ᠰᠤ᠋ ᠵᠦᠡᠭ ᠱᠸᠡᠭ ᠲᠠᠯᠠᠳ ᠬᠤᠰᠢᠭᠤᠨ ᠳᠤ ᠬᠦᠷᠴᠦ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠦᠯᠳᠡ ᠭᠢᠪᠡ
ᠨᠡᠶᠢᠲᠡᠯᠡᠭᠰᠡᠨ ᠴᠠᠭ᠄
2023/4/3
       ᠤᠶᠢᠷ᠎ᠠ ᠶᠢᠨ ᠡᠳᠦᠷ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ᠂ ᠨᠠᠮ ᠤᠨ ᠳᠤᠭᠤᠶᠢᠯᠠᠩ ᠤᠨ ᠱᠦᠵᠢ ᠰᠤ᠋ ᠵᠦᠩ ᠱᠧᠩ ᠳᠠᠯᠠᠳ ᠬᠤᠰᠢᠭᠤᠨ ᠳᠤ ᠬᠦᠷᠴᠦ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠵᠠᠢ᠃ ᠬᠤᠳᠠ ᠶᠢᠨ ᠤᠯᠤᠰ ᠳᠦᠷᠦ ᠶᠢᠨ ᠵᠦᠪᠯᠡᠯᠭᠡᠨ ᠤ ᠨᠠᠷᠢᠨ ᠪᠢᠴᠢᠭ ᠤᠨ ᠳᠠᠷᠤᠭ᠎ᠠ ᠴᠧᠨ ᠵᠢᠩ᠂ ᠬᠤᠰᠢᠭᠤᠨ ᠤ ᠤᠳᠤᠷᠢᠳᠤᠯᠭ᠎ᠠ ᠵᠠᠩ ᠰᠢᠦ ᠯᠢᠩ᠂ ᠯᠢᠦ ᠶᠦᠩ ᠹᠦ᠋᠂ ᠰᠢᠦᠢ ᠬᠠᠢ ᠯᠢᠩ᠂ ᠭᠤᠤ ᠰᠢᠶᠦ᠋ᠨ ᠨᠠᠷ ᠪᠠᠶᠢᠴᠠᠭᠠᠨ ᠰᠤᠳᠤᠯᠤᠯᠳᠠ ᠳᠤ ᠤᠷᠤᠯᠴᠠᠪᠠ᠃  

4.3.jpg      

  

          ᠰᠤ᠋ ᠵᠦᠩ ᠱᠧᠩ ᠤᠷᠢᠳ ᠬᠤᠵᠢᠳ ᠯᠢᠶᠠᠩ ᠢ ᠠᠮᠢᠳᠤ ᠪᠣᠳᠠᠰ ᠤᠨ ᠪᠤᠷᠳᠤᠭᠤᠷ ᠤᠨ ᠦᠢᠯᠡᠳᠪᠦᠷᠢ᠂  ᠫᠦ᠋ ᠷᠦᠢ ᠲᠠᠷᠢᠶᠠᠯᠠᠩ᠂ ᠵᠦᠡᠭ ᠬᠤᠸᠠ

ᠲᠠᠷᠢᠶᠠᠯᠠᠩ ᠤᠨ ᠺᠣᠮᠫᠠᠨᠢ ᠳᠤ ᠭᠦᠨᠵᠡᠭᠡᠶᠢᠷᠡᠵᠦ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ᠂ ᠲᠠᠷᠢᠶᠠᠯᠠᠩ ᠤᠨ

ᠨᠡᠶᠢᠭᠡᠮᠴᠢᠯᠡᠭᠰᠡᠨ ᠦᠢᠯᠡᠴᠢᠯᠡᠭᠡ ᠵᠡᠷᠭᠡ ᠠᠵᠢᠯ ᠢ ᠪᠦᠬᠦ ᠲᠠᠯ᠎ᠠ ᠪᠠᠷ ᠣᠶᠢᠯᠠᠭᠠᠪᠠ᠃ ᠰᠤ᠋ ᠵᠥᠩ ᠱᠧᠩ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ

ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ

ᠤᠨᠴᠠᠯᠢᠬᠳᠤ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠵᠦ᠂ ᠠᠵᠤ ᠦᠢᠯᠡᠰ ᠤᠨ ᠬᠥᠭᠵᠢᠯᠲᠡ ᠶᠢ ᠯᠠᠪᠳᠠᠭᠤᠨ ᠪᠠᠳᠤᠳᠡᠢ ᠠᠬᠢᠭᠤᠯᠤᠨ᠂ ᠮᠠᠯᠴᠢᠨ

ᠲᠠᠷᠢᠶᠠᠴᠢᠳ ᠢ ᠨᠠᠩ ᠪᠠᠶᠠᠨ ᠴᠢᠨᠡᠭᠡᠯᠢᠭ ᠰᠠᠶᠢᠨ ᠰᠠᠶᠢᠬᠠᠨ ᠠᠮᠢᠳᠤᠷᠠᠭᠤᠯᠬᠤ ᠬᠡᠷᠡᠭᠲᠡᠶ ᠭᠡᠵᠡᠶ᠃

      

 

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠡ