ᠰᠠᠭᠠᠭ ᠲᠤ ᠰᠢᠨᠵᠢᠯᠡᠬᠦ ᠤᠬᠠᠭᠠᠨᠴᠢ ᠪᠠᠷ ᠪᠣᠷᠳᠣᠭᠤᠷ ᠣᠷᠣᠭᠤᠯᠬᠤ ᠲᠤᠬᠠᠢ ᠵᠢᠯᠤᠭᠤᠳᠬᠤ ᠰᠠᠨᠠᠯ
ᠨᠡᠶᠢᠲᠡᠯᠡᠭᠰᠡᠨ ᠴᠠᠭ᠄
2023/4/23
                   ᠨᠢᠭᠡ᠂ ᠪᠣᠷᠳᠣᠭᠤᠷ ᠣᠷᠣᠭᠤᠯᠬᠤ ᠳᠤ ᠣᠷᠣᠰᠢᠵᠤ ᠪᠠᠶᠢᠭ᠎ᠠ ᠠᠰᠠᠭᠤᠳᠠᠯ ᠪᠠ ᠪᠣᠷᠳᠣᠭᠤᠷ ᠣᠷᠣᠭᠤᠯᠬᠤ ᠵᠠᠷᠴᠢᠮ         ᠰᠠᠭᠠᠭ ᠲᠤ ᠣᠷᠭᠠᠨᠢᠭ ᠪᠣᠷᠳᠣᠭᠤᠷ ᠢ ᠭᠡᠷᠡᠭᠯᠡᠭᠰᠡᠨ ᠨᠢ ᠳᠤᠳᠠᠮᠠᠭ᠂ ᠴᠢᠨᠠᠭᠰᠢᠯᠠᠪᠠᠯ ᠣᠷᠭᠠᠨᠢᠭ ᠪᠣᠷᠳᠣᠭᠤᠷ ᠢ ᠬᠡᠷᠡᠭᠯᠡᠬᠦ ᠦᠭᠡᠢ᠂ ᠠᠽᠣᠲ ᠪᠣᠷᠳᠣᠭᠤᠷ ᠢ ᠶᠡᠭᠡ ᠬᠡᠮᠵᠢᠶ᠎ᠡ ᠪᠠᠷ ᠬᠡᠷᠡᠭᠯᠡᠬᠦ᠂ ᠺᠠᠯᠢ ᠶᠢᠨ ᠪᠣᠷᠳᠣᠭᠤᠷ ᠢ ᠦᠨᠳᠦᠰᠦᠨ ᠳᠤ ᠪᠠᠨ ᠬᠡᠷᠡᠭᠯᠡᠬᠦ ᠦᠭᠡᠢ ᠵᠡᠷᠭᠡ ᠭᠤᠣᠯ ᠠᠰᠠᠭᠤᠳᠠᠯ ᠳᠤ ᠴᠢᠭᠯᠡᠭᠦᠯᠦᠨ᠂ ᠶᠡᠷᠦᠩᠬᠡᠢ ᠳᠤ ᠨᠢ ᠪᠣᠷᠳᠣᠭᠤᠷ ᠣᠷᠣᠭᠤᠯᠬᠤ ᠲᠠᠯ᠎ᠠ ᠪᠠᠷ ᠳᠣᠣᠷᠠᠬᠢ ᠵᠠᠷᠴᠢᠮ ᠤᠳ ᠢ ᠳᠤᠷᠠᠳᠪᠠ᠄        1. ᠰᠠᠭᠤᠷᠢ ᠪᠣᠷᠳᠣᠭᠤᠷ ᠣᠷᠣᠭᠤᠯᠬᠤ ᠬᠠᠷᠢᠴᠠᠯ ᠢ ᠨᠡᠮᠡᠭᠳᠡᠭᠦᠯᠵᠦ᠂ ᠮᠦ ᠪᠦᠷᠢ ᠳᠤ 1000~2000 ᠺᠢᠯᠣᠭ᠍ᠷᠠᠮ ᠣᠷᠣᠭᠤᠯᠪᠠᠯ ᠵᠣᠬᠢᠨ᠎ᠠ︔         2. ᠬᠥᠷᠥᠰᠥ ᠰᠢᠷᠣᠢ ᠶᠢᠨ ᠥᠩ ᠰᠢᠮ᠎ᠡ ᠶᠢᠨ ᠨᠥᠬᠦᠴᠡᠯ ᠢ ᠦᠨᠳᠦᠰᠦᠯᠡᠨ᠂ ᠠᠽᠣᠲ ᠪᠣᠷᠳᠣᠭᠤᠷ ᠬᠡᠷᠡᠭᠯᠡᠬᠦ ᠬᠡᠮᠵᠢᠶ᠎ᠡ ᠶᠢ ᠵᠣᠬᠢᠰᠲᠠᠢ ᠪᠠᠷ ᠲᠣᠬᠢᠷᠠᠭᠤᠯᠤᠨ ᠪᠠᠭᠠᠰᠬᠠᠵᠤ᠂ ᠺᠠᠯᠢ ᠪᠣᠷᠳᠣᠭᠤᠷ ᠣᠷᠣᠭᠤᠯᠤᠨ᠎ᠠ᠃        ᠬᠤᠶᠠᠷ᠂ ᠪᠣᠷᠳᠣᠭᠤᠷ ᠣᠷᠣᠭᠤᠯᠬᠤ ᠰᠠᠨᠠᠭᠤᠯᠭ᠎ᠠ         ︵ᠳᠣᠣᠷ᠎ᠠ ᠳᠤᠷᠠᠳᠤᠭᠰᠠᠨ ᠪᠣᠷᠳᠣᠭᠤᠷ ᠣᠷᠣᠭᠤᠯᠬᠤ ᠬᠡᠮᠵᠢᠶ᠎ᠡ ᠶᠢ ᠴᠥᠮ ᠴᠡᠪᠡᠷ ᠬᠡᠮᠵᠢᠶ᠎ᠡ ᠪᠠᠷ ᠪᠠᠶᠢᠯᠭᠠᠬᠤ ᠪᠠᠷ ᠰᠠᠨᠠᠭᠤᠯᠤᠶ᠎ᠠ︶        1. ᠮᠦ ᠪᠦᠷᠢ ᠳᠤ 100~150 ᠺᠢᠯᠣᠭ᠍ᠷᠠᠮ ᠤᠨᠠᠯᠳᠠ ᠲᠠᠢ ᠰᠠᠭᠠᠭ ᠤᠨ ᠳᠠᠷᠢᠶᠠᠨ ᠭᠠᠵᠠᠷ ᠲᠤ᠂ ᠠᠽᠣᠲ ᠪᠣᠷᠳᠣᠭᠤᠷ ︵N︶ 4~7 ᠺᠢᠯᠣᠭ᠍ᠷᠠᠮ᠂ ᠹᠣᠰᠹᠣᠷ ᠪᠣᠷᠳᠣᠭᠤᠷ ︵P2O5︶ 1~5 ᠺᠢᠯᠣᠭ᠍ᠷᠠᠮ᠂ ᠺᠠᠯᠢ ᠪᠣᠷᠳᠣᠭᠤᠷ ︵K2O︶ 1~3 ᠺᠢᠯᠣᠭ᠍ᠷᠠᠮ ᠭᠡᠷᠡᠭᠯᠡᠵᠦ ᠪᠤᠯᠤᠨ᠎ᠠ᠃        2. ᠰᠠᠭᠠᠭ ᠤᠨ ᠤᠨᠠᠯᠳᠠ ᠨᠢ ᠬᠡᠷᠪᠡ ᠮᠦ ᠪᠦᠷᠢ ᠳᠤ 150 ᠺᠢᠯᠣᠭ᠍ᠷᠠᠮ ᠠᠴᠠ ᠳᠡᠭᠡᠭᠰᠢ ᠪᠠᠶᠢᠪᠠᠯ ᠠᠽᠣᠲ ᠪᠣᠷᠳᠣᠭᠤᠷ ︵N︶ 7~10 ᠺᠢᠯᠣᠭ᠍ᠷᠠᠮ᠂ ᠹᠣᠰᠹᠣᠷ ᠪᠣᠷᠳᠣᠭᠤᠷ ︵P2O5︶ 5~7 ᠺᠢᠯᠣᠭ᠍ᠷᠠᠮ᠂ ᠺᠠᠯᠢ ᠶᠢᠨ ᠪᠣᠷᠳᠣᠭᠤᠷ ︵K2O︶ 3~4 ᠺᠢᠯᠣᠭ᠍ᠷᠠᠮ ᠭᠡᠷᠡᠭᠯᠡᠵᠦ ᠪᠤᠯᠤᠨ᠎ᠠ᠃         ᠴᠡᠪᠡᠷ ᠬᠡᠮᠵᠢᠶ᠎ᠡ ᠶᠢ ᠰᠣᠯᠢᠵᠤ ᠪᠤᠳᠤᠬᠤ ᠠᠷᠭ᠎ᠠ ᠶᠢ ᠡᠷᠳᠡᠨᠢ ᠰᠢᠰᠢ ᠶᠢᠨ ᠪᠣᠷᠳᠣᠭᠤᠷ ᠣᠷᠣᠭᠤᠯᠬᠤ ᠬᠡᠮᠵᠢᠶ᠎ᠡ ᠶᠢ ᠰᠣᠯᠢᠵᠤ ᠪᠤᠳᠤᠬᠤ ᠠᠷᠭ᠎ᠠ ᠪᠠᠷ ᠯᠠᠪᠯᠠᠯᠲᠠ ᠪᠣᠯᠭᠠᠨ᠎ᠠ᠃  
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ