ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠴᠢ ᠢᠦᠶ ᠴᠢᠨ ᠄ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠎ᠠ
ᠨᠡᠶᠢᠲᠡᠯᠡᠭᠰᠡᠨ ᠴᠠᠭ᠄
2023/4/4
      ᠰᠢᠨ᠎ᠡ ᠶᠢ ᠡᠭᠦᠳᠬᠦ ᠴᠢᠬᠤᠯᠠ ᠶᠡᠭᠡ ᠲᠦᠷᠦᠯ ᠵᠦᠢᠯ ᠢ ᠬᠡᠷᠡᠭᠵᠢᠭᠦᠯᠵᠦ᠂ ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠬᠤ ᠬᠡᠷᠡᠭᠲᠡᠢ ᠭᠡᠵᠦ ᠳᠤᠷᠠᠳᠴᠠᠢ᠂ ᠡᠳᠡᠭᠡᠷ ᠠᠭᠤᠯᠭ᠎ᠠ ᠨᠢ ᠴᠢ ᠢᠦᠢ ᠴᠢᠨ ᠪᠣᠯᠤᠨ ᠲᠡᠭᠦᠨ ᠤ ᠬᠠᠮᠲᠤ ᠠᠵᠢᠯᠯᠠᠭᠰᠠᠳ ᠤᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠢᠳᠡᠪᠬᠢᠲᠡᠢ ᠪᠡᠶᠡᠯᠡᠭᠦᠯᠵᠦ᠂ ᠨᠡᠩ ᠤᠯᠠᠨ ᠳᠡᠭᠡᠳᠦ ᠲᠡᠰ ᠤᠨ ᠦᠢᠯᠡᠳᠬᠦᠨ ᠢ ᠰᠤᠳᠤᠯᠤᠨ ᠨᠡᠭᠡᠭᠡᠬᠦ ᠢᠲᠡᠭᠡᠯ ᠵᠣᠷᠢᠭ ᠢ ᠨᠢ ᠤᠯᠠᠮ ᠬᠦᠪᠴᠢᠯᠡᠵᠠᠢ᠃      ᠵᠢᠩ ᠳ᠋ᠦᠩ ᠹᠠᠩ ᠤᠨ ᠦᠢᠯᠡᠳᠬᠦᠨ ᠤ ᠦᠵᠡᠭᠦᠯᠭᠡ ᠶᠢᠨ ᠲᠢᠩᠬᠢᠮ ᠳᠤ᠂ ᠴᠢ ᠢᠦᠢ ᠴᠢᠨ ᠪᠠᠰᠠ ᠬᠠᠮᠲᠤ ᠠᠵᠢᠯᠯᠠᠭᠰᠠᠳ ᠲᠠᠢ ᠪᠠᠨ ᠨᠢᠭᠤᠷᠳᠠᠨ ᠶᠠᠷᠢᠯᠴᠠᠵᠤ ᠰᠠᠨᠠᠯ ᠢᠶᠠᠨ ᠰᠣᠯᠢᠯᠴᠠᠵᠤ ᠪᠠᠶᠢᠯ᠎ᠠ᠃ ᠬᠠᠮᠲᠤ ᠠᠵᠢᠯᠯᠠᠭᠰᠠᠳ ᠨᠢ ᠪᠠᠶᠢᠨ ᠪᠠᠶᠢᠨ ᠠᠰᠠᠭᠤᠯᠲᠠ ᠳᠤᠷᠠᠳᠴᠦ᠂ ᠴᠢ ᠢᠦᠢ ᠴᠢᠨ ᠠᠮᠢᠳᠤᠯᠢᠭ ᠢᠶᠠᠷ ᠬᠠᠷᠢᠭᠤᠯᠲᠠ ᠥᠭᠴᠦ᠂ ᠤᠬᠠᠭᠤᠯᠤᠨ ᠲᠠᠶᠢᠯᠪᠤᠷᠢᠯᠠᠬᠤ ᠠᠬᠤᠢ ᠲᠠᠯᠠᠪᠠᠢ ᠶᠢᠨ ᠠᠭᠤᠷ ᠠᠮᠢᠰᠬᠤᠯ ᠮᠠᠰᠢ ᠬᠦᠷ ᠬᠥᠭᠵᠢᠶᠡᠨ ᠲᠠᠢ ᠪᠠᠶᠢᠪᠠ᠃ ︽ᠪᠢᠳᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠮᠡᠷᠭᠡᠵᠢᠯ ᠪᠣᠯᠤᠨ ᠦᠢᠯᠡᠳᠬᠦᠨ ᠤ ᠰᠢᠨ᠎ᠡ ᠶᠢ ᠡᠭᠦᠳᠬᠦ ᠶᠢ ᠴᠢᠩᠭ᠎ᠠ ᠠᠳᠬᠤᠵᠤ᠂ ᠰᠢᠨ᠎ᠡ ᠦᠢᠯᠡᠳᠬᠦᠨ᠂ ᠰᠢᠨ᠎ᠡ ᠮᠡᠷᠭᠡᠵᠢᠯ ᠢᠶᠠᠷ ᠵᠠᠬ᠎ᠠ ᠳᠡᠯᠭᠡᠭᠦᠷ ᠢ ᠳᠠᠰᠤᠷᠠᠯᠳᠠ ᠦᠭᠡᠢ ᠬᠦᠳᠦᠯᠦᠨ ᠳᠠᠭᠠᠭᠤᠯᠵᠤ᠂ ᠠᠵᠤ ᠦᠢᠯᠡᠰ ᠤᠨ ᠳᠡᠰ ᠳᠠᠪᠬᠤᠷᠭ᠎ᠠ ᠠᠴᠠ ᠤᠷᠤᠨ ᠨᠤᠳᠤᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ︾ ᠭᠡᠵᠦ ᠵᠢᠩ ᠳ᠋ᠦᠩ ᠹᠠᠩ ᠤᠨ ᠤᠷᠳᠤᠰ ᠲᠠᠬᠢ ᠦᠢᠯᠡᠳᠪᠦᠷᠢᠯᠡᠯ ᠤᠨ ᠱᠤᠭᠤᠮ ᠤᠨ ᠠᠵᠢᠯᠳᠠᠨ ᠵᠠᠩ ᠯᠸᠢ ᠶᠠᠷᠢᠵᠦ ᠪᠠᠶᠢᠯ᠎ᠠ᠃       ︽ᠠᠩᠬ᠎ᠠ ᠤᠳᠠᠭ᠎ᠠ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠤᠪᠢ ᠪᠠᠷ ᠦᠪᠡᠳᠡᠭᠰᠢ ᠬᠤᠷᠠᠯ ᠳᠤ ᠣᠷᠣᠯᠴᠠᠵᠦ᠂ ᠡᠬᠦᠷᠭᠡᠯᠡᠵᠦ ᠪᠠᠶᠢᠭ᠎ᠠ ᠬᠦᠨᠳᠦ ᠡᠭᠦᠷᠭᠡ ᠪᠣᠯᠤᠨ ᠬᠠᠷᠢᠭᠤᠴᠠᠯᠭ᠎ᠠ ᠪᠠᠨ ᠭᠦᠨᠵᠡᠭᠡᠢ ᠮᠡᠳᠡᠷᠡᠯ᠎ᠠ᠃ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠦᠨᠳᠦᠰᠦᠨ ᠱᠠᠲᠤᠨ ᠤ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠪᠢ ᠦᠨᠳᠦᠰᠦᠨ ᠱᠠᠲᠤᠨ ᠳᠤ ᠰᠠᠭᠤᠷᠢᠯᠠᠨ᠂ ᠦᠨᠳᠦᠰᠦᠨ ᠱᠠᠲᠤᠨ ᠤ ᠲᠠᠭᠤᠨ ᠬᠤᠭᠤᠯᠠᠢ ᠶᠢ ᠰᠣᠨᠣᠰᠴᠤ᠂ ᠬᠤᠪᠢ ᠨᠡᠮᠡᠷᠢ ᠦᠵᠡᠭᠦᠯᠬᠦ ᠰᠡᠳᠭᠢᠯ ᠪᠠ ᠠᠷᠠᠳ ᠤᠨ ᠲᠥᠯᠥᠭᠡ ᠵᠢᠳᠬᠦᠬᠦ ᠰᠡᠳᠭᠢᠯᠭᠡ ᠶᠢ ᠡᠪᠦᠷᠯᠡᠨ᠂ ᠦᠨᠳᠦᠰᠦᠨ ᠱᠠᠲᠤᠨ ᠤ ᠤᠯᠠᠨ ᠲᠦᠮᠡᠨ ᠤ ᠰᠡᠳᠬᠢᠯ ᠤᠨ ᠲᠠᠭᠤᠨ ᠢ ᠲᠠᠮᠵᠢᠭᠤᠯᠤᠨ᠎ᠠ᠃ ᠡᠭᠦᠨ ᠤ ᠬᠠᠮᠲᠤ᠂ ᠪᠢ ᠴᠢᠷᠮᠠᠶᠢᠨ ᠰᠤᠷᠤᠯᠴᠠᠵᠤ᠂ ᠤᠯᠤᠰ ᠲᠥᠷᠥ ᠶᠢᠨ ᠬᠡᠪ ᠪᠣᠯᠪᠠᠰᠤᠷᠠᠯ ᠢᠶᠠᠨ ᠴᠢᠩᠭᠠᠳᠬᠠᠨ᠂ ᠰᠢᠨ᠎ᠡ ᠶᠢ ᠡᠭᠦᠳᠬᠦ ᠬᠥᠭᠵᠢᠯᠲᠡ ᠶᠢᠨ ᠣᠶᠢᠯᠠᠭᠠᠭᠳᠠᠬᠤᠨ ᠢ ᠲᠤᠬᠠᠶᠢᠯᠠᠭᠰᠠᠨ ᠠᠵᠢᠯ ᠳᠠᠭᠠᠨ ᠠᠭᠤᠰᠤᠯᠴᠠᠭᠤᠯᠵᠤ᠂ ᠵᠢᠩ ᠳ᠋ᠦᠩ ᠹᠠᠩ ᠤᠨ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠪᠠ ᠦᠢᠯᠡᠳᠬᠦᠨ ᠤ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ︾ ᠭᠡᠵᠦ ᠴᠢ ᠢᠦᠶ ᠴᠢᠨ ᠶᠠᠷᠢᠨ᠎ᠠ᠃   
ᠢᠷᠡᠯᠲᠡ᠄ ᠤᠷᠳᠤᠰ ᠮᠤᠩᠭᠤᠯ ᠰᠦᠯᠵᠢᠶ᠎ᠡ