠵᠠᠷ ᠲᠠᠭᠠᠨ ᠴᠡᠪᠡᠷᠯᠡᠭᠡ ᠬᠢᠵᠦ᠂ ᠪᠡᠶ᠎ᠡ ᠮᠠᠬᠠᠪᠣᠳ ᠢᠶᠠᠨ | ᠳᠠᠪᠲᠠᠨ ᠪᠣᠯᠪᠠᠰᠤᠷᠠᠭᠤᠯᠤᠭᠰᠠᠨ ᠢᠶᠠᠷ ᠪᠠᠷᠠᠬᠤ ᠦᠭᠡᠢ ᠤᠷᠤᠯᠭ᠎ᠠ ᠴᠤ ᠨᠡᠮᠡᠭᠳᠡᠯ ᠲᠠᠢ ᠪᠤᠯᠵᠠᠢ︾ ᠬᠡᠵᠥ ᠵᠠᠰᠠᠮᠠᠯ ᠵᠠᠮ ᠤᠨ ᠬᠠᠵᠠᠭᠤ ᠳᠤ ᠴᠡᠪᠡᠷᠯᠡᠭᠡ ᠬᠢᠵᠦ ᠪᠠᠶᠢᠭᠰᠠᠨ | ᠸᠠᠩ ᠵᠢᠶᠠᠨ ᠨᠢᠤᠢ ᠪᠠᠶᠠᠷᠯᠠᠨ ᠬᠡᠯᠡᠨ᠎ᠠ᠃ ᠲᠤᠰ ᠲᠣᠰᠬᠤᠨ ᠨᠢ ᠲᠣᠰᠬᠤᠨ ᠤ ᠠᠵᠤ ᠠᠬᠤᠶᠢᠯᠠᠯ ᠤᠨ ᠬᠥᠭᠵᠢᠯᠲᠡ ᠳᠤ ᠲᠦᠰᠢᠭᠯᠡᠵᠦ᠂ ᠲᠣᠰᠬᠤᠨ ᠤ ᠠᠷᠠᠳ ᠤᠨ | ᠭᠡᠷ ᠤᠨ ᠡᠭᠦᠳᠡᠨ ᠳᠤ ᠠᠵᠢᠯ ᠤᠯᠬᠤ ᠰᠢᠨ᠎ᠡ ᠵᠠᠮ ᠮᠦᠷ ᠢ ᠨᠡᠭᠡᠭᠡᠭᠰᠡᠨ ᠪᠠᠶᠢᠨ᠎ᠠ᠃ | |