ᠶᠠᠭᠤ ᠶᠢ ᠬᠠᠭᠤᠷᠮᠠᠭ ᠮᠠᠭᠤ ᠮᠠᠯ ᠤᠨ ᠡᠮ ᠭᠡᠬᠦ ᠪᠤᠢ︖
ᠨᠡᠶᠢᠲᠡᠯᠡᠭᠰᠡᠨ ᠴᠠᠭ᠄
2023/4/23
          ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠠᠭᠤᠷᠮᠠᠭ ᠮᠠᠯ ᠤᠨ ᠡᠮ ᠳᠤ ᠲᠣᠭᠠᠴᠠᠭᠳᠠᠨ᠎ᠠ᠄       ︵ᠨᠢᠭᠡ︶ ᠮᠠᠯ ᠤᠨ ᠡᠮ ᠪᠤᠰᠤ ᠵᠦᠢᠯ ᠢᠶᠠᠷ ᠮᠠᠯ ᠤᠨ ᠡᠮ ᠢ ᠣᠷᠣᠯᠠᠭᠤᠯᠤᠭᠰᠠᠨ ᠪᠤᠶᠤ ᠪᠤᠰᠤᠳ ᠵᠦᠢᠯ ᠤᠨ ᠮᠠᠯ ᠤᠨ ᠡᠮ ᠢᠶᠠᠷ ᠲᠤᠰ ᠵᠦᠢᠯ ᠤᠨ ᠮᠠᠯ ᠤᠨ ᠡᠮ ᠢ ᠣᠷᠣᠯᠠᠭᠤᠯᠤᠭᠰᠠᠨ︔       ︵ᠬᠤᠶᠠᠷ︶ ᠮᠠᠯ ᠤᠨ ᠡᠮ ᠳᠤ ᠠᠭᠤᠯᠤᠭᠳᠠᠬᠤ ᠪᠦᠷᠢᠯᠳᠦᠭᠦᠨ ᠤ ᠲᠦᠷᠦᠯ ᠵᠦᠢᠯ᠂ ᠨᠡᠷᠡᠶᠢᠳᠦᠯ ᠨᠢ ᠮᠠᠯ ᠤᠨ ᠡᠮ ᠤᠨ ᠤᠯᠤᠰ ᠤᠨ ᠪᠠᠷᠢᠮᠵᠢᠶ᠎ᠠ ᠳᠤ ᠨᠡᠶᠢᠴᠡᠬᠦ ᠦᠭᠡᠢ᠃      ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠠᠭᠤᠷᠮᠠᠭ ᠮᠠᠯ ᠤᠨ ᠡᠮ ᠢᠶᠠᠷ ᠰᠢᠢᠳᠪᠦᠷᠢᠯᠡᠨ᠎ᠡ᠄       ︵ᠨᠢᠭᠡ︶ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠡᠷᠡᠭᠯᠡᠬᠦ ᠶᠢ ᠴᠠᠭᠠᠵᠠᠯᠠᠭᠰᠠᠨ︔      ︵ᠬᠤᠶᠠᠷ︶ ᠲᠤᠰ ᠳᠦᠷᠢᠮ ᠤᠨ ᠲᠣᠭᠲᠠᠭᠠᠯ ᠶᠣᠰᠣᠭᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠬᠦ ᠶᠣᠰᠣᠲᠠᠢ ᠪᠠᠶᠢᠲᠠᠯ᠎ᠠ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠦᠭᠡᠢ ᠪᠠᠷ ᠦᠢᠯᠡᠳᠪᠦᠷᠢᠯᠡᠭᠰᠡᠨ ᠪᠤᠶᠤ ᠭᠠᠳᠠᠭᠠᠳᠤ ᠠᠴᠠ ᠣᠷᠣᠭᠤᠯᠤᠭᠰᠠᠨ᠂ ᠡᠰᠡᠬᠦᠯ᠎ᠡ ᠲᠤᠰ ᠳᠦᠷᠢᠮ ᠤᠨ ᠲᠣᠭᠲᠠᠭᠠᠯ ᠶᠣᠰᠣᠭᠠᠷ ᠰᠤᠭᠤᠴᠢᠨ ᠪᠠᠶᠢᠴᠠᠭᠠᠵᠤ ᠰᠢᠯᠭᠠᠨ ᠪᠠᠶᠢᠴᠠᠭᠠᠬᠤ᠂ ᠬᠢᠨᠠᠨ ᠪᠠᠶᠢᠴᠠᠭᠠᠵᠤ ᠬᠠᠷᠭᠤᠭᠤᠯᠬᠤ ᠶᠣᠰᠣᠲᠠᠢ ᠪᠠᠶᠢᠲᠠᠯ᠎ᠠ ᠰᠤᠭᠤᠴᠢᠨ ᠪᠠᠶᠢᠴᠠᠭᠠᠵᠤ ᠰᠢᠯᠭᠠᠨ ᠪᠠᠶᠢᠴᠠᠭᠠᠭᠰᠠᠨ ᠦᠭᠡᠢ᠂ ᠬᠢᠨᠠᠨ ᠪᠠᠶᠢᠴᠠᠭᠠᠵᠤ ᠬᠠᠷᠭᠤᠭᠤᠯᠤᠭᠰᠠᠨ ᠦᠭᠡᠢ ᠪᠠᠷ ᠪᠣᠷᠣᠯᠠᠭᠤᠯᠤᠭᠰᠠᠨ᠂ ᠭᠠᠳᠠᠭᠠᠳᠤ ᠠᠴᠠ ᠣᠷᠣᠭᠤᠯᠤᠭᠰᠠᠨ︔       ︵ᠭᠤᠷᠪᠠ︶ ᠴᠢᠨᠠᠷ ᠨᠢ ᠬᠤᠪᠢᠷᠠᠭᠰᠠᠨ︔       ︵ᠳᠥᠷᠪᠡ︶ ᠪᠣᠬᠢᠷᠲᠤᠭᠳᠠᠭᠰᠠᠨ︔        ︵ᠲᠠᠪᠤ︶ ᠲᠣᠬᠢᠷᠠᠬᠤ ᠡᠪᠡᠳᠴᠢᠨ ᠪᠤᠶᠤ ᠦᠢᠯᠡᠳᠦᠯ ᠴᠢᠳᠠᠪᠬᠢ ᠶᠢᠨ ᠭᠤᠣᠯ ᠵᠠᠰᠠᠯᠲᠠ ᠨᠢ ᠲᠣᠭᠲᠠᠭᠠᠭᠰᠠᠨ ᠬᠦᠷᠢᠶ᠎ᠡ ᠬᠡᠪᠴᠢᠶ᠎ᠡ ᠠᠴᠠ ᠬᠡᠲᠦᠷᠡᠭᠰᠡᠨ᠃        ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠴᠢᠨᠠᠷ ᠮᠠᠭᠤᠲᠠᠢ ᠮᠠᠯ ᠤᠨ ᠡᠮ ᠳᠤ ᠲᠣᠭᠠᠴᠠᠭᠳᠠᠨ᠎ᠠ᠄       ︵ᠨᠢᠭᠡ︶ ᠪᠦᠷᠢᠯᠳᠦᠭᠦᠨ ᠤ ᠠᠭᠤᠯᠤᠭᠳᠠᠴᠠ ᠨᠢ ᠮᠠᠯ ᠤᠨ ᠡᠮ ᠤᠨ ᠤᠯᠤᠰ ᠤᠨ ᠪᠠᠷᠢᠮᠵᠢᠶ᠎ᠠ ᠳᠤ ᠨᠡᠶᠢᠴᠡᠬᠦ ᠦᠭᠡᠢ ᠪᠤᠶᠤ ᠬᠦᠴᠦᠨ ᠲᠠᠢ ᠪᠦᠷᠢᠯᠳᠦᠭᠦᠨ ᠢ ᠲᠣᠳᠣᠷᠬᠠᠶᠢᠯᠠᠭᠰᠠᠨ ᠦᠭᠡᠢ︔      ︵ᠬᠤᠶᠠᠷ︶ ᠬᠦᠴᠦᠨ ᠲᠠᠢ ᠬᠤᠭᠤᠴᠠᠭ᠎ᠠ ᠶᠢ ᠨᠢ ᠲᠣᠳᠣᠷᠬᠠᠶᠢᠯᠠᠭᠰᠠᠨ ᠦᠭᠡᠢ ᠪᠤᠶᠤ ᠥᠭᠡᠷᠡᠴᠢᠯᠡᠭᠰᠡᠨ ᠪᠤᠶᠤ ᠬᠦᠴᠦᠨ ᠲᠠᠢ ᠬᠤᠭᠤᠴᠠᠭ᠎ᠠ ᠠᠴᠠ ᠬᠡᠲᠦᠷᠡᠭᠰᠡᠨ︔      ︵ᠭᠤᠷᠪᠠ︶ ᠦᠢᠯᠡᠳᠬᠦᠨ ᠤ ᠵᠥᠪᠰᠢᠶᠡᠷᠡᠭᠰᠡᠨ ᠳ᠋ᠤᠭᠠᠷ ᠢ ᠲᠣᠳᠣᠷᠬᠠᠶᠢᠯᠠᠭᠰᠠᠨ ᠦᠭᠡᠢ ᠪᠤᠶᠤ ᠥᠭᠡᠷᠡᠴᠢᠯᠡᠭᠰᠡᠨ︔      ︵ᠳᠥᠷᠪᠡ︶ ᠮᠠᠯ ᠤᠨ ᠡᠮ ᠤᠨ ᠤᠯᠤᠰ ᠤᠨ ᠪᠠᠷᠢᠮᠵᠢᠶ᠎ᠠ ᠳᠤ ᠨᠡᠶᠢᠴᠡᠬᠦ ᠦᠭᠡᠢ ᠪᠣᠯᠪᠠᠴᠤ ᠬᠠᠭᠤᠷᠮᠠᠭ ᠮᠠᠯ ᠤᠨ ᠡᠮ ᠳᠤ ᠲᠣᠭᠠᠴᠠᠭᠳᠠᠬᠤ ᠦᠭᠡᠢ ᠪᠤᠰᠤᠳ ᠵᠦᠢᠯ᠃
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ