ᠬᠤᠲᠠ ᠶᠢᠨ ᠴᠢᠨᠠᠷ ᠲᠡᠰ ᠢ ᠲᠡᠬᠡᠭᠰᠢᠯᠡᠬᠦᠯᠵᠦ ᠳᠤᠳᠤᠭᠠᠳᠦ ᠠᠭᠤᠯᠤᠬᠳᠠᠬᠤᠨ ᠢ ᠪᠠᠶᠠᠯᠢᠭᠵᠢᠭᠤᠯᠤᠨ  ᠪᠣᠯᠪᠠᠰᠤᠨ ᠰᠤᠷᠲᠠᠯ ᠢ ᠡᠷᠬᠢᠮᠯᠡᠨ᠎ᠠ
ᠨᠡᠶᠢᠲᠡᠯᠡᠭᠰᠡᠨ ᠴᠠᠭ᠄
2023/4/26
            — ᠤᠷᠳᠤᠰ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠶ ᠯᠢᠶᠠᠩ ᠢ ᠰᠤᠷᠪᠤᠯᠵᠢᠯᠠᠬᠰᠠᠨ ᠨᠢ        ᠪᠣᠯᠪᠠᠰᠤᠨ ᠬᠤᠳᠠ ᠨᠢ ᠠᠷᠠᠳ ᠲᠦᠮᠡᠨ ᠤ ᠠᠮᠢᠳᠤᠷᠠᠯ ᠤᠨ ᠰᠠᠶᠢᠨ ᠰᠠᠶᠢᠬᠠᠨ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠬᠤ ᠮᠦᠷᠲᠡᠭᠡᠨ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠨᠠᠷ ᠴᠢᠨᠰᠠᠭ᠎ᠠ᠂ ᠬᠢᠷᠢ ᠲᠦᠪᠰᠢᠨ ᠢ ᠰᠢᠯᠭᠠᠵᠤ ᠪᠠᠶᠢᠳᠠᠭ᠃ 2011 ᠣᠨ ᠠᠴᠠ ᠨᠠᠭᠠᠰᠢ᠂ ᠵᠠᠯᠭᠠᠭ᠎ᠠ ᠪᠠᠷ ᠳᠥᠷᠪᠡᠨ ᠬᠤᠭᠤᠴᠠᠭ᠎ᠠ ︽ᠪᠥᠬᠦ ᠤᠯᠤᠰ ᠤᠨ ᠪᠣᠯᠪᠠᠰᠤᠨ ᠬᠤᠲᠠ︾ ᠪᠠᠷ ᠨᠡᠷᠡᠶᠢᠳᠦᠭᠳᠡᠭᠰᠡᠨ ᠣᠷᠳᠣᠰ ᠬᠤᠲᠠ ᠨᠢ ︽ᠬᠤᠸᠠᠷ ᠬᠠᠳᠬᠤᠬᠤ︾ ᠡᠷᠳᠡᠮ ᠢᠶᠠᠷ ᠴᠢᠨᠠᠷ ᠰᠠᠶᠢᠲᠠᠶ ᠬᠤᠲᠠ ᠶᠢ ᠪᠥᠲᠥᠭᠡᠨ ᠪᠠᠶᠢᠭᠤᠯᠵᠤ᠂ ᠬᠤᠲᠠ ᠶᠢᠨ ᠴᠢᠳᠠᠮᠵᠢ ᠶᠢ ᠨᠠᠩ ᠲᠡᠭᠦᠯᠳᠡᠷᠵᠢᠭᠦᠯᠤᠨ᠂ ᠬᠤᠲᠠ ᠶᠢᠨ ᠬᠠᠮᠢᠶᠠᠷᠤᠯᠲᠠ ᠶᠢ ᠨᠠᠩ ᠨᠠᠷᠢᠯᠢᠭᠵᠢᠭᠤᠯᠵᠤ᠂ ᠬᠤᠲᠠ ᠶᠢᠨ ᠣᠷᠴᠢᠨ ᠲᠣᠭᠤᠷᠢᠨ ᠢ ᠨᠠᠩ ᠭᠤᠶᠣᠵᠢᠭᠤᠯᠤᠬᠰᠠᠨ ᠪᠦᠭᠡᠳ ᠬᠤᠲᠠ ᠶᠢᠨ ᠴᠢᠨᠠᠷ ᠲᠡᠰ ᠢ ᠶᠡᠭᠡ ᠪᠠᠷ ᠳᠡᠭᠡᠭᠰᠢᠯᠡᠭᠦᠯᠪᠡ᠃ ᠡᠨᠡ ᠵᠢᠯ ᠪᠣᠯ ᠪᠤᠯᠪᠠᠰᠤᠨ ᠬᠤᠳᠠ ᠶᠢ ᠡᠭᠦᠳᠤᠨ ᠪᠠᠶᠢᠭᠤᠯᠬᠤ ᠰᠢᠢᠳᠪᠦᠷᠢᠲᠦ ᠳᠠᠶᠢᠯᠠᠯᠳᠤᠭᠠᠨ ᠤ ᠵᠢᠯ ᠮᠦᠨ᠂ ᠡᠨᠡ ᠬᠦ ᠵᠠᠩᠭᠢᠯᠠᠭ᠎ᠠ ᠶᠢᠨ ᠦᠶ᠎ᠠ ᠳᠤ᠂ ᠮᠠᠨ ᠤ ᠬᠤᠳᠠ ᠬᠡᠷᠬᠢᠨ ᠤᠨᠤᠴᠠᠳᠠᠢ ᠬᠦᠴᠦᠯᠡᠵᠦ᠂ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ ᠢ ᠲᠡᠬᠡᠭᠰᠢᠬᠦᠯᠤᠨ ᠦᠷ᠎ᠠ ᠠᠰᠢᠭ ᠢ ᠨᠡᠮᠡᠭᠳᠡᠭᠦᠯᠬᠦ ᠪᠤᠢ︖ ᠲᠦᠷᠦᠭᠦᠬᠡᠨ᠂ ᠰᠤᠷᠪᠤᠯᠵᠢᠯᠠᠭᠴᠢ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠶ ᠯᠢᠶᠠᠩ ᠢ ᠰᠤᠷᠪᠤᠯᠵᠢᠯᠠᠪᠠ᠃       2022 ᠣᠨ ᠳᠤ᠂ ᠣᠷᠳᠣᠰ ᠬᠤᠲᠠ ᠬᠤᠲᠠ ᠶᠢᠨ ᠶᠠᠪᠤᠳᠠᠯ ᠤᠨ ᠰᠠᠭᠤᠷᠢ ᠲᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ 149 ᠲᠥᠷᠥᠯ ᠵᠦᠢᠯ ᠢ ᠬᠡᠷᠡᠭᠵᠢᠭᠦᠯᠵᠦ᠂ 73 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠵᠠᠰᠠᠵᠤ᠂ 6283 ᠡᠷᠦᠬᠡ ᠰᠠᠭᠤᠭᠠᠯᠢ ᠠᠷᠠᠳ ᠲᠤ ᠠᠰᠢᠭ ᠬᠦᠷᠲᠡᠭᠡᠪᠡ︔ 118 ᠢᠵᠢ ᠴᠠᠬᠢᠯᠭᠠᠨ ᠱᠠᠲᠤ ᠨᠡᠮᠡᠵᠦ ᠤᠭᠰᠠᠷᠠᠨ᠂ 1180 ᠡᠷᠦᠬᠡ ᠰᠠᠭᠤᠭᠠᠯᠢ ᠠᠷᠠᠳ ᠤᠨ ᠠᠰᠠᠷ ᠲᠤ ᠭᠠᠷᠴᠤ ᠠᠰᠠᠷ ᠠᠴᠠ ᠪᠠᠭᠤᠬᠤ ᠳᠤ ︽ᠨᠢᠭᠡ ᠳᠠᠷᠤᠪᠴᠢ ᠪᠠᠷ ᠰᠢᠭᠤᠳ ᠬᠦᠷᠬᠦ︾ ᠶᠢ ᠪᠡᠶᠡᠯᠡᠭᠦᠯᠪᠡ᠃ ᠪᠦᠬᠦ ᠬᠤᠲᠠ ᠳᠤ 251 ᠺᠢᠯᠤᠮᠧᠲᠷ ᠭᠠᠵᠠᠷ ᠳᠣᠣᠷᠠᠬᠢ ᠬᠤᠭᠤᠯᠠᠢ ᠶᠢ ᠰᠢᠨ᠎ᠠ ᠪᠠᠷ ᠲᠡᠪᠢᠰᠦᠭᠰᠡᠨ ᠪᠤᠶᠤ ᠥᠭᠡᠷᠡᠴᠢᠯᠡᠨ ᠵᠠᠰᠠᠵᠤ᠂ ᠨᠣᠭᠤᠭᠠᠷᠠᠭᠤᠯᠤᠬᠰᠠᠨ ᠭᠠᠵᠠᠷ ᠢ 215 ᠾᠧᠺᠲ᠋ᠠᠷ ᠰᠢᠨ᠎ᠠ ᠪᠠᠷ ᠨᠡᠮᠡᠭᠳᠡᠭᠦᠯᠣᠭ᠍ᠰᠡᠨ ᠪᠤᠶᠤ ᠥᠭᠡᠷᠡᠴᠢᠯᠡᠨ ᠵᠠᠰᠠᠪᠠ᠃ ᠨᠢᠭᠡ ᠪᠦᠯᠣᠭ᠌ ᠦᠷᠯᠣᠭᠡ ᠶᠢᠨ ᠵᠠᠬ᠎ᠠ ᠳᠡᠯᠭᠡᠭᠦᠷ᠂ ᠰᠥᠨᠢ ᠶᠢᠨ ᠵᠠᠬ᠎ᠠ ᠳᠡᠯᠭᠡᠭᠦᠷ ᠢ ᠲᠦᠯᠤᠪᠵᠢᠬᠦᠯᠤᠨ ᠪᠦᠲᠦᠭᠡᠨ ᠪᠠᠶᠢᠭᠤᠯᠵᠤ᠂ ᠳᠡᠯᠭᠡᠭᠦᠷ ᠤᠨ ᠣᠷᠣ ᠶᠢ ᠰᠢᠨ᠎ᠠ ᠪᠠᠷ 4000 ᠭᠠᠷᠤᠢ ᠨᠡᠮᠡᠭᠳᠡᠭᠦᠯᠵᠦ᠂ 4.5 ᠲᠦᠮᠡᠨ ᠬᠥᠮᠦᠨ ᠤ ᠠᠵᠢᠯ ᠣᠯᠭᠤᠯᠲᠠ ᠶᠢ ᠳᠠᠶᠢᠴᠢᠯᠠᠪᠠ᠃ ᠲᠣᠭᠠᠴᠢᠯᠠᠯᠳᠠ ᠪᠠᠷ ᠬᠦᠴᠦᠨ ᠨᠡᠮᠡᠷᠢᠯᠡᠵᠤ᠂ ᠪᠤᠯᠪᠠᠰᠤᠨ ᠬᠤᠳᠠ ᠶᠢ ᠡᠬᠦᠳᠦᠨ ᠪᠠᠶᠢᠭᠤᠯᠬᠤ ᠤᠶᠤᠨᠴᠢ ᠡᠭᠦᠯᠡᠨ ᠲᠠᠪᠴᠠᠩ᠂ ᠺᠣᠳ᠋ ᠳᠡᠭᠡᠷᠡᠬᠢ ᠠᠮᠢᠳᠤᠷᠠᠯ ᠤᠨ ᠦᠨᠡᠯᠡᠯᠳᠡ᠂ ᠲᠣᠭᠠᠴᠢᠯᠠᠭᠰᠠᠨ ᠬᠤᠳᠠ ᠶᠢᠨ ᠬᠠᠮᠢᠶᠠᠷᠤᠯᠲᠠ ᠵᠡᠷᠭᠡ ᠬᠤᠳᠠ ᠶᠢᠨ ᠬᠠᠮᠢᠶᠠᠷᠤᠯᠲᠠ ᠶᠢᠨ ᠰᠢᠰᠲ᠋ᠧᠮ ᠢ ᠰᠤᠳᠤᠯᠤᠨ ᠨᠡᠭᠡᠭᠡᠵᠤ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ ᠨᠡᠮᠡᠷᠢᠯᠡᠪᠠ᠃        ᠳ᠋ᠦ᠋ ᠬᠤᠢ ᠯᠢᠶᠠᠩ ᠤᠨ ᠲᠠᠨᠢᠯᠴᠠᠭᠤᠯᠤᠬᠰᠠᠨ ᠢᠶᠠᠷ᠂ ᠮᠠᠨ ᠤ ᠬᠤᠲᠠ ᠪᠣᠯᠪᠠᠰᠤᠨ ᠬᠤᠲᠠ ᠶᠢᠨ ᠡᠬᠦᠳᠦᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠶᠠᠪᠤᠴᠠ  ᠳᠤ᠂ ᠬᠤᠲᠠ ᠶᠢᠨ ᠥᠩᠭᠡ ᠦᠵᠡᠮᠵᠢ ᠶᠢ ᠭᠤᠶᠤᠵᠢᠭᠤᠯᠤᠬᠰᠠᠨ ᠢᠶᠠᠷ ᠪᠠᠷᠠᠬᠤ ᠥᠬᠡᠶ ᠬᠤᠲᠠ ᠶᠢᠨ ᠳᠤᠳᠤᠭᠠᠳᠦ ᠠᠭᠤᠯᠤᠭᠳᠠᠬᠤᠨ ᠢ ᠴᠤ ᠬᠦᠴᠦᠯᠡᠨ ᠲᠡᠭᠦᠯᠳᠡᠷᠵᠢᠬᠦᠯᠪᠡ᠃ ᠤᠳᠤ ᠤᠷᠳᠤᠰ ᠤᠨ ᠶᠡᠷᠦᠩᠬᠡᠶᠢᠯᠡᠭᠰᠡᠨ ᠦᠷᠢᠰᠦᠯᠳᠦᠬᠦ ᠬᠦᠴᠦᠨ᠂ ᠲᠠᠭᠤᠷᠢᠶᠠᠯ ᠦᠵᠡᠭᠦᠯᠵᠦ ᠳᠠᠶᠢᠴᠢᠯᠠᠬᠤ ᠬᠦᠴᠦᠨ ᠵᠢᠴᠢ ᠰᠣᠶᠣᠯ ᠢᠷᠭᠡᠨᠰᠢᠯ ᠤᠨ ᠲᠠᠳᠠᠬᠤ ᠬᠦᠴᠦᠨ᠂ ᠬᠥᠭᠵᠢᠯᠲᠡ ᠶᠢᠨ ᠠᠮᠢᠵᠢᠷᠠᠯ ᠤᠨ ᠬᠦᠴᠦᠨ᠂ ᠭᠠᠳᠠᠭᠠᠳᠤ ᠳᠠᠬᠢ ᠨᠥᠯᠣᠭᠡᠯᠡᠬᠦ ᠬᠦᠴᠦᠨ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠢᠯᠡᠳᠲᠡ ᠴᠢᠩᠭᠠᠷᠠᠵᠤ᠂ ᠬᠤᠳᠠ ᠶᠢᠨ ᠴᠤᠭ ᠵᠢᠪᠬᠤᠭ᠎ᠠ ᠨᠡᠩ ᠪᠠᠳᠠᠷᠠᠵᠤ᠂ ︽ᠬᠠᠶᠢᠷ᠎ᠠ ᠬᠠᠯᠠᠮᠵᠢᠳᠤ ᠬᠤᠳᠠ︾ ᠶᠢᠨ ᠲᠦᠷᠢ ᠲᠥᠷᠬᠦ ᠡᠳᠦᠷ ᠢᠷᠡᠬᠦᠶ᠎ᠠ ᠪᠠᠶᠠᠯᠢᠭᠵᠢᠵᠤ ᠪᠠᠶᠢᠨ᠎ᠠ᠃       2021 ᠣᠨ ᠳᠤ ᠮᠠᠨ ᠤ ᠬᠤᠲᠠ ᠤᠯᠤᠰ ᠤᠨ ᠪᠠᠷᠠᠭᠤᠨ ᠬᠤᠶᠢᠲᠤ ᠬᠡᠰᠡᠭ ᠲᠠᠬᠢ ᠴᠣᠷᠢ ᠶᠢᠨ ᠭᠠᠭᠴᠠ ᠪᠥᠬᠦ ᠤᠯᠤᠰ ᠤᠨ ᠪᠣᠯᠪᠠᠰᠤᠨ ᠤ ᠨᠡᠶᠢᠳᠡᠯᠢᠭ ᠲᠠᠭᠤᠷᠢᠶᠠᠯ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠲᠤᠷᠰᠢᠯᠲᠠ ᠶᠢᠨ ᠬᠤᠲᠠ ᠪᠠᠷ ᠰᠣᠩᠭᠤᠭᠳᠠᠵᠤ᠂ ᠬᠠᠷᠢᠶᠠᠨ ᠳᠠᠬᠢ 9 ᠬᠤᠰᠢᠭᠤ ᠲᠣᠭᠤᠷᠢᠭ ᠤᠨ ᠳᠣᠲᠣᠷᠠᠬᠢ 3 ᠬᠤᠰᠢᠭᠤ ᠨᠢ ᠪᠥᠬᠦ ᠤᠯᠤᠰ ᠤᠨ ᠰᠢᠶᠠᠨ ᠤ ᠱᠠᠲᠤᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠵᠤ᠂ 3 ᠬᠤᠰᠢᠭᠤ ᠨᠢ ᠪᠥᠬᠦ ᠤᠯᠤᠰ ᠤᠨ ᠰᠢᠶᠠᠨ ᠤ ᠱᠠᠲᠤᠨ ᠤ ᠨᠡᠷ᠎ᠠ ᠳᠤᠷᠠᠳᠤᠭᠳᠠᠭᠰᠠᠨ ᠬᠤᠲᠠ ᠪᠤᠯᠵᠤ᠂ ᠤᠯᠤᠰ ᠤᠨ ᠪᠠᠷᠠᠭᠤᠨ ᠬᠡᠰᠡᠭ ᠲᠠᠬᠢ ᠪᠥᠬᠦ ᠤᠯᠤᠰ ᠤᠨ ᠪᠣᠯᠪᠠᠰᠤᠨ ᠬᠤᠲᠠ ᠶᠢᠨ ᠲᠤᠭ᠎ᠠ ᠬᠡᠮᠵᠢᠶ᠎ᠠ ᠪᠠᠷ ᠬᠠᠮᠤᠭ ᠤᠨ ᠣᠯᠠᠨ ᠬᠤᠲᠠ ᠶᠢᠨ ᠰᠦᠷᠦᠭᠵᠢᠯ ᠢ ᠪᠠᠶᠢᠭᠤᠯᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠲᠠᠰ ᠳᠡᠪᠰᠢᠬᠦ ᠰᠢᠨ᠎ᠠ ᠱᠠᠲᠤᠨ ᠳᠤ ᠣᠷᠣᠪᠠ᠃ ᠳ᠋ᠦ᠋ ᠬᠤᠢ ᠯᠢᠶᠠᠩ ᠲᠠᠨᠢᠯᠴᠠᠭᠤᠯᠬᠤ ᠳᠠᠭᠠᠨ᠂ ᠡᠨᠡ ᠵᠢᠯ ᠮᠠᠨ ᠤ ᠬᠤᠲᠠ ᠪᠥᠬᠦ ᠤᠯᠤᠰ ᠤᠨ ᠨᠡᠩ ᠦᠨᠳᠦᠷ ᠳᠦᠪᠰᠢᠨ ᠪᠦᠬᠦᠢ ᠪᠤᠯᠤᠭᠰᠠᠨ ᠬᠤᠲᠠ ᠶᠢ ᠪᠥᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠵᠤ᠂ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠬᠦ ᠶᠢᠨ ᠬᠠᠮᠲᠤ ᠬᠤᠲᠠ ᠶᠢ ᠰᠢᠨᠡᠳᠭᠡᠬᠦ ᠠᠵᠢᠯᠯᠠᠭ᠎ᠠ ᠶᠢ ᠬᠡᠷᠡᠭᠵᠢᠭᠦᠯᠵᠦ᠂ ᠬᠠᠶᠢᠮᠢᠶᠠᠨ ᠬᠤᠲᠠ᠂ ᠴᠡᠴᠡᠷᠯᠢᠭ ᠤᠨ ᠬᠤᠲᠠ᠂ ᠤᠯᠤᠰ ᠤᠨ ᠠᠮᠢ ᠠᠬᠤᠶ ᠶᠢᠨ ᠴᠡᠴᠡᠷᠯᠢᠭᠲᠦ ᠬᠤᠲᠠ ᠶᠢ ᠪᠥᠲᠥᠭᠡᠨ ᠪᠠᠶᠢᠭᠤᠯᠤᠨ᠎ᠠ︔ ︽ᠤᠶᠤᠨᠴᠢᠯᠠᠬᠰᠠᠨ᠂ ᠰᠢᠰᠲ᠋ᠧᠮᠴᠢᠯᠡᠭᠰᠡᠨ᠂ ᠨᠠᠷᠢᠯᠢᠬᠵᠢᠭᠤᠯᠤᠬᠰᠠᠨ︾ ᠬᠤᠳᠠ ᠶᠢᠨ ᠬᠠᠮᠢᠶᠠᠷᠤᠯᠲᠠ ᠶᠢᠨ ᠣᠳᠣᠬᠢᠴᠢᠯᠠᠯᠲᠠ ᠶᠢ ᠠᠬᠢᠭᠤᠯᠤᠨ᠎ᠠ᠃ ᠬᠤᠲᠠ ᠶᠢᠨ ᠠᠷᠠᠳ ᠤᠨ ᠬᠡᠪ ᠪᠤᠯᠪᠠᠰᠤᠷᠠᠯ ᠢ ᠳᠡᠭᠡᠭᠰᠢᠯᠡᠭᠦᠯᠬᠦ ᠶᠢᠨ ᠬᠠᠮᠲᠤ ᠰᠣᠶᠣᠯ ᠢᠶᠠᠷ ᠬᠤᠲᠠ ᠶᠢ ᠮᠠᠨᠳᠤᠭᠤᠯᠬᠤ᠂ ᠰᠣᠶᠣᠯ ᠢᠶᠠᠷ ᠬᠥᠮᠦᠨ ᠢ ᠬᠥᠮᠦᠵᠢᠭᠦᠯᠬᠦ᠂ ᠰᠣᠶᠣᠯ ᠢᠶᠠᠷ ᠬᠥᠮᠦᠨ ᠢ ᠤᠬᠠᠭᠠᠷᠠᠭᠤᠯᠬᠤ᠂ ᠬᠤᠲᠠ ᠶᠢᠨ ᠰᠣᠶᠣᠯ ᠤᠨ ᠬᠡᠪ ᠴᠢᠨᠠᠷ ᠢ ᠰᠢᠯᠢᠳᠡᠭᠵᠢᠭᠦᠯᠬᠦ ᠶᠢ ᠠᠬᠢᠭᠤᠯᠤᠨ᠎ᠠ᠃ ᠪᠥᠬᠦ ᠣᠷᠣᠨ ᠳᠤ ︽ᠪᠣᠯᠪᠠᠰᠤᠨ ᠦᠢᠯᠡ ᠠᠵᠢᠯᠯᠠᠭ᠎ᠠ ᠶᠢ ᠠᠬᠢᠭᠤᠯᠬᠤ ᠲᠦᠷᠢᠮ︾ ᠢ ᠲᠦᠷᠦᠭᠦᠯᠡᠨ ᠨᠡᠶᠢᠲᠡᠯᠡᠵᠦ᠂ ︽ᠨᠣᠬᠠᠶ ᠲᠡᠵᠢᠭᠡᠬᠦ ᠬᠠᠮᠢᠶᠠᠷᠤᠯᠲᠠ ᠶᠢᠨ ᠲᠦᠷᠢᠮ︾ ᠵᠡᠷᠭᠡ ᠬᠠᠤᠯᠢ ᠲᠣᠭᠲᠠᠭᠠᠯ ᠢ ᠤᠳᠠᠯ ᠥᠬᠡᠶ ᠨᠡᠶᠢᠲᠡᠯᠡᠬᠦ ᠪᠠᠷ ᠪᠠᠶᠢᠨ᠎ᠠ᠂ ᠡᠭᠦᠨ ᠤ ᠬᠠᠮᠲᠤ᠂ ︽ᠨᠡᠶᠢᠭᠡᠮ ᠤᠨ ᠬᠤᠪᠢ ᠨᠡᠮᠡᠷᠢ ᠶᠢᠨ ᠬᠡᠮᠵᠢᠶ᠎ᠠ ᠶᠢ ᠦᠨᠡᠯᠡᠨ ᠵᠢᠱᠢᠬᠦ︾ ᠪᠠᠷ ᠭᠤᠤᠯ ᠪᠣᠯᠭᠠᠭᠰᠠᠨ ᠬᠤᠲᠠ ᠶᠢᠨ ᠠᠷᠠᠳ ᠤᠨ ᠵᠠᠩ ᠮᠣᠷᠠᠯ ᠤᠨ ᠬᠤᠪᠢ ᠬᠤᠷᠠᠮᠳᠤᠭᠤᠯᠬᠤ ᠲᠤᠭᠳᠠᠯᠴᠠᠭ᠎ᠠ ᠶᠢᠨ ᠬᠡᠷᠡᠭᠵᠢᠬᠦᠯᠤᠯᠳᠠ ᠪᠠᠨ ᠤᠯᠠᠮ ᠴᠢᠩᠭᠠᠷᠠᠭᠤᠯᠵᠤ᠂ ᠨᠡᠶᠢᠭᠡᠮ ᠤᠨ ᠬᠡᠪ ᠰᠤᠷᠲᠠᠯ ᠢ ᠬᠥᠲᠥᠯᠣᠨ ᠳᠠᠭᠠᠭᠤᠯᠬᠤ ᠪᠣᠯᠭᠠᠨ᠎ᠠ᠃ ︽ᠴᠢᠩᠭ᠎ᠠ ᠬᠢᠵᠠᠭᠠᠷᠯᠠᠬᠤ︾ ᠪᠠ ︽ᠵᠥᠭᠡᠯᠡᠨ ᠢᠶᠠᠷ ᠬᠥᠲᠥᠯᠣᠨ ᠵᠢᠯᠣᠭᠤᠳᠬᠤ︾ ᠬᠤᠤᠰ ᠴᠢᠭᠯᠡᠯ ᠢᠶᠠᠷ ᠬᠦᠴᠦᠯᠡᠵᠦ᠂ ᠬᠤᠲᠠ ᠶᠢᠨ ᠠᠷᠠᠳ ᠤᠨ ᠪᠣᠯᠪᠠᠰᠤᠨ ᠤ ᠬᠡᠮᠵᠢᠶ᠎ᠠ ᠶᠢ ᠳᠡᠭᠡᠭᠰᠢᠯᠡᠭᠦᠯᠣᠨ᠎ᠠ ᠭᠡᠵᠠᠢ᠃       ᠳ᠋ᠦ᠋ ᠬᠤᠢ ᠯᠢᠶᠠᠩ᠄ ︽ᠡᠨᠡ ᠵᠢᠯ ᠪᠢᠳᠡ ᠤᠯᠠᠨ ᠲᠦᠮᠡᠨ ᠤ ᠬᠠᠮᠤᠭ ᠤᠨ ᠠᠩᠬᠠᠷᠴᠤ ᠪᠠᠶᠢᠭ᠎ᠠ ᠪᠣᠳᠠᠲᠤ ᠶᠠᠪᠤᠳᠠᠯ᠂ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠤ ᠬᠡᠷᠡᠭᠴᠡᠭᠡ ᠠᠴᠠ ᠭᠠᠷᠳᠠᠵᠤ᠂ ᠨᠡᠩ ᠦᠨᠳᠤᠷ ᠲᠦᠪᠰᠢᠨ ᠪᠦᠬᠦᠢ ᠪᠤᠯᠪᠠᠰᠤᠨ ᠬᠤᠳᠠ ᠶᠢ ᠡᠬᠦᠳᠤᠨ ᠪᠠᠶᠢᠭᠤᠯᠬᠤ ᠪᠠᠷ ᠶᠡᠷᠦᠩᠬᠡᠢ ᠬᠠᠷᠠᠯᠳᠠ ᠪᠤᠯᠭᠠᠨ᠂ ᠪᠣᠯᠪᠠᠰᠤᠨ ᠢ ᠡᠭᠦᠳᠦᠨ ᠪᠠᠶᠢᠭᠤᠯᠬᠤ ᠪᠠᠷᠢᠮᠵᠢᠶ᠎ᠠ ᠲᠠᠢ ᠬᠠᠷᠭᠤᠭᠤᠯᠵᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ᠂ ᠪᠣᠯᠪᠠᠰᠤᠨ ᠦᠢᠯᠡᠳᠦᠯᠭᠡ ᠪᠠᠷ ᠬᠡᠪ ᠰᠤᠷᠲᠠᠯ ᠢ ᠬᠦᠳᠦᠯᠣᠨ ᠳᠠᠭᠠᠭᠤᠯᠬᠤ ᠠᠵᠢᠯᠯᠠᠭ᠎ᠠ᠂ ᠪᠣᠯᠪᠠᠰᠤᠨ ᠢ ᠡᠷᠬᠢᠮᠯᠡᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠠᠵᠢᠯᠯᠠᠭ᠎ᠠ᠂ ᠨᠡᠩ ᠶᠡᠭᠡ ᠬᠦᠳᠦᠯᠣᠨ ᠳᠠᠭᠠᠭᠤᠯᠬᠤ ᠬᠦᠴᠦᠨ ᠲᠠᠢ᠂ ᠲᠠᠭᠤᠷᠢᠶᠠᠯ ᠦᠵᠡᠭᠦᠯᠬᠦ ᠬᠦᠴᠦᠨ ᠲᠠᠢ᠂ ᠨᠥᠯᠣᠭᠡᠯᠡᠬᠦ ᠬᠦᠴᠦᠨ ᠲᠠᠢ ᠪᠦᠬᠦ ᠤᠯᠤᠰ ᠤᠨ ᠨᠡᠩ ᠦᠨᠳᠤᠷ ᠲᠦᠪᠰᠢᠨ ᠪᠦᠬᠦᠢ ᠪᠤᠯᠪᠠᠰᠤᠨ ᠬᠤᠳᠠ ᠶᠢ ᠡᠭᠦᠳᠦᠨ ᠪᠠᠶᠢᠭᠤᠯᠵᠤ᠂ ᠰᠢᠶᠠᠨ ᠤ ᠲᠡᠰ ᠤᠨ ᠪᠣᠯᠪᠠᠰᠤᠨ ᠬᠤᠳᠠ ᠶᠢᠨ ᠰᠦᠷᠦᠭᠵᠢᠯ ᠢ ᠪᠠᠶᠢᠭᠤᠯᠤᠨ᠂ ᠤᠷᠳᠤᠰ ᠲᠤ ᠠᠮᠢᠳᠤᠷᠠᠵᠤ ᠪᠠᠶᠢᠭ᠎ᠠ ᠤᠯᠠᠨ ᠲᠦᠮᠡᠨ ᠳᠤ ᠬᠤᠳᠠ ᠶᠢᠨ ᠪᠣᠯᠪᠠᠰᠤᠨ ᠤ ᠳᠡᠭᠡᠭᠰᠢᠯᠡᠯᠳᠡ ᠶᠢ ᠮᠡᠳᠡᠷᠡᠬᠦᠯᠵᠤ᠂ ᠨᠡᠩ ᠵᠤᠯ ᠵᠢᠷᠭᠠᠯ ᠲᠠᠢ ᠪᠠᠶᠢᠬᠤ ᠲᠦᠷᠦᠭᠳᠡᠯ ᠤᠯᠭᠤᠨ᠎ᠡ︾ ᠭᠡᠪᠡ᠃     
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ