ᠪᠦᠭᠦ ᠤᠷᠤᠨ ᠤ ᠠᠩᠬᠠᠳᠠᠬᠴᠢ ᠤᠯᠤᠰ ᠤᠨ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠲᠥᠪ ᠤᠨ  ᠬᠤᠪᠢᠶᠠᠷᠢ ᠪᠠᠶᠢᠭᠤᠯᠤᠮᠵᠢ ᠤᠷᠳᠤᠰ ᠬᠤᠳᠠ ᠳᠤ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2023/4/4
       ᠳ᠋ᠦ᠋ ᠬᠤᠢ ᠯᠢᠶᠠᠩ ᠤᠷᠤᠯᠴᠡᠪᠡ       ᠤᠶᠢᠷ᠎ᠠ ᠶᠢᠨ ᠡᠳᠦᠷ᠂ ᠪᠦᠬᠦ ᠣᠷᠣᠨ ᠤ ᠠᠩᠬᠠᠳᠠᠭᠴᠢ ᠤᠯᠤᠰ ᠤᠨ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠲᠥᠪ ᠤᠨ ᠬᠤᠪᠢᠶᠠᠷᠢ ᠪᠠᠶᠢᠭᠤᠯᠤᠮᠵᠢ ᠤᠷᠳᠤᠰ ᠬᠤᠳᠠ ᠳᠤ ᠪᠠᠶᠢᠭᠤᠯᠤᠭᠳᠠᠪᠠ᠃ ᠬᠤᠲᠠ ᠶᠢᠨ ᠨᠠᠮ ᠤᠨ ᠬᠤᠷᠢᠶᠡᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠶ ᠯᠢᠶᠠᠩ᠂ ᠬᠤᠲᠠ ᠶᠢᠨ ᠨᠠᠮ ᠤᠨ ᠬᠤᠷᠢᠶᠡᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠢᠶᠠᠩ ᠪᠥᠸᠧ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶᠡᠨ ᠤ ᠳᠡᠳ᠋ ᠳᠠᠷᠤᠭ᠎ᠠ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠯᠢᠦᠶ ᠶᠢᠨ ᠬᠤᠸᠠ᠂ ᠴᠢᠩᠬᠤᠸᠠ ᠶᠡᠭᠡ ᠰᠤᠷᠭᠠᠭᠤᠯᠢ ᠶᠢᠨ ᠴᠠᠬᠢᠯᠭᠠᠨ ᠮᠠᠰᠢᠨ ᠴᠤᠬᠴᠠᠯᠠᠪᠤᠷᠢ ᠶᠢᠨ ᠰᠠᠯᠪᠤᠷᠢ ᠶᠢᠨ ᠡᠷᠬᠢᠯᠡᠭᠴᠢ᠂ ᠴᠢᠩᠬᠤᠸᠠ ᠶᠡᠭᠡ ᠰᠤᠷᠭᠠᠭᠤᠯᠢ ᠶᠢᠨ ᠨᠡᠭᠦᠷᠡᠰᠦᠲᠥ᠋ᠷᠥᠭᠴᠢ ᠶᠢ ᠰᠠᠭᠠᠷᠮᠠᠬᠵᠢᠭᠤᠯᠬᠤ ᠰᠤᠳᠤᠯᠭᠠᠨ ᠤ ᠬᠦᠷᠢᠶᠡᠯᠡᠩ ᠤᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠰᠤᠳᠤᠯᠭᠠᠨ ᠤ ᠲᠥᠪ ᠤᠨ ᠲᠡᠷᠢᠭᠦᠨ ᠰᠢᠨᠵᠢᠯᠡᠬᠦ ᠤᠬᠠᠭᠠᠨᠲᠠᠨ᠂ ᠴᠢᠩᠬᠤᠸᠠ ᠶᠡᠭᠡ ᠰᠤᠷᠭᠠᠭᠤᠯᠢ ᠶᠢᠨ ᠡᠨᠧᠷᠭᠢ ᠶᠢᠨ ᠢᠨᠲ᠋ᠧᠷ ᠰᠦᠯᠵᠢᠶ᠎ᠡ ᠶᠢᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠺᠠᠩ ᠴᠦᠩ ᠴᠢᠩ ᠬᠤᠪᠢᠶᠠᠷᠢ ᠲᠥᠪ ᠤᠨ ᠫᠠᠶᠢᠰᠠ ᠶᠢ ᠰᠡᠬᠦᠪᠡ᠃ ᠵᠢᠶᠠᠩ ᠪᠥᠸᠧ ᠪᠠᠶᠠᠷ ᠤᠨ ᠦᠭᠡ ᠬᠡᠯᠡᠪᠡ᠃        ᠤᠯᠤᠰ ᠤᠨ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠲᠥᠪ ︵ᠥᠪᠥᠷ ᠮᠣᠩᠭᠤᠯ︶ ᠤᠨ ᠣᠷᠳᠣᠰ ᠤᠨ ᠬᠤᠪᠢᠶᠠᠷᠢ ᠲᠥᠪ ᠪᠣᠯ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠴᠤᠬᠤᠯᠠᠪᠤᠷᠢᠯᠠᠨ ᠪᠡᠯᠡᠳᠭᠡᠨ ᠪᠠᠶᠢᠭᠤᠯᠤᠭᠰᠠᠨ ᠤᠯᠤᠰ ᠤᠨ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠲᠥᠪ ︵ᠥᠪᠥᠷ ᠮᠣᠩᠭᠤᠯ︶ ᠤᠨ ᠠᠩᠬᠠᠳᠠᠬᠴᠢ ᠬᠤᠪᠢᠶᠠᠷᠢ ᠪᠠᠶᠢᠭᠤᠯᠤᠮᠵᠢ ᠪᠠᠶᠢᠵᠤ᠂ ᠣᠷᠳᠣᠰ ᠬᠤᠲᠠ ᠶᠢᠨ ᠪᠣᠬᠢᠷᠲᠤᠯ ᠥᠬᠡᠶ ᠲᠤᠤᠷ᠎ᠠ ᠨᠡᠭᠦᠷᠡᠰᠦᠲᠥ᠋ᠷᠥᠭᠴᠢᠳᠤ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠠᠬᠢᠭᠤᠯᠬᠤ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠡ ᠶᠢ ᠣᠷᠭᠢᠯ ᠭᠡᠮᠵᠢᠭᠳᠡᠯ ᠳᠤ ᠬᠦᠷᠭᠡᠭᠦ ᠨᠡᠭᠦᠷᠡᠰᠦᠲᠥ᠋ᠷᠥᠭᠴᠢ ᠶᠢ ᠰᠠᠭᠠᠷᠮᠠᠬᠵᠢᠭᠤᠯᠬᠤ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠪᠢᠶᠠᠷᠢ ᠲᠥᠪ ᠤᠨ ᠭᠤᠤᠯ ᠡᠭᠦᠷᠭᠡ ᠪᠣᠯ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠡ ᠶᠢ ᠣᠷᠭᠢᠯ ᠭᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠪᠠ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠬᠠᠮᠢᠶ᠎ᠠ ᠪᠥᠬᠦᠶ ᠮᠡᠷᠭᠡᠵᠢᠯ ᠤᠨ ᠰᠤᠳᠤᠯᠭᠠᠨ᠂ ᠵᠠᠮ ᠱᠤᠭᠤᠮ ᠤᠨ ᠰᠥᠪᠡᠭᠴᠢᠯᠡᠯᠲᠡ ᠪᠠ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠡ ᠶᠢ ᠣᠷᠭᠢᠯ ᠭᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠡᠮᠵᠢᠯᠲᠡ ᠶᠢᠨ ᠲᠤᠬᠳᠠᠯᠴᠠᠭ᠎ᠠ ᠶᠢ ᠲᠡᠭᠦᠯᠳᠡᠷᠵᠢᠭᠦᠯᠬᠦ ᠳᠤ ᠬᠦᠴᠦ ᠨᠡᠮᠡᠷᠢᠯᠡᠨ᠎ᠡ᠃ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠴᠠᠬᠢᠯᠭᠠᠨ ᠬᠦᠴᠦᠨ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠬᠦᠷᠢᠶ᠎ᠡ ᠴᠠᠷᠠᠭ᠎ᠠ ᠶᠢᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠡ ᠶᠢᠨ ᠬᠡᠮᠵᠢᠶ᠎ᠡ ᠶᠢ ᠬᠡᠮᠵᠢᠬᠦ ᠮᠡᠷᠭᠡᠵᠢᠯ ᠤᠨ ᠰᠤᠳᠤᠯᠭᠠᠨ ᠤ ᠬᠢᠨᠠᠨ ᠬᠡᠮᠵᠢᠯᠲᠡ ᠶᠢ ᠭᠤᠤᠯᠳᠠᠯᠭ᠎ᠠ ᠲᠠᠢ ᠥᠷᠨᠢᠭᠦᠯᠵᠦ᠂ ᠵᠣᠬᠢᠬᠤ ᠲᠤᠷᠰᠢᠯᠲᠠ ᠶᠢᠨ ᠮᠡᠷᠭᠡᠵᠢᠯ ᠤᠨ ᠨᠥᠬᠦᠴᠡᠯ ᠢ ᠪᠠᠶᠢᠭᠤᠯᠤᠨ ᠲᠡᠭᠦᠯᠳᠡᠷᠵᠢᠭᠦᠯᠭᠦ ᠪᠤᠯᠤᠨ᠎ᠠ᠃  
ᠢᠷᠡᠯᠲᠡ᠄ ᠤᠷᠳᠤᠰ ᠮᠤᠩᠭᠤᠯ ᠰᠦᠯᠵᠢᠶ᠎ᠡ