| ᠤᠶᠢᠷ᠎ᠠ ᠶᠢᠨ ᠡᠳᠤᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠴᠢ᠊ ᠪᠠᠲᠤ ᠤᠷᠳᠤᠰ ᠬᠤᠳᠠ ᠳᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠣᠯᠤᠨ ᠠᠵᠢᠯ ᠣᠯᠭᠤᠯᠲᠠ ᠶᠢᠨ ᠪᠣᠯᠪᠠᠰᠤᠷᠠᠯ ᠵᠡᠷᠭᠡ ᠠᠵᠢᠯ ᠢ ᠪᠠᠶᠢᠴᠠᠭᠠᠨ | ᠰᠤᠳᠤᠯᠵᠠᠢ᠃ | | | ᠴᠢ᠊ ᠪᠠᠲᠤ ᠤᠷᠢᠳ ᠬᠤᠵᠢᠳ ᠵᠡᠭᠦᠨᠭᠠᠷ ᠬᠤᠰᠢᠭᠤᠨ ᠤ ᠶᠸᠦ ᠢ ᠵᠡᠭᠡᠯᠢ ᠭᠤᠳᠤᠮᠵᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠪ᠂ | ᠳ᠋ᠦᠩᠱᠧᠩ ᠲᠣᠭᠤᠷᠢᠭ ᠤᠨ ᠵᠢᠶᠤᠤ ᠳᠦᠡᠭ ᠵᠡᠭᠡᠯᠢ ᠭᠤᠳᠤᠮᠵᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠵᠦᠩ ᠬᠤᠸᠠ ᠴᠢᠩ ᠡᠮᠴᠢᠯᠡᠭᠡ | ᠰᠤᠪᠢᠯᠠᠯᠲᠠ ᠶᠢᠨ ᠬᠦᠷᠢᠶᠡᠯᠡᠩ᠂ ᠣᠷᠳᠣᠰ ᠤᠨ ᠸᠧᠨ ᠶᠤᠸᠠᠨ ᠠᠵᠢᠯ ᠮᠡᠷᠭᠡᠵᠢᠯ ᠤᠨ ᠰᠤᠷᠭᠠᠭᠤᠯᠢ᠂ ᠣᠲᠤᠭ ᠬᠤᠰᠢᠭᠤᠨ ᠤ ᠤᠯᠠᠭᠠᠨᠪᠠᠯᠭᠠᠰᠤᠨ ᠤ ᠵᠧᠩ ᠾᠧ | ᠶᠤᠸᠠᠨ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠵᠡᠷᠭᠡ ᠭᠠᠵᠠᠷ ᠲᠤ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠶᠢᠨ ᠡᠵᠡᠩᠨᠡᠯᠲᠡ ᠬᠠᠮᠢᠶᠠᠷᠤᠯᠲᠠ᠂ ᠡᠮᠴᠢᠯᠡᠭᠡ ᠰᠤᠪᠢᠯᠠᠯᠲᠠ ᠶᠢ ᠠᠭᠤᠰᠤᠯᠴᠠᠭᠤᠯᠤᠨ ᠬᠥᠭᠵᠢᠭᠦᠯᠬᠦ᠂ ᠦᠨᠳᠦᠰᠦᠨ ᠱᠠᠲᠤᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠪᠠ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠪᠤᠯᠪᠠᠰᠤᠷᠠᠯ ᠵᠡᠷᠭᠡ ᠪᠠᠶᠢᠳᠠᠯ ᠢ ᠨᠠᠷᠢᠨ ᠤᠶᠢᠯᠠᠭᠠᠪᠠ᠃ ᠲᠡᠷᠡ᠂ ᠲᠤᠬᠠᠶ ᠶᠢᠨ ᠭᠠᠵᠠᠷ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠡᠶᠢᠭᠡᠮ ᠤᠨ ᠬᠦᠴᠦᠨ ᠪᠠ ᠵᠠᠬ᠎ᠠ ᠳᠡᠯᠭᠡᠭᠦᠷ ᠤᠨ | ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠶᠢᠩᠭᠤ ᠶᠢᠨ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠤᠨ | ᠪᠦᠷᠢᠨᠰᠢᠬᠦᠯᠵᠦ᠂ ᠭᠡᠷ ᠪᠦᠯᠢ ᠨᠡᠶᠢᠭᠡᠮ ᠲᠣᠭᠤᠷᠢᠭ ᠤᠨ ᠪᠠᠶᠢᠭᠤᠯᠤᠮᠵᠢ ᠬᠠᠷᠢᠯᠴᠠᠨ ᠵᠣᠬᠢᠴᠠᠯᠳᠤᠭᠰᠠᠨ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠶᠢ | ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠭᠳᠠᠯᠴᠠᠭ᠎ᠠ ᠶᠢ ᠲᠦᠷᠭᠡᠳᠬᠡᠨ ᠲᠡᠭᠦᠯᠳᠡᠷᠵᠢᠭᠦᠯᠵᠦ᠂ ᠨᠠᠰᠤᠵᠢᠯ ᠤᠨ ᠠᠰᠠᠷᠠᠮᠵᠢ ᠶᠢᠨ | ᠦᠢᠯᠡᠰ ᠤᠨ ᠣᠯᠠᠨ ᠡᠰᠢᠵᠢᠭᠰᠡᠨ ᠣᠷᠣᠭᠤᠯᠤᠯᠲᠠ᠂ ᠣᠯᠠᠨ ᠶᠠᠩᠵᠤ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠶ᠃ ᠦᠨᠳᠦᠰᠦᠨ ᠱᠠᠲᠤᠨ ᠤ ᠪᠦᠳᠦᠭᠡᠨ | ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠰᠠᠭᠤᠷᠢ ᠠᠵᠢᠯ ᠢ ᠪᠣᠳᠠᠲᠠᠢ ᠠᠳᠬᠤᠵᠤ᠂ ᠣᠷᠣᠨ ᠨᠤᠲᠤᠭ ᠤᠨ ᠣᠨᠴᠠᠯᠢᠭ᠂ ᠤᠯᠠᠨ ᠲᠦᠮᠡᠨ ᠤ | ᠬᠡᠷᠡᠭᠴᠡᠭᠡ᠂ ᠠᠮᠤᠷ ᠲᠦᠪᠰᠢᠨ ᠤ ᠬᠤᠷᠢᠭ᠎ᠠ ᠱᠤᠭᠤᠮ ᠲᠠᠢ ᠤᠶᠠᠯᠳᠤᠭᠤᠯᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠴᠢᠳᠠᠪᠬᠢ ᠶᠢ | ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠪᠣᠯᠪᠠᠰᠤᠷᠠᠯ ᠬᠢᠭᠡᠳ ᠠᠵᠢᠯ ᠣᠯᠭᠤᠯᠲᠠ ᠶᠢ ᠪᠦᠲᠦᠮᠵᠢᠲᠡᠶ ᠵᠣᠯᠭᠠᠭᠤᠯᠬᠤ ᠶᠢ ᠴᠢᠩᠭᠠᠳᠬᠠᠵᠤ᠂ ᠪᠣᠯᠪᠠᠰᠤᠷᠠᠯ ᠳᠤ | ᠤᠷᠤᠯᠴᠠᠭᠰᠠᠳ ᠤᠨ ᠮᠡᠷᠭᠡᠵᠢᠯ ᠴᠢᠳᠠᠪᠤᠷᠢ ᠶᠢᠨ ᠬᠢᠷᠢ ᠳᠦᠪᠰᠢᠨ ᠪᠠ ᠠᠵᠢᠯ ᠣᠯᠵᠤ ᠦᠢᠯᠡᠰ ᠪᠦᠳᠦᠭᠡᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠤᠨ᠂ | ᠨᠠᠩ ᠴᠢᠨᠠᠷ ᠰᠠᠶᠢᠲᠠᠶ ᠠᠵᠢᠯ ᠣᠯᠭᠤᠯᠲᠠ ᠶᠢ ᠪᠡᠶᠡᠯᠡᠭᠦᠯᠬᠦ ᠬᠡᠷᠡᠭᠲᠡᠶ ᠭᠡᠪᠡ᠃ | | | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠰᠤ᠋ ᠼᠦᠢ ᠹᠠᠩ᠂ ᠬᠤᠲᠠ ᠶᠢᠨ ᠳᠡᠳ᠋ ᠳᠠᠷᠤᠭ᠎ᠠ ᠮᠢᠶᠣᠣ | ᠴᠧᠩ ᠢᠦᠶ ᠲᠣᠰ ᠲᠣᠰ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | | |