ᠰᠦᠨ ᠱᠤᠤ ᠴᠸᠡᠭ ᠤᠷᠳᠤᠰ ᠬᠤᠳᠠ ᠶᠢᠨ ᠵᠡᠭᠡᠯᠢ ᠭᠤᠳᠤᠮᠵᠢ ᠨᠡᠶᠢᠭᠡᠮ ᠲᠣᠭᠤᠷᠢᠭ ᠲᠤ ᠭᠦᠨᠵᠡᠭᠡᠶᠢᠷᠡᠨ  ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/4/26
    4 ᠰᠠᠷ᠎ᠠ ᠶᠢᠨ 20 ᠠᠴᠠ 22 ᠤᠨ ᠡᠳᠦᠷ ᠪᠣᠯᠲᠠᠯ᠎ᠠ᠂ ᠰᠦᠨ ᠱᠤᠤ ᠴᠧᠩ ᠬᠥᠮᠦᠨ ᠴᠥᠭᠡᠨ ᠬᠥᠰᠭᠡ ᠬᠥᠩᠭᠡᠨ ᠢᠶᠠᠷ᠂ ᠬᠤᠲᠠ ᠶᠢᠨ ᠭᠤᠤᠯ ᠬᠠᠷᠢᠭᠤᠴᠠᠯᠭᠠᠲᠠᠨ ᠨᠥᠬᠦᠳ ᠤᠨ ᠪᠠᠷ᠎ᠠ ᠪᠣᠯᠣᠯᠭ᠎ᠠ ᠥᠬᠡᠶ ᠪᠠᠷ ᠬᠢᠶ᠎ᠠ ᠪᠠᠭᠰᠢ ᠲᠣᠭᠤᠷᠢᠭ ᠪᠠ ᠳ᠋ᠦᠩᠱᠧᠩ ᠲᠣᠭᠤᠷᠢᠭ ᠲᠤ ᠭᠦᠨᠵᠡᠭᠡᠶᠢᠷᠡᠨ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ᠪᠠᠶᠢᠴᠠᠭᠠᠨ ᠰᠤᠳᠤᠯᠵᠤ᠂ ︽ᠨᠢᠭᠡᠳ ᠨᠢᠬᠡ ᠪᠠᠷ ᠪᠠᠶᠢᠴᠠᠭᠠᠨ ᠰᠢᠨᠵᠢᠯᠡᠵᠥ︾᠂ ᠬᠡᠷᠡᠭᠴᠡᠭᠡ ᠱᠠᠭᠠᠷᠳᠠᠯᠭ᠎ᠠ ᠶᠢ ᠨᠢ ᠠᠰᠠᠭᠤᠨ ᠰᠤᠷᠠᠪᠠ᠃

4.26.1..png

    

      ︽ᠳ᠋ᠦᠸᠧ ᠳ᠋ᠦᠸᠧ ᠫᠢᠩ︾ ᠪᠣᠯ ᠬᠢᠶ᠎ᠡ ᠪᠠᠭᠰᠢ ᠲᠣᠭᠤᠷᠢᠭ ᠤᠨ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠣᠶᠤᠨᠴᠢ ᠶᠡᠷᠦᠩᠬᠡᠶᠢᠯᠡᠭᠰᠡᠨ

ᠦᠢᠯᠡᠴᠢᠯᠡᠭᠡᠨ ᠤ ᠲᠠᠪᠴᠠᠩ ᠪᠣᠯᠤᠨ᠎ᠠ᠃ ᠰᠦᠨ ᠱᠤᠤ ᠴᠸᠡᠭ ︽ᠳ᠋ᠦᠸᠧ ᠳ᠋ᠦᠸᠧ ᠫᠢᠩ︾ ᠤᠨ ᠭᠤᠣᠯ ᠴᠢᠳᠠᠮᠵᠢ ᠪᠣᠯᠤᠨ ᠠᠵᠢᠯᠯᠠᠭᠠᠨ ᠤ ᠦᠷ᠎ᠡ ᠪᠦᠲᠦᠮᠵᠢ ᠶᠢ

ᠨᠠᠷᠢᠨ ᠣᠶᠢᠯᠠᠭᠠᠬᠤ ᠶᠢᠨ ᠬᠠᠮᠲᠤ ᠵᠡᠭᠡᠯᠢ ᠳᠠᠭᠠᠤ ᠲᠡᠭᠦᠨ ᠤ ᠪᠣᠳᠠᠲᠠᠢ ᠬᠡᠷᠡᠭᠯᠡᠭᠡᠨ ᠤ ᠪᠠᠶᠢᠳᠠᠯ ᠢ ᠰᠤᠷᠪᠤᠯᠵᠢᠯᠠᠨ ᠣᠶᠢᠯᠠᠭᠠᠪᠠ᠃ ᠲᠡᠷᠡ᠂ ᠡᠨᠡ ᠬᠦ ᠲᠠᠪᠴᠠᠩ ᠮᠠᠰᠢ

ᠰᠠᠶᠢᠨ᠂ ᠬᠤᠲᠠ ᠶᠢᠨ ᠬᠠᠮᠢᠶᠠᠷᠤᠯᠲᠠ ᠪᠠ ᠠᠷᠠᠳ ᠤᠨ ᠠᠮᠢᠳᠤᠷᠠᠯ ᠤᠨ ᠦᠶ᠋ᠯᠡᠴᠢᠯᠡᠭᠡ ᠶᠢ ᠰᠢᠯᠢᠳᠡᠭᠵᠢᠭᠦᠯᠬᠦ ᠲᠠᠯ᠎ᠠ ᠪᠠᠷ᠂ ᠢᠯᠠᠩᠭᠤᠶ᠎ᠠ ᠶᠣᠰᠣ ᠰᠤᠷᠲᠠᠬᠤᠨ ᠢᠶᠠᠷ

ᠵᠠᠰᠠᠬᠤ ᠶᠢ ᠠᠬᠢᠭᠤᠯᠵᠤ᠂ ᠡᠯ᠎ᠡ ᠲᠠᠯ᠎ᠠ ᠶᠢᠨ ᠬᠢᠨ ᠤ ᠦᠨᠳᠦᠰᠦᠨ ᠱᠠᠲᠤᠨ ᠤ ᠵᠠᠰᠠᠯᠲᠠ ᠳᠤ ᠬᠠᠮᠲᠤ ᠪᠠᠷ ᠣᠷᠣᠯᠴᠠᠬᠤ ᠶᠢ ᠠᠬᠢᠭᠤᠯᠬᠤ ᠲᠠᠯ᠎ᠠ ᠪᠠᠷ ᠥᠪᠡᠷᠮᠢᠴᠡ

ᠦᠢᠯᠡᠳᠦᠯ ᠦᠵᠡᠭᠦᠯᠵᠦ ᠪᠠᠶᠢᠨ᠎ᠠ᠂ ᠬᠤᠯᠪᠣᠭᠳᠠᠯ ᠪᠥᠬᠦᠶ ᠲᠠᠯ᠎ᠠ ᠶᠢᠨ ᠬᠢᠨ ᠢᠳᠡᠪᠬᠢᠲᠡᠶ ᠰᠤᠳᠤᠯᠤᠨ ᠳᠡᠯᠭᠡᠷᠡᠭᠦᠯᠬᠦ ᠬᠡᠷᠡᠭᠲᠡᠶ ᠭᠡᠪᠡ᠃

4.26.2..jpg

    

      ᠰᠦᠨ ᠱᠤᠤ ᠴᠸᠡᠭ ᠲᠠᠰᠢᠷᠠᠮ ᠢᠶᠠᠷ 2 ᠵᠡᠭᠡᠯᠢ ᠭᠤᠳᠤᠮᠵᠢ᠂ 5 ᠨᠡᠶᠢᠭᠡᠮ ᠲᠣᠭᠤᠷᠢᠭ ᠲᠤ ᠬᠦᠷᠴᠦ᠂ ᠦᠨᠳᠦᠰᠦᠨ ᠱᠠᠲᠤᠨ ᠤ ᠵᠠᠰᠠᠯᠲᠠ ᠶᠢᠨ ᠪᠠᠶᠢᠳᠠᠯ ᠢ

ᠪᠦᠬᠦ ᠲᠠᠯ᠎ᠠ ᠪᠠᠷ ᠣᠶᠢᠯᠠᠭᠠᠵᠤ᠂ ᠲᠣᠭᠤᠷᠢᠭ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠨᠥᠬᠦᠳ ᠲᠠᠢ ᠶᠠᠷᠢᠯᠴᠠᠪᠠ᠃ ᠤᠳᠤ

ᠦᠨᠳᠦᠰᠦᠨ ᠱᠠᠲᠤᠨ ᠤ ᠵᠠᠰᠠᠯᠲᠠ ᠶᠢᠨ ᠳᠤᠮᠳᠠᠬᠢ ᠬᠠᠮᠤᠭ ᠤᠨ ᠲᠤᠪᠤᠶᠢᠮ᠎ᠠ ᠠᠰᠠᠭᠤᠳᠠᠯ ᠨᠢ ᠶᠠᠭᠤ ᠪᠤᠢ᠂ ᠲᠠ ᠨᠠᠷ ᠶᠠᠮᠠᠷ ᠬᠦᠴᠢᠷᠳᠡᠯ ᠢ ᠳᠡᠭᠡᠳᠦ ᠱᠠᠲᠤᠨ ᠠᠴᠠ

ᠬᠠᠪᠰᠤᠷᠤᠨ ᠰᠢᠢᠳᠪᠦᠷᠢᠯᠡᠵᠦ ᠥᠭᠬᠦ ᠶᠢ ᠬᠠᠮᠤᠭ ᠠᠴᠠ ᠢᠯᠡᠭᠦᠦ ᠬᠦᠰᠡᠵᠦ ᠪᠠᠶᠢᠬᠤ ᠪᠤᠢ ᠁ ᠲᠡᠷᠡ ᠮᠠᠰᠢ ᠪᠣᠳᠠᠲᠠᠢ ᠮᠠᠰᠢ ᠨᠠᠷᠢᠨ ᠠᠰᠠᠭᠤᠭᠰᠠᠨ ᠪᠥᠭᠡᠳ ᠡᠷᠬᠡ

ᠬᠠᠷᠢᠭᠤᠴᠠᠯᠭ᠎ᠠ ᠠᠳᠠᠯᠢ ᠪᠤᠰᠤ᠂ ᠱᠤᠭᠤᠮ ᠹᠷᠤᠨᠲ ᠤᠨ ᠡᠭᠦᠷᠭᠡ ᠬᠦᠨᠳᠦ᠂ ᠳᠡᠰ ᠳᠡᠪᠰᠢᠬᠦ ᠵᠠᠮ ᠢᠪᠴᠤᠤ ᠵᠡᠷᠭᠡ ᠠᠰᠠᠭᠤᠳᠠᠯ ᠢ ᠬᠡᠷᠬᠢᠨ ᠰᠢᠢᠳᠪᠦᠷᠢᠯᠡᠬᠦ ᠲᠤᠬᠠᠢ

ᠤᠯᠠᠨ ᠲᠠᠢ ᠭᠦᠨᠵᠡᠭᠡᠢ ᠰᠤᠳᠤᠯᠤᠨ ᠶᠠᠷᠢᠯᠴᠠᠪᠠ᠃

4.26.3..png

   

      ᠰᠦᠨ ᠱᠤᠤ ᠴᠸᠡᠭ᠂ ᠳᠡᠭᠡᠳᠦ ᠱᠠᠲᠤᠨ ᠤ ᠮᠢᠩᠭᠠᠨ ᠤᠳᠠᠰᠤᠨ ᠳᠤ ᠲᠤᠤᠷᠠᠳᠤ ᠱᠠᠲᠤᠨ ᠤ ᠨᠢᠭᠡ ᠯᠡ ᠵᠡᠭᠦᠦ ᠭᠡᠳᠡᠭ᠂ ᠦᠨᠳᠦᠰᠦᠨ ᠱᠠᠲᠤᠨ ᠤ

ᠵᠠᠰᠠᠯᠲᠠ ᠶᠢ ᠰᠠᠶᠢᠲᠤᠷ ᠠᠳᠬᠤᠬᠤ ᠨᠢ ᠲᠦᠢᠯ ᠤᠨ ᠴᠢᠬᠤᠯᠠ ᠪᠥᠭᠡᠳ ᠮᠠᠰᠢ ᠬᠢᠯᠪᠠᠷ ᠪᠤᠰᠤ ᠶᠤᠮ᠃ ᠮᠡᠳᠡᠭᠡ ᠵᠠᠩᠭᠢᠵᠢᠯᠲᠠ ᠶᠢᠨ ᠪᠦᠳᠦᠬᠡᠨ ᠪᠠᠶᠢᠭᠤᠯᠤᠯᠲᠠ ᠶᠢ

ᠵᠠᠩᠭᠢᠯᠠᠭ᠎ᠠ ᠪᠣᠯᠭᠠᠨ ᠠᠳᠬᠤᠵᠤ᠂ ᠵᠣᠷᠢᠭ ᠰᠢᠭᠤᠳᠤᠨ ︽ᠮᠡᠳᠡᠭᠡ ᠵᠠᠩᠭᠢ ᠶᠢᠨ ᠪᠠᠬᠢᠯᠡᠯᠲᠡ︾ ᠶᠢ ᠡᠪᠳᠡᠵᠦ᠂ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂

ᠤᠯᠠᠨ ᠲᠦᠮᠡᠨ ᠢ ᠳᠤᠲᠠᠭᠤ ᠭᠦᠶᠦᠯᠭᠡᠬᠦ ᠬᠡᠷᠡᠭᠲᠡᠢ᠃ ᠦᠨᠳᠦᠰᠦᠨ ᠱᠠᠲᠤᠨ ᠤ ︽ᠦᠨᠳᠦᠰᠤ ᠪᠤᠯᠬᠤ ᠳ᠋ᠠᠶᠢᠲ᠋ᠠ ᠬᠥᠮᠥᠷᠭᠡ︾ ᠶᠢ ᠪᠠᠶᠢᠭᠤᠯᠵᠤ᠂ ᠨᠢᠭᠡ

ᠬᠦᠰᠦᠨᠦᠭᠲᠦ ᠶᠢ ᠨᠡᠶᠢᠳᠡᠮ ᠬᠡᠷᠡᠭᠯᠡᠬᠦ᠂ ᠣᠯᠠᠨ ᠲᠠᠯ᠎ᠠ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠦᠨᠳᠦᠰᠦᠨ ᠱᠠᠲᠤᠨ ᠤ ᠺᠠᠳ᠋ᠷ ᠢ ᠲᠣᠭᠲᠠᠮᠠᠯ ᠬᠤᠭᠤᠴᠠᠭ᠎ᠠ ᠲᠠᠢ ᠪᠠᠷ

ᠬᠠᠮᠠᠭᠠᠯᠠᠬᠤ ᠡᠯᠳᠡᠪ ᠵᠦᠢᠯ ᠤᠨ ᠨᠡᠷᠡᠶᠢᠳᠦᠯ ᠲᠠᠢ ᠮᠡᠳᠡᠭᠡ ᠵᠠᠩᠭᠢ ᠶᠢᠨ ᠰᠢᠰᠲ᠋ᠧᠮ ᠠᠴᠠ ᠰᠠᠯᠭᠠᠬᠤ ᠬᠡᠷᠡᠭᠲᠡᠢ᠃ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ

ᠳᠡᠭᠡᠷ᠎ᠡ ᠬᠦᠴᠦ ᠲᠠᠯᠪᠢᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠤᠨ ᠳᠠᠭᠠᠭᠤᠯᠬᠤ ᠪᠦᠲᠦᠮᠵᠢᠲᠡᠢ

ᠵᠠᠭᠪᠤᠷ ᠢ ᠰᠦᠪᠡᠭᠴᠢᠯᠡᠨ ᠳᠡᠯᠭᠡᠷᠡᠭᠦᠯᠵᠦ᠂ ᠴᠤᠮᠬᠠᠳᠬᠠᠨ ᠰᠢᠯᠢᠳᠡᠭᠵᠢᠭᠦᠯᠦᠭᠰᠡᠨ ᠬᠠᠮᠢᠶᠠᠷᠤᠯᠲᠠ ᠶᠢᠨ ᠵᠠᠭᠪᠤᠷ ᠢ ᠢᠳᠡᠪᠬᠢᠲᠡᠢ ᠪᠠᠶᠢᠭᠤᠯᠵᠤ᠂ ᠵᠠᠬᠢᠳᠠᠯ

ᠰᠤᠷᠪᠤᠯᠵᠢᠯᠠᠯ ᠤᠨ ᠣᠷᠣᠯᠠᠨ ᠭᠦᠢᠴᠡᠳᠭᠡᠬᠦ ᠲᠦᠷᠢᠮ ᠢ ᠶᠡᠭᠡ ᠪᠠᠷ ᠬᠡᠷᠡᠭᠵᠢᠭᠦᠯᠵᠦ᠂ ︽ᠬᠤᠶᠠᠷ ᠲᠦᠯᠦᠭᠡᠯᠡᠭᠴᠢ ᠨᠢᠭᠡ ᠭᠡᠰᠢᠭᠦᠨ︾  ᠤ ᠦᠢᠯᠡᠳᠦᠯ ᠢ ᠭᠦᠢᠴᠡᠳ

ᠪᠠᠳᠠᠷᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠠᠷᠠᠳ ᠤᠯᠠᠨ ᠤ ᠰᠡᠳᠭᠢᠯ ᠬᠠᠨᠤᠮᠵᠢᠲᠠᠢ ᠪᠠᠶᠢᠬᠤ

ᠡᠰᠡᠬᠦ ᠪᠠᠷ ᠬᠡᠮᠵᠢᠬᠦ ᠪᠠᠷᠢᠮᠵᠢᠶ᠎ᠠ ᠪᠣᠯᠭᠠᠵᠤ᠂ ᠬᠠᠮᠢᠶᠠᠷᠤᠯᠲᠠ ᠶᠢ ᠦᠢᠯᠡᠴᠢᠯᠡᠭᠡ ᠳᠤ ᠠᠭᠤᠰᠤᠯᠴᠠᠭᠤᠯᠵᠤ᠂ ᠰᠡᠳᠭᠢᠯ ᠲᠠᠯᠪᠢᠨ ᠬᠦᠴᠦ ᠣᠷᠣᠭᠤᠯᠵᠤ ᠪᠠᠶᠢᠭᠠᠳ ᠤᠯᠠᠨ

ᠲᠦᠮᠡᠨ ᠢ ᠬᠠᠪᠰᠤᠷᠤᠨ ᠨᠠᠰᠤᠵᠢᠯ ᠤᠨ ᠠᠰᠠᠷᠠᠮᠵᠢ᠂ ᠬᠡᠦᠬᠡᠳ ᠰᠠᠭᠠᠳᠠᠭᠤᠯᠬᠤ ᠵᠡᠷᠭᠡ ᠪᠣᠳᠠᠲᠠᠢ ᠠᠰᠠᠭᠤᠳᠠᠯ ᠢ ᠰᠠᠶᠢᠲᠤᠷ ᠰᠢᠢᠳᠪᠦᠷᠢᠯᠡᠵᠦ ᠥᠭᠬᠦ ᠬᠡᠷᠡᠭᠲᠡᠢ ᠭᠡᠪᠡ᠃

4.26.4..jpg

     

     ᠡᠨᠡ ᠬᠤᠭᠤᠴᠠᠭᠠᠨ ᠳᠤ᠂ ᠰᠦᠨ ᠱᠤᠤ ᠴᠧᠩ ᠪᠠᠰᠠ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠡ᠂

ᠵᠥᠷᠢᠴᠡᠯ ᠵᠠᠭᠤᠷᠠᠯᠳᠤᠭᠠᠨ ᠢ ᠰᠢᠢᠳᠪᠦᠷᠢᠯᠡᠬᠦ ᠵᠡᠷᠭᠡ ᠠᠵᠢᠯ ᠢ ᠰᠢᠨᠵᠢᠯᠡᠨ ᠪᠠᠶᠢᠴᠠᠭᠠᠪᠠ᠃

 

4.26.7.png

   

       ᠢᠦᠢ ᠯᠢ ᠰᠢᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃

ᠢᠷᠡᠯᠲᠡ᠄ ᠤᠷᠳᠤᠰ ᠤᠨ ᠡᠳᠤᠷ ᠤᠨ ᠰᠤᠨᠢᠨ ᠤ ᠮᠤᠩᠭᠤᠯ ᠬᠡᠪᠯᠡᠯ ᠤᠨ ᠸᠢᠴᠠᠲ ᠳᠠᠪᠴᠠᠩ