| ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 21 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ᠂ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ | ᠬᠤᠷᠢᠶ᠎ᠠ ᠶᠢᠨ ᠡᠷᠭᠢᠯᠡᠭᠴᠢ ᠰᠢ ᠶᠢᠨ ᠫᠢᠩ 4 ᠰᠠᠷ᠎ᠠ ᠶᠢᠨ 21 ᠤ ᠦᠳᠡ ᠶᠢᠨ ᠬᠤᠶᠢᠨ᠎ᠠ ᠬᠤᠷᠢᠳᠤᠭᠠᠷ ᠬᠤᠭᠤᠴᠠᠭᠠᠨ ᠤ ᠲᠥᠪ ᠤᠨ ᠥᠭᠡᠷᠡᠴᠢᠯᠡᠯᠲᠡ ᠶᠢ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠠᠩᠬᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠤ ᠬᠠᠮᠲᠤ ᠴᠢᠬᠤᠯᠠ ᠶᠠᠷᠢᠶ᠎ᠠ ᠲᠠᠯᠪᠢᠪᠠ᠃ ᠲᠡᠷᠡ᠂ ᠡᠨᠡ ᠵᠢᠯ | ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ᠥᠭᠡᠷᠡᠴᠢᠯᠡᠯᠲᠡ | ᠨᠡᠭᠡᠭᠡᠯᠲᠡ ᠬᠢᠭᠰᠡᠨ 45 ᠵᠢᠯ ᠤᠨ ᠤᠢ ᠪᠠ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ | ᠬᠤᠷᠠᠯᠳᠤᠭᠰᠠᠨ 10 ᠵᠢᠯ ᠤᠨ ᠤᠢ ᠪᠣᠯᠣᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠤ ᠬᠠᠷᠠᠯᠲᠠ ᠡᠭᠦᠷᠭᠡ ᠶᠢ ᠪᠡᠶᠡᠯᠡᠭᠦᠯᠬᠦ ᠳᠤ᠂ ᠥᠭᠡᠷᠡᠴᠢᠯᠡᠯᠲᠡ ᠶᠢ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠦᠨᠳᠦᠰᠦᠨ ᠬᠦᠳᠡᠯᠭᠡᠬᠦ ᠬᠦᠴᠦᠨ ᠪᠣᠯᠭᠠᠵᠤ᠂ ᠶᠡᠭᠡ | ᠲᠠᠯ᠎ᠠ ᠶᠢ ᠲᠣᠭᠲᠠᠭᠤᠨ ᠪᠠᠶᠢᠯᠭᠠᠬᠤ᠂ ᠬᠤᠪᠢᠷᠠᠯᠲᠠ ᠶᠢ ᠠᠷᠭᠠᠴᠠᠭᠠᠬᠤ᠂ ᠰᠢᠨ᠎ᠡ ᠪᠠᠶᠢᠳᠠᠯ ᠢ ᠡᠭᠦᠳᠬᠦ ᠴᠢᠬᠤᠯᠠ ᠭᠠᠷᠳᠠᠴᠠ ᠪᠣᠯᠭᠠᠵᠤ᠂ ᠴᠢᠭᠯᠡᠯ ᠢᠶᠠᠨ ᠣᠨᠣᠪᠴᠢᠲᠠᠢ | ᠡᠵᠡᠮᠳᠡᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠰᠢᠨ᠎ᠡ ᠠᠶᠠᠨ ᠳᠠᠭᠠᠨ ᠥᠭᠡᠷᠡᠴᠢᠯᠡᠯᠲᠡ | ᠨᠡᠭᠡᠭᠡᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠬᠤᠷᠢᠶ᠎ᠠ ᠶᠢᠨ ᠳᠡᠳ᠋ ᠡᠷᠭᠢᠯᠡᠭᠴᠢ ᠯᠢ ᠴᠢᠶᠠᠩ᠂ ᠸᠠᠩ ᠬᠤ᠋ ᠨᠢᠩ᠂ ᠼᠠᠢ ᠴᠢ ᠬᠤᠷᠠᠯ ᠳᠤ ᠣᠷᠣᠯᠴᠠᠵᠠᠢ᠃ | ᠬᠤᠷᠠᠯ ᠠᠴᠠ ︽ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ | ᠴᠢᠩᠭᠠᠳᠬᠠᠬᠤ ᠲᠤᠬᠠᠢ ᠰᠠᠨᠠᠯ︾᠂ ︽ᠤᠯᠤᠰ ᠤᠨ ᠥᠮᠴᠢᠯᠡᠯ ᠤᠨ ᠠᠵᠤ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠵᠤ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠳᠡᠮᠵᠢᠬᠦ ᠲᠤᠬᠠᠢ ᠰᠠᠨᠠᠯ︾᠂ ︽ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠨ ᠪᠤᠵᠠᠭᠠᠶᠢᠷᠠᠬᠤ ᠶᠢ ᠠᠬᠢᠭᠤᠯᠬᠤ ᠲᠤᠬᠠᠢ ᠰᠠᠨᠠᠯ︾ ᠪᠣᠯᠣᠨ ︽ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ | ᠠᠵᠢᠯ ᠤᠨ ᠳᠦᠷᠢᠮ︾᠂ ︽ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠲᠤᠰᠬᠠᠢ ᠳᠤᠭᠤᠶᠢᠯᠠᠩ ᠤᠨ ᠠᠵᠢᠯ ᠤᠨ ᠳᠦᠷᠢᠮ | ︾᠂ ︽ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠠᠯᠪᠠᠨ ᠭᠡᠷ ᠤᠨ ᠠᠵᠢᠯ ᠤᠨ ᠨᠠᠷᠢᠨ ᠳᠦᠷᠢᠮ︾᠂ ︽ᠲᠥᠪ ᠤᠨ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ 2023 ᠣᠨ ᠤ ᠠᠵᠢᠯ ᠤᠨ ᠭᠤᠣᠯᠳᠠᠯᠭ᠎ᠠ︾ ᠶᠢ ᠬᠢᠨᠠᠨ ᠵᠥᠪᠯᠡᠵᠦ ᠪᠠᠲᠤᠯᠠᠪᠠ᠃ | ᠬᠤᠷᠠᠯ ᠠᠴᠠ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ | ᠴᠢᠩᠭᠠᠳᠬᠠᠬᠤ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠥᠨᠳᠥᠷ ᠲᠦᠪᠰᠢᠨ ᠪᠦᠬᠦᠢ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠤᠨ ᠪᠡᠶᠡᠯᠡᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ | ᠪᠣᠯᠣᠨ᠎ᠠ᠃ ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ︽ᠬᠡᠨ ᠤ ᠲᠥᠯᠥᠭᠡ ᠰᠢᠨ᠎ᠡ ᠶᠢ ᠡᠭᠦᠳᠬᠦ᠂ ᠬᠡᠨ ᠰᠢᠨ᠎ᠡ ᠶᠢ ᠡᠭᠦᠳᠬᠦ᠂ ᠶᠠᠭᠤ ᠶᠢ ᠰᠢᠨ᠎ᠡ ᠶᠢ ᠡᠭᠦᠳᠬᠦ᠂ | ᠬᠡᠷᠬᠢᠨ ᠰᠢᠨ᠎ᠡ ᠶᠢ ᠡᠭᠦᠳᠬᠦ︾ ᠶᠢᠨ ᠲᠣᠭᠤᠷᠢᠨ ᠳᠤ᠂ ᠳᠦᠷᠢᠮ ᠤᠨ ᠪᠠᠶᠢᠭᠤᠯᠤᠯᠲᠠ ᠠᠴᠠ ᠡᠭᠦᠰᠴᠦ᠂ ᠮᠡᠷᠭᠡᠵᠢᠯ ᠤᠨ ᠰᠢᠨ᠎ᠡ ᠶᠢ ᠡᠭᠦᠳᠬᠦ ᠰᠢᠢᠳᠪᠦᠷᠢᠲᠦ | ᠪᠣᠳᠣᠯᠭ᠎ᠠ᠂ ᠰᠤᠳᠤᠯᠤᠨ ᠨᠡᠭᠡᠭᠡᠬᠦ ᠣᠷᠤᠭᠤᠯᠤᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠣᠬᠢᠶᠠᠨ ᠪᠠᠶᠢᠭᠤᠯᠤᠯᠲᠠ᠂ ᠦᠷ᠎ᠡ ᠪᠦᠲᠦᠭᠡᠯ ᠢ ᠣᠨᠳᠣᠣᠰᠢᠭᠤᠯᠬᠤ | ᠪᠦᠭᠦ ᠬᠡᠯᠬᠢᠶᠡᠨ ᠤ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠬᠢᠵᠦ᠂ ᠲᠥᠷᠥ ᠶᠢᠨ ᠪᠣᠳᠣᠯᠭ᠎ᠠ᠂ ᠪᠡᠯᠡ ᠮᠥᠩᠭᠦ᠂ ᠲᠥᠷᠥᠯ ᠵᠦᠢᠯ᠂ ᠲᠠᠪᠴᠠᠩ᠂ ᠴᠢᠳᠠᠪᠤᠷᠢᠲᠠᠨ | ᠵᠡᠷᠭᠡ ᠵᠠᠩᠭᠢᠯᠠᠭ᠎ᠠ ᠶᠢᠨ ᠰᠢᠨ᠎ᠡ ᠶᠢ ᠡᠭᠦᠳᠬᠦ ᠡᠬᠢ ᠪᠠᠶᠠᠯᠢᠭ ᠤᠨ ᠰᠢᠰᠲ᠋ᠧᠮ ᠤᠨ ᠪᠠᠶᠢᠷᠢᠰᠢᠭᠤᠯᠤᠯᠲᠠ ᠬᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ᠂ ᠠᠵᠤ ᠦᠢᠯᠡᠰ ᠤᠨ ᠰᠢᠨ᠎ᠡ ᠶᠢ ᠡᠭᠦᠳᠬᠦ ᠪᠠ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ | ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ ᠦᠢᠯᠡᠳᠪᠦᠷᠢᠯᠡᠯ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠥᠨᠳᠥᠷ ᠦᠷ᠎ᠡ | ᠪᠦᠲᠦᠮᠵᠢᠲᠡᠢ ᠬᠠᠮᠵᠢᠯᠴᠠᠭᠰᠠᠨ ᠭᠦᠨᠵᠡᠭᠡᠢ ᠠᠭᠤᠰᠤᠯᠴᠠᠭᠰᠠᠨ ᠰᠢᠨ᠎ᠡ ᠶᠢ ᠡᠭᠦᠳᠬᠦ ᠰᠢᠰᠲ᠋ᠧᠮ ᠢ ᠠᠬᠢᠭᠤᠯᠤᠨ ᠪᠦᠷᠢᠯᠳᠦᠭᠦᠯᠬᠦ ᠬᠡᠷᠡᠭᠲᠡᠢ᠃ ᠤᠯᠤᠰ ᠤᠨ ᠪᠠᠶᠢᠯᠳᠤᠬᠤ | ᠪᠣᠳᠣᠯᠭ᠎ᠠ ᠪᠠ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠰᠢᠨ᠎ᠡ ᠶᠢ | ᠡᠭᠦᠳᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠤᠯᠤᠰ ᠤᠨ ᠴᠢᠬᠤᠯᠠ ᠶᠡᠭᠡ ᠰᠢᠨ᠎ᠡ ᠶᠢ ᠡᠭᠦᠳᠬᠦ ᠳᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠣᠷᠤᠯᠴᠠᠬᠤ ᠶᠢ ᠢᠳᠡᠪᠬᠢᠲᠡᠢ ᠵᠣᠷᠢᠭᠵᠢᠭᠤᠯᠤᠨ ᠪᠦᠲᠦᠮᠵᠢᠲᠡᠢ ᠬᠥᠲᠥᠯᠥᠨ ᠵᠢᠯᠤᠭᠤᠳᠴᠤ᠂ ᠠᠵᠤ ᠠᠬᠤᠶᠢᠯᠠᠯ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ | ᠰᠢᠨ᠎ᠡ ᠶᠢ ᠡᠭᠦᠳᠬᠦ ᠪᠠ ᠴᠢᠬᠤᠯᠠ ᠶᠡᠭᠡ ᠤᠤᠭᠠᠯ ᠡᠭᠦᠳᠦᠯᠲᠡ ᠶᠢᠨ ᠮᠡᠷᠭᠡᠵᠢᠯ ᠤᠨ ᠰᠢᠪᠲᠤᠯᠤᠯᠲᠠ ᠳᠤ ᠦᠢᠯᠡᠳᠦᠯ ᠦᠵᠡᠭᠦᠯᠭᠦ ᠶᠢ ᠠᠬᠢᠭᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ᠃ ᠬᠤᠷᠠᠯ ᠠᠴᠠ᠂ ᠤᠯᠤᠰ ᠤᠨ ᠥᠮᠴᠢᠯᠡᠯ ᠤᠨ ᠠᠵᠤ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠬᠤ ᠳᠤ᠂ ᠰᠢᠨ᠎ᠡ ᠴᠠᠭ | ᠦᠶ᠎ᠡ ᠰᠢᠨ᠎ᠡ ᠠᠶᠠᠨ ᠤ ᠤᠯᠤᠰ ᠤᠨ ᠥᠮᠴᠢᠯᠡᠯ ᠤᠨ ᠠᠵᠤ ᠠᠬᠤᠢ ᠶᠢᠨ ᠡᠭᠦᠷᠭᠡᠯᠡᠵᠦ ᠪᠠᠶᠢᠭ᠎ᠠ ᠡᠭᠦᠷᠭᠡ ᠪᠣᠯᠣᠨ ᠴᠢᠳᠠᠮᠵᠢ ᠶᠢᠨ ᠪᠠᠶᠢᠷᠢ ᠲᠣᠭᠲᠠᠭᠠᠯᠲᠠ ᠳᠤ | ᠰᠠᠭᠤᠷᠢᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠦᠢᠯᠡᠴᠢᠯᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠬᠠᠮᠲᠤ ᠪᠠᠷ | ᠪᠠᠶᠠᠵᠢᠬᠤ ᠶᠢ ᠠᠬᠢᠭᠤᠯᠬᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠡᠭᠦᠰᠴᠦ᠂ ᠤᠯᠤᠰ ᠤᠨ | ᠥᠮᠴᠢᠯᠡᠯ ᠤᠨ ᠠᠵᠤ ᠠᠬᠤᠢ ᠶᠢᠨ ᠠᠮᠤᠷ ᠲᠦᠪᠰᠢᠨ ᠤ ᠬᠠᠷᠢᠭᠤᠴᠠᠯᠭ᠎ᠠ᠂ ᠶᠠᠰᠤ ᠴᠢᠨᠠᠷ ᠤᠨ ᠪᠦᠲᠦᠴᠡ᠂ ᠡᠳ᠋ ᠬᠥᠷᠥᠩᠭᠡ ᠪᠣᠯᠣᠨ ᠠᠵᠤ ᠠᠬᠤᠶᠢᠯᠠᠯ ᠤᠨ | ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠤᠲᠠᠭᠤᠳᠠᠯ ᠢ | ᠨᠥᠬᠦᠪᠦᠷᠢᠯᠡᠬᠦ᠂ ᠪᠠᠭᠤᠷᠠᠢ ᠲᠠᠯ᠎ᠠ ᠶᠢ ᠬᠦᠴᠦᠷᠬᠡᠭᠵᠢᠭᠦᠯᠬᠦ᠂ ᠰᠠᠭᠤᠷᠢ ᠶᠢ ᠪᠠᠬᠢᠵᠢᠭᠦᠯᠬᠦ᠂ ᠳᠠᠪᠠᠭᠤᠯᠢᠭ ᠢ ᠪᠠᠳᠠᠷᠠᠭᠤᠯᠬᠤ ᠪᠠᠷ ᠬᠦᠴᠦᠯᠡᠵᠦ᠂ ᠳᠡᠭᠡᠳᠦ | ᠳᠠᠪᠬᠤᠷᠭ᠎ᠠ ᠠᠴᠠ ᠨᠢᠭᠡᠳᠦᠯᠲᠡᠢ ᠲᠥᠯᠥᠪᠵᠢᠭᠦᠯᠦᠭᠰᠡᠨ᠂ ᠡᠷᠬᠡ ᠬᠠᠷᠢᠭᠤᠴᠠᠯᠭ᠎ᠠ ᠲᠣᠳᠣᠷᠬᠠᠢ᠂ ᠠᠵᠢᠯᠯᠠᠭ᠎ᠠ ᠨᠢ ᠥᠨᠳᠥᠷ ᠪᠦᠲᠦᠮᠵᠢᠲᠡᠢ᠂ ᠬᠢᠨᠠᠯᠲᠠ | ᠬᠠᠮᠢᠶᠠᠷᠤᠯᠲᠠ ᠨᠢ ᠬᠦᠴᠦᠲᠡᠢ ᠤᠯᠤᠰ ᠤᠨ ᠥᠮᠴᠢᠯᠡᠯ ᠤᠨ ᠠᠵᠤ ᠠᠬᠤᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠪᠣᠯ ᠨᠠᠮ ᠤᠨ ᠲᠥᠪ ᠬᠤᠷᠢᠶ᠎ᠠ ᠶᠢᠨ ᠢᠮᠠᠭᠲᠠ ᠶᠢᠨ ᠴᠢᠭᠯᠡᠯᠲᠡ | ᠮᠥᠨ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠳᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠶᠢᠨ ᠣᠷᠴᠢᠨ ᠢ ᠬᠦᠴᠦᠯᠡᠨ ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ | ᠡᠷᠬᠡ ᠲᠡᠭᠰᠢ ᠪᠠᠷ ᠣᠷᠤᠯᠴᠠᠬᠤ ᠶᠢ ᠬᠢᠵᠠᠭᠠᠷᠯᠠᠵᠤ ᠪᠠᠶᠢᠭ᠎ᠠ ᠳᠦᠷᠢᠮ ᠤᠨ ᠬᠠᠷᠰᠢ ᠰᠠᠭᠠᠳ ᠢ ᠠᠷᠢᠯᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ | ᠬᠥᠲᠥᠯᠥᠨ ᠵᠢᠯᠤᠭᠤᠳᠴᠤ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠪᠠᠶᠢᠷᠢ ᠲᠣᠭᠲᠠᠭᠠᠯᠲᠠ ᠶᠢ ᠨᠢ ᠵᠥᠪ ᠢᠶᠠᠷ ᠣᠯᠭᠤᠵᠤ᠂ ᠠᠵᠤ ᠠᠬᠤᠶᠢᠯᠠᠯ ᠤᠨ ᠲᠣᠰ | ᠪᠡᠶ᠎ᠡ ᠶᠢᠨ ᠥᠭᠡᠷᠡᠴᠢᠯᠡᠯᠲᠡ ᠬᠥᠭᠵᠢᠯᠲᠡ᠂ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠪᠠᠷ ᠳᠠᠮᠵᠢᠭᠤᠯᠤᠨ | ᠬᠥᠭᠵᠢᠯᠲᠡ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠣᠨᠴᠠᠯᠢᠭ ᠢ ᠭᠦᠢᠴᠡᠳ | ᠪᠣᠳᠣᠯᠬᠢᠯᠠᠵᠤ᠂ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠠᠷᠭ᠎ᠠ ᠬᠡᠯᠪᠡᠷᠢ ᠶᠢ ᠲᠡᠭᠦᠯᠳᠡᠷᠵᠢᠭᠦᠯᠵᠦ᠂ ᠲᠦᠷᠦ ᠶᠢᠨ ᠪᠣᠳᠣᠯᠭ᠎ᠠ ᠶᠢᠨ ᠵᠣᠬᠢᠴᠠᠩᠭᠤᠢ ᠴᠢᠨᠠᠷ ᠢ | ᠴᠢᠩᠭᠠᠳᠬᠠᠵᠤ᠂ ᠡᠯ᠎ᠡ ᠵᠦᠢᠯ ᠤᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢᠨ ᠣᠨᠣᠪᠴᠢᠲᠠᠢ ᠪᠠᠷ ᠰᠢᠭᠤᠳ ᠬᠦᠷᠬᠦ ᠶᠢ ᠠᠬᠢᠭᠤᠯᠵᠤ᠂ ᠠᠵᠤ ᠠᠬᠤᠶᠢᠯᠠᠯ ᠤᠨ | ᠪᠣᠳᠠᠲᠠᠢ ᠬᠦᠴᠢᠷᠳᠡᠯ ᠢ ᠦᠨᠡᠨ ᠬᠦ ᠰᠢᠢᠳᠪᠦᠷᠢᠯᠡᠬᠦ ᠬᠡᠷᠡᠭᠲᠡᠢ᠃ ᠳᠣᠲᠣᠨᠣ ᠴᠢᠬᠡᠴᠢ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠬᠤ ᠶᠢ | ᠪᠣᠳᠠᠲᠠᠢ ᠳᠤ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠥᠲᠥᠯᠥᠨ | ᠵᠢᠯᠤᠭᠤᠳᠴᠤ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠯᠤᠲᠤ ᠶᠡᠭᠡ ᠤᠯᠤᠰ ᠲᠥᠷᠥ ᠶᠢᠨ ᠰᠥᠰᠥ ᠵᠣᠷᠢᠭ ᠢᠶᠠᠷ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠬᠠᠷᠠᠯᠲᠠ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠳᠣᠪᠤᠶᠢᠯᠭᠠᠵᠤ᠂ ᠵᠣᠷᠢᠭᠲᠠᠢ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠵᠣᠷᠢᠭᠲᠠᠢ ᠪᠠᠷ ᠪᠡᠷᠬᠡ ᠶᠢ ᠳᠤᠭᠤᠯᠵᠤ᠂ ᠰᠢᠨ᠎ᠡ ᠵᠥᠷᠢᠴᠡᠯ ᠰᠢᠨ᠎ᠡ | ᠥᠷᠢᠰᠦᠯᠳᠦᠭᠡᠨ ᠳᠤ ᠵᠣᠷᠢᠭᠲᠠᠢ ᠪᠠᠷ ᠬᠠᠨᠳᠤᠵᠤ᠂ ᠡᠯ᠎ᠡ ᠲᠠᠯ᠎ᠠ ᠶᠢᠨ ᠪᠠᠶᠢᠭᠤᠯᠤᠮᠵᠢ ᠲᠣᠭᠲᠠᠴᠠ ᠶᠢᠨ ᠭᠡᠮ ᠰᠣᠭᠤᠭ ᠢ ᠡᠷᠡᠰ ᠠᠷᠢᠯᠭᠠᠵᠤ᠂ ᠤᠷᠢᠳ ᠡᠮᠦᠨ᠎ᠡ | ᠪᠠᠶᠢᠭ᠎ᠠ ᠦᠭᠡᠢ ᠡᠷᠴᠢᠮ ᠢᠶᠠᠷ ᠰᠢᠨ᠎ᠡ ᠪᠠᠶᠢᠳᠠᠯ ᠢ ᠨᠡᠭᠡᠭᠡᠪᠡ᠃ ᠰᠢᠨ᠎ᠡ ᠴᠠᠭ ᠦᠶ᠎ᠡ ᠶᠢᠨ 10 ᠵᠢᠯ ᠳᠤ᠂ ᠪᠢᠳᠡᠨ ᠤ ᠠᠬᠢᠭᠤᠯᠤᠭᠰᠠᠨ ᠥᠭᠡᠷᠡᠴᠢᠯᠡᠯᠲᠡ ᠪᠣᠯ ᠪᠦᠭᠦ | ᠲᠠᠯ᠎ᠠ ᠶᠢᠨ᠂ ᠭᠦᠨ ᠳᠠᠪᠬᠤᠷᠭ᠎ᠠ ᠶᠢᠨ᠂ ᠦᠨᠳᠦᠰᠦᠨ ᠴᠢᠨᠠᠷᠲᠠᠢ ᠶᠤᠮ᠂ ᠣᠯᠣᠭᠰᠠᠨ ᠠᠮᠵᠢᠯᠲᠠ ᠪᠣᠯ ᠲᠡᠦᠬᠡᠲᠦ ᠴᠢᠨᠠᠷᠲᠠᠢ᠂ ᠬᠤᠪᠢᠰᠬᠠᠯᠴᠢ ᠴᠢᠨᠠᠷᠲᠠᠢ᠂ | ᠡᠭᠦᠳᠦᠯᠲᠡ ᠶᠢᠨ ᠴᠢᠨᠠᠷᠲᠠᠢ ᠶᠤᠮ᠃ ᠳᠡᠯᠡᠬᠡᠢ ᠳ᠋ᠠᠬᠢᠨ ᠢ ᠪᠠᠷᠠᠯᠠᠬᠤᠶ᠎ᠠ᠂ ᠠᠯᠢ ᠨᠢᠭᠡ ᠤᠯᠤᠰ ᠪᠣᠯᠣᠨ ᠲᠦᠷᠦ ᠶᠢᠨ ᠨᠠᠮ ᠴᠦ ᠡᠶᠢᠮᠦ ᠤᠯᠤᠰ ᠲᠦᠷᠦ ᠶᠢᠨ ᠰᠥᠰᠥ | ᠵᠣᠷᠢᠭ ᠪᠣᠯᠣᠨ ᠲᠡᠦᠬᠡᠨ ᠬᠠᠷᠢᠭᠤᠴᠠᠯᠭ᠎ᠠ ᠡᠭᠦᠷᠭᠡᠯᠡᠯ ᠪᠠᠶᠢᠵᠤ ᠴᠢᠳᠠᠬᠤ ᠦᠭᠡᠢ ᠶᠤᠮ᠂ ᠢᠩᠭᠢᠵᠦ ᠵᠣᠷᠢᠭᠲᠠᠢ ᠪᠠᠷ ᠡᠷᠡᠰ ᠰᠢᠭᠤᠷᠬᠠᠢ ᠪᠠᠷ ᠬᠢᠲᠤᠭᠠᠨ ᠢᠷ ᠢᠶᠠᠨ | ᠳᠣᠲᠣᠭᠰᠢ ᠪᠠᠨ ᠬᠠᠨᠳᠤᠭᠤᠯᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ ᠴᠢᠳᠠᠬᠤ ᠦᠭᠡᠢ ᠶᠤᠮ᠂ ᠠᠯᠢ ᠴᠤ ᠤᠯᠤᠰ ᠪᠣᠯᠣᠨ ᠲᠦᠷᠦ ᠶᠢᠨ ᠨᠠᠮ ᠭᠡᠳ | ᠡᠶᠢᠮᠦ ᠣᠬᠤᠷᠬᠠᠨ ᠬᠤᠭᠤᠴᠠᠭᠠᠨ ᠳᠤ ᠡᠶᠢᠮᠦ ᠶᠡᠭᠡ ᠬᠡᠪᠴᠢᠶ᠎ᠡ᠂ ᠡᠶᠢᠮᠦ ᠶᠡᠭᠡ ᠡᠷᠴᠢᠮ ᠲᠠᠢ ᠥᠭᠡᠷᠡᠴᠢᠯᠡᠯᠲᠡ ᠶᠢ ᠠᠬᠢᠭᠤᠯᠵᠤ ᠴᠢᠳᠠᠬᠤ ᠦᠭᠡᠢ ᠶᠤᠮ᠂ ᠡᠨᠡ ᠪᠣᠯ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠢᠯᠡ ᠲᠣᠳᠣ ᠣᠨᠴᠠᠯᠢᠭ ᠪᠣᠯᠣᠨ ᠢᠯᠡᠳᠲᠡ ᠳᠠᠪᠠᠭᠤᠯᠢᠭ ᠪᠣᠯᠣᠨ᠎ᠠ᠃ | ᠰᠢᠨ᠎ᠡ ᠠᠶᠠᠨ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠦᠷᠭᠦᠯᠵᠢᠯᠡᠨ ᠠᠬᠢᠭᠤᠯᠬᠤ ᠳᠤ᠂ ᠨᠠᠮ ᠤᠨ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠵᠤ᠂ ᠥᠭᠡᠷᠡᠴᠢᠯᠡᠯᠲᠡ ᠶᠢᠨ ᠴᠢᠭᠯᠡᠯ ᠢ ᠣᠨᠣᠪᠴᠢᠲᠠᠢ ᠡᠵᠡᠮᠳᠡᠵᠦ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠰᠢᠨᠵᠢᠯᠡᠬᠦ ᠤᠬᠠᠭᠠᠨᠴᠢ | ᠲᠥᠯᠦᠪᠵᠢᠭᠦᠯᠭᠡ᠂ ᠰᠢᠨ᠎ᠡ ᠶᠢ ᠡᠭᠦᠳᠬᠦ ᠰᠥᠰᠥ ᠵᠣᠷᠢᠭ ᠢᠶᠠᠷ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ ᠪᠣᠳᠠᠲᠠᠢ ᠠᠳᠬᠤᠬᠤ ᠬᠡᠷᠡᠭᠲᠡᠢ᠃ ᠴᠢᠬᠤᠯᠠ ᠶᠡᠭᠡ | ᠥᠭᠡᠷᠡᠴᠢᠯᠡᠯᠲᠡ ᠶᠢᠨ ᠡᠭᠦᠷᠭᠡ ᠶᠢ ᠰᠠᠶᠢᠲᠤᠷ ᠠᠳᠬᠤᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠦᠭᠦ ᠲᠠᠯ᠎ᠠ ᠶᠢ ᠨᠢᠭᠡᠳᠦᠯᠲᠡᠢ ᠲᠥᠯᠥᠪᠵᠢᠭᠦᠯᠵᠦ᠂ | ᠭᠤᠣᠯᠳᠠᠯᠭ᠎ᠠ ᠶᠢ ᠡᠵᠡᠮᠳᠡᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤᠮᠳᠠᠬᠢ ᠴᠢᠬᠤᠯᠠ ᠶᠡᠭᠡ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠥᠭᠡᠷᠡᠴᠢᠯᠡᠯᠲᠡ ᠶᠢ ᠲᠥᠯᠥᠪᠵᠢᠭᠦᠯᠦᠨ ᠠᠬᠢᠭᠤᠯᠵᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠳᠦᠭᠰᠡᠨ | ᠠᠰᠢᠭᠲᠠᠢ ᠨᠥᠬᠦᠴᠡᠯ ᠢ ᠰᠠᠶᠢᠲᠤᠷ ᠠᠰᠢᠭᠯᠠᠵᠤ᠂ ᠡᠯ᠎ᠡ ᠲᠠᠯ᠎ᠠ ᠶᠢᠨ ᠪᠠᠶᠢᠭᠤᠯᠤᠮᠵᠢ ᠲᠣᠭᠲᠠᠴᠠ ᠶᠢᠨ ᠭᠡᠮ ᠰᠣᠭᠤᠭ ᠢ ᠠᠷᠢᠯᠭᠠᠬᠤ᠂ ᠭᠦᠨ ᠳᠠᠪᠬᠤᠷᠭ᠎ᠠ ᠶᠢᠨ ᠠᠰᠢᠭ | ᠲᠤᠰᠠ ᠶᠢᠨ ᠪᠠᠶᠢᠷᠢᠰᠢᠯ ᠳᠤ ᠲᠣᠬᠢᠷᠠᠭᠤᠯᠤᠯᠲᠠ ᠬᠢᠬᠦ ᠲᠠᠯ᠎ᠠ ᠪᠠᠷ ᠪᠠᠰᠠ ᠨᠢᠭᠡ ᠪᠦᠯᠦᠭ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠴᠢᠷᠮᠠᠶᠢᠬᠤ ᠬᠡᠷᠡᠭᠲᠡᠢ᠃ | ᠥᠭᠡᠷᠡᠴᠢᠯᠡᠯᠲᠡ ᠶᠢᠨ ᠪᠠᠶᠢᠴᠠᠭᠠᠨ ᠰᠤᠳᠤᠯᠤᠯᠲᠠ ᠶᠢ ᠴᠢᠩᠭᠠᠳᠬᠠᠵᠤ᠂ ᠵᠥᠷᠢᠴᠡᠯ ᠠᠰᠠᠭᠤᠳᠠᠯ ᠲᠥᠪᠯᠡᠷᠡᠭᠰᠡᠨ ᠭᠠᠵᠠᠷ ᠣᠷᠣᠨ ᠪᠠ ᠰᠠᠯᠠᠭ᠎ᠠ ᠮᠥᠴᠢᠷ ᠲᠤ | ᠢᠯᠡᠭᠦᠬᠡᠨ ᠬᠦᠷᠴᠦ᠂ ᠦᠨᠳᠦᠰᠦᠨ ᠱᠠᠲᠤᠨ ᠳᠤ ᠭᠦᠨᠵᠡᠭᠡᠶᠢᠷᠡᠨ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠪᠣᠳᠠᠲᠤ ᠪᠠᠶᠢᠳᠠᠯ ᠢ ᠣᠶᠢᠯᠠᠭᠠᠨ᠂ ᠨᠢᠭᠡ | ᠨᠢᠭᠡ ᠪᠠᠷ ᠪᠠᠶᠢᠴᠠᠭᠠᠨ ᠰᠢᠨᠵᠢᠯᠡᠵᠦ᠂ ᠪᠣᠳᠠᠲᠠᠢ ᠠᠰᠠᠭᠤᠳᠠᠯ ᠢ ᠭᠦᠨᠵᠡᠭᠡᠢ ᠰᠤᠳᠤᠯᠬᠤ ᠮᠥᠷᠲᠡᠭᠡᠨ ᠪᠠᠰᠠ ᠡᠯ᠎ᠡ ᠲᠠᠯ᠎ᠠ ᠶᠢᠨ ᠪᠠᠶᠢᠳᠠᠯ ᠢ ᠬᠤᠷᠢᠶᠠᠩᠭᠤᠶᠢᠯᠠᠬᠤ ᠳᠠᠭᠠᠨ | ᠴᠢᠳᠠᠮᠠᠭᠠᠢ ᠪᠠᠶᠢᠵᠤ᠂ ᠶᠡᠷᠦᠩᠬᠡᠢ ᠰᠡᠳᠬᠢᠴᠡ ᠪᠠ ᠪᠦᠭᠦ ᠲᠠᠯ᠎ᠠ ᠶᠢᠨ ᠠᠵᠢᠯ ᠤᠨ ᠲᠠᠯ᠎ᠠ ᠪᠠᠷ ᠢᠯᠡᠭᠦᠬᠡᠨ ᠲᠠᠷᠢᠬᠢ ᠲᠣᠯᠣᠭᠠᠢ ᠪᠠᠨ ᠬᠥᠳᠡᠯᠭᠡᠵᠦ᠂ ᠢᠯᠡᠭᠦᠬᠡᠨ ᠬᠦᠴᠦ | ᠣᠷᠣᠭᠤᠯᠬᠤ ᠬᠡᠷᠡᠭᠲᠡᠢ᠃ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠠᠳᠬᠤᠬᠤ ᠡᠷᠴᠢᠮ ᠢᠶᠠᠨ ᠴᠢᠩᠭᠠᠷᠠᠭᠤᠯᠵᠤ᠂ ᠳᠡᠭᠡᠳᠦ ᠳᠣᠣᠷᠠᠳᠤ ᠱᠠᠲᠤ ᠪᠠᠷ ᠢᠶᠠᠨ | ᠬᠠᠮᠵᠢᠯᠴᠠᠬᠤ᠂ ᠬᠡᠰᠡᠭ ᠵᠤᠷᠪᠤᠰ ᠢ ᠤᠶᠠᠯᠳᠤᠭᠤᠯᠬᠤ᠂ ᠣᠨᠣᠪᠴᠢᠲᠠᠢ ᠥᠨᠳᠥᠷ ᠪᠦᠲᠦᠮᠵᠢᠲᠡᠢ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠲᠣᠭᠲᠠᠴᠠ ᠶᠢ | ᠲᠡᠭᠦᠯᠳᠡᠷᠵᠢᠭᠦᠯᠵᠦ᠂ ᠨᠡᠩ ᠶᠡᠭᠡ ᠬᠦᠴᠦ ᠣᠷᠣᠭᠤᠯᠵᠤ ᠪᠠᠶᠢᠭᠠᠳ ᠥᠭᠡᠷᠡᠴᠢᠯᠡᠯᠲᠡ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠢ ᠰᠠᠶᠢᠲᠤᠷ ᠠᠳᠬᠤᠵᠤ᠂ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠡᠯ᠎ᠡ ᠲᠠᠯ᠎ᠠ ᠶᠢᠨ | ᠥᠭᠡᠷᠡᠴᠢᠯᠡᠯᠲᠡ ᠶᠢᠨ ᠢᠳᠡᠪᠬᠢᠵᠢᠯ ᠢ ᠲᠠᠶᠢᠴᠢᠯᠠᠵᠥ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠵᠦ᠂ | ᠥᠭᠡᠷᠡᠴᠢᠯᠡᠯᠲᠡ ᠶᠢᠨ ᠨᠡᠶᠢᠲᠡᠯᠢᠭ ᠲᠤᠷᠰᠢᠯᠭ᠎ᠠ ᠶᠢ ᠰᠣᠯᠢᠯᠴᠠᠵᠤ ᠳᠡᠯᠭᠡᠷᠡᠭᠦᠯᠬᠦ ᠶᠢ ᠴᠢᠩᠭᠠᠳᠬᠠᠵᠤ᠂ ᠶᠠᠷᠢᠶ᠎ᠠ ᠬᠡᠯᠡᠯᠴᠡᠭᠡ ᠪᠠᠷ ᠬᠥᠲᠥᠯᠥᠨ ᠳᠠᠭᠠᠭᠤᠯᠬᠤ ᠶᠢ | ᠴᠢᠩᠭᠠᠳᠬᠠᠵᠤ᠂ ᠡᠯ᠎ᠡ ᠲᠠᠯ᠎ᠠ ᠶᠢᠨ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ | ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ | ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃ | |