ᠥᠪᠡᠷᠲᠡᠭᠡᠨ ᠵᠠᠰᠠᠬᠤ ᠣᠷᠣᠨ ᠤ 2023 ᠣᠨ ᠤ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠶᠡᠭᠡ ᠲᠦᠷᠦᠯ ᠵᠦᠢᠯ ᠢ ᠲᠥᠪᠯᠡᠷᠡᠭᠦᠯᠦᠨ ᠠᠵᠢᠯ ᠡᠬᠢᠯᠡᠭᠦᠯᠬᠦ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2023/4/4
        ᠤᠶᠢᠷ᠎ᠠ ᠶᠢᠨ ᠡᠳᠤᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠶᠡᠭᠡ ᠲᠦᠷᠦᠯ ᠵᠦᠢᠯ ᠢ ᠲᠥᠪᠯᠡᠷᠡᠭᠦᠯᠦᠨ ᠠᠵᠢᠯ ᠡᠬᠢᠯᠡᠭᠦᠯᠬᠦ ᠶᠣᠰᠣᠯᠠᠯ ᠸᠢᠳᠢᠣ᠋ ᠪᠠᠷ ᠬᠤᠯᠪᠤᠬᠤ ᠬᠡᠯᠪᠡᠷᠢ ᠪᠠᠷ ᠪᠦᠬᠦ ᠣᠷᠣᠨ ᠤ 12 ᠠᠶᠢᠮᠠᠭ ᠬᠤᠳᠠ ᠳᠤ ᠵᠡᠷᠭᠡ ᠪᠠᠷ ᠶᠠᠪᠤᠭᠳᠠᠪᠠ᠃ ᠶᠣᠰᠣᠯᠠᠯ ᠤᠨ ᠭᠤᠣᠯ ᠬᠤᠷᠠᠯ ᠤᠨ ᠲᠠᠯᠠᠪᠠᠢ ᠶᠢ ᠬᠥᠬᠡᠬᠤᠲᠠ ᠳᠤ ᠲᠤᠬᠢᠷᠠᠭᠤᠯᠵᠤ᠂ ᠤᠷᠳᠤᠰ ᠬᠤᠳᠠ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠶᠣᠰᠣᠯᠠᠯ ᠳᠤ ᠣᠷᠣᠯᠴᠠᠭᠰᠠᠨ ᠤ ᠬᠠᠮᠳᠤ ᠣᠷᠳᠣᠰ ᠬᠤᠲᠠ ᠶᠢᠨ ᠴᠢᠬᠤᠯᠠ ᠶᠡᠭᠡ ᠲᠥᠷᠥᠯ ᠵᠦᠢᠯ ᠪᠠ ᠠᠷᠠᠯᠵᠢᠶᠠᠴᠢᠨ ᠤᠷᠢᠵᠤ ᠪᠠᠯᠠ ᠣᠷᠣᠭᠤᠯᠤᠭᠰᠠᠨ ᠪᠠᠶᠢᠳᠠᠯ ᠢ ᠬᠠᠷᠢᠭᠤ ᠮᠡᠳᠡᠭᠦᠯᠪᠡ᠃            ᠣᠷᠳᠣᠰ ᠬᠤᠲᠠ ᠶᠢᠨ ᠬᠤᠪᠢᠶᠠᠷᠢ ᠬᠤᠷᠠᠯ ᠤᠨ ᠲᠠᠯᠠᠪᠠᠶ ᠶᠢ ᠨᠡᠶᠢᠲᠡ 180 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ ᠵᠢᠩ ᠤᠣ ᠨᠡᠷᠡᠨ ᠡᠨᠧᠷᠭᠢ ᠶᠢᠨ 20GW ᠴᠠᠬᠢᠭᠤᠷ ᠢᠯᠲᠠᠰᠤ᠂ 30GW ᠳ᠋ᠢᠶᠠᠨ ᡂᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ ᠳᠣᠭᠢᠷᠠᠭᠤᠯᠤᠭᠰᠠᠨ ᠤ ᠬᠠᠮᠲᠤ 82 ᠲᠥᠷᠥᠯ ᠵᠦᠢᠯ ᠢ ᠲᠥᠪᠯᠡᠷᠡᠭᠦᠯᠦᠨ ᠠᠵᠢᠯ ᠡᠬᠢᠯᠡᠭᠦᠯᠪᠡ᠃ ᠣᠳᠣᠬᠠᠨ ᠳᠤ᠂ ᠪᠦᠦ ᠹᠧᠩ ᠤᠨ ᠨᠢᠭᠡᠳᠦᠭᠡᠷ ᠬᠤᠭᠤᠴᠠᠭᠠᠨ ᠤ 260 ᠲᠦᠮᠡᠨ ᠲᠣᠨ ᠨᠡᠭᠦᠷᠡᠰᠦ ᠪᠠᠷ ᠠᠯᠺᠧᠨ ᠦᠢᠯᠡᠳᠬᠦ᠂ ᠷᠦᠨ ᠶᠠᠩ ᠶᠤᠸᠠᠢ ᠳ᠋ᠠ ᠬᠡᠷᠡᠯ ᠴᠡᠨᠡᠭ ᠤᠨ ᠲᠣᠨᠣᠭᠯᠠᠯ ᠤᠨ ᠪᠥᠬᠦ ᠠᠵᠤ ᠦᠢᠯᠡᠰ ᠤᠨ ᠬᠡᠯᠬᠢᠶ᠎ᠡ ᠵᠡᠷᠭᠡ 305 ᠲᠥᠷᠥᠯ ᠵᠦᠢᠯ ᠢ ᠡᠬᠢᠯᠡᠭᠦᠯᠦᠨ ᠠᠵᠢᠯ ᠢᠶᠠᠨ ᠰᠡᠷᠭᠦᠭᠡᠵᠦ᠂ 272 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠤᠨ᠂ ᠠᠵᠢᠯ ᠢᠶᠠᠨ ᠡᠬᠢᠯᠡᠭᠦᠯᠦᠭᠰᠡᠨ ᠪᠠ ᠰᠡᠷᠭᠦᠭᠡᠭᠰᠡᠨ ᠨᠣᠷᠮ᠎ᠠ 82.2% ᠲᠤ ᠬᠥᠷᠪᠡ︔ ᠬᠤᠶᠠᠳᠤᠭᠠᠷ ᠤᠯᠠᠷᠢᠯ ᠳᠤ᠂ ᠪᠠᠰᠠ ᠳᠤᠮᠳᠠᠳᠤ ᠤᠯᠤᠰ ᠤᠨ ᠴᠢᠯᠠᠭᠤᠨ ᠲᠤᠰᠤ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ ᠶᠢᠨ 80 ᠲᠦᠮᠡᠨ ᠲᠣᠨ ᠤ ᠨᠡᠭᠦᠷᠡᠰᠦ ᠪᠠᠷ ᠠᠯᠺᠧᠨ ᠦᠢᠯᠡᠳᠬᠦ ᠵᠡᠷᠭᠡ 66 ᠲᠦᠷᠦᠯ ᠵᠦᠢᠯ ᠢ ᠡᠬᠢᠯᠡᠭᠦᠯᠦᠨ ᠠᠵᠢᠯ ᠰᠡᠷᠭᠦᠭᠡᠵᠦ ᠂ 600 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠤᠨ᠂ ᠭᠤᠣᠯᠳᠠᠯᠭ᠎ᠠ ᠲᠠᠢ ᠲᠦᠷᠦᠯ ᠵᠦᠢᠯ ᠢ 100% ᠪᠠᠷ ᠡᠬᠢᠯᠡᠭᠦᠯᠦᠨ ᠠᠵᠢᠯ ᠰᠡᠷᠭᠦᠭᠡᠬᠦ ᠶᠢ ᠪᠡᠶᠡᠯᠡᠭᠦᠯᠦᠨ᠎ᠡ᠃ 1 — 2 ᠰᠠᠷ᠎ᠠ ᠳᠤ᠂ ᠪᠥᠬᠦ ᠬᠤᠲᠠ ᠶᠢᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠪᠤᠲᠠᠲᠠᠢ ᠤᠷᠤᠨᠵᠢᠭᠤᠯᠤᠭᠰᠠᠨ ᠪᠠᠯᠠ ᠮᠥᠩᠭᠦ 77.2 ᠳ᠋ᠦᠩᠰᠢᠭᠤᠷ ᠲᠥᠭᠦᠷᠢᠭ ᠲᠤ ᠬᠦᠷᠴᠦ᠂ 354% ᠪᠠᠷ ᠨᠡᠮᠡᠭᠳᠡᠪᠡ᠃             ᠡᠨᠡ ᠵᠢᠯ ᠣᠷᠳᠣᠰ ᠬᠤᠲᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠢᠯ ᠢ 472 ᠬᠡᠷᠡᠭᠵᠢᠭᠦᠯᠬᠦ ᠪᠠᠷ ᠲᠥᠯᠥᠪᠯᠡᠵᠦ᠂ ᠥᠪᠡᠷᠲᠡᠭᠡᠨ ᠵᠠᠰᠠᠬᠤ ᠣᠷᠣᠨ ᠤ ᠲᠣᠬᠢᠷᠠᠭᠤᠯᠤᠯᠲᠠ ᠶᠢ ᠬᠦᠯᠢᠶᠡᠬᠦ ᠲᠦᠷᠦᠯ ᠵᠦᠢᠯ 371 ᠪᠠᠶᠢᠵᠦ᠂ ᠶᠡᠷᠦᠩᠬᠡᠶ ᠪᠠᠯᠠ ᠣᠷᠣᠭᠤᠯᠤᠯᠲᠠ ᠨᠢ 6085 ᠳ᠋ᠦᠩᠰᠢᠭᠤᠷ ᠲᠥᠭᠦᠷᠢᠭ ᠲᠤ ᠬᠦᠷᠴᠤ᠂ ᠣᠨ ᠤ ᠲᠥᠯᠥᠪᠯᠡᠭᠡ ᠶᠢᠨ ᠪᠠᠯᠠ ᠣᠷᠣᠭᠤᠯᠤᠯᠲᠠ 1479 ᠳ᠋ᠦᠩᠰᠢᠭᠤᠷ ᠲᠥᠭᠦᠷᠢᠭ ᠲᠤ ᠬᠦᠷᠬᠦ ᠪᠣᠯᠤᠨ᠎ᠠ᠃         ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠰᠤ᠋ ᠼᠦᠢ ᠹᠠᠩ ᠶᠣᠰᠣᠯᠠᠯ ᠳᠤ ᠣᠷᠣᠯᠴᠠᠪᠠ᠃          
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ