ᠮᠠᠨ ᠤ ᠬᠤᠲᠠ 4 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ ᠡᠬᠢᠯᠡᠪᠡ
ᠨᠡᠶᠢᠲᠡᠯᠡᠭᠰᠡᠨ ᠴᠠᠭ᠄
2023/5/19
                  ᠣᠶᠢᠷ᠎ᠠ ᠳᠤ᠂ 2023 ᠣᠨ ᠤ ᠳᠠᠯᠠᠳ ᠬᠤᠰᠢᠭᠤᠨ ᠤ ᠸᠠᠩ ᠤᠨ ᠵᠣᠣ ᠪᠠᠯᠭᠠᠰᠤᠨ ᠤ ᠲᠠᠷᠠᠰᠤᠨ ᠠᠶᠢᠯ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠠᠵᠢᠯ ᠲᠡᠭᠦᠰᠬᠦ ᠶᠢ ᠳᠠᠭᠠᠯᠳᠤᠨ᠂ ᠣᠷᠳᠣᠰ ᠬᠤᠲᠠ ᠶᠢᠨ 2023 ᠣᠨ ᠤ 4 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠬᠦᠨ ᠢ ᠪᠠᠷᠢᠯᠭ᠎ᠠ ᠡᠬᠢᠯᠡᠭᠦᠯᠵᠦ᠂ ᠲᠥᠷᠥᠯ ᠵᠦᠢᠯ ᠤᠨ ᠪᠥᠬᠦ ᠪᠠᠯᠠ ᠣᠷᠣᠭᠤᠯᠤᠯᠲᠠ ᠨᠢ 1.12 ᠳ᠋ᠦᠩᠰᠢᠭᠤᠷ ᠲᠥᠭᠦᠷᠢᠭ ᠲᠤ ᠬᠦᠷᠴᠡᠶ᠃      ᠡᠨᠡ ᠵᠢᠯ ᠠᠴᠠ ᠨᠠᠭᠠᠰᠢ᠂ ᠮᠠᠨ ᠤ ᠬᠤᠲᠠ ᠳᠠᠯᠠᠳ ᠬᠤᠰᠢᠭᠤᠨ ᠤ ᠸᠠᠩ ᠤᠨ ᠵᠣᠣ ᠪᠠᠯᠭᠠᠰᠤᠨ ᠤ ᠳ᠋ᠠ ᠨᠤᠤ ᠲᠣᠰᠬᠤᠨ᠂ ᠵᠣᠣ ᠵᠢᠶᠦ᠋ᠨ ᠪᠠᠯᠭᠠᠰᠤᠨ ᠤ ᠰᠢ ᠼᠦᠨ ᠲᠤᠰᠬᠤᠨ ᠵᠡᠷᠭᠡ ᠬᠠᠲᠤᠨ ᠭᠤᠣᠯ ᠤᠨ ᠤᠰᠤᠯᠠᠯᠲᠠ ᠶᠢᠨ ᠤᠷᠤᠨ ᠳᠤ᠂ ︽ᠶᠡᠭᠡ ᠪᠠᠷ ᠡᠪᠳᠡᠵᠦ ᠶᠡᠭᠡ ᠪᠠᠷ ᠪᠠᠶᠢᠭᠤᠯᠬᠤ︾ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠳᠡᠯᠭᠡᠷᠡᠭᠦᠯᠤᠨ ᠬᠡᠷᠡᠭᠵᠢᠭᠦᠯᠵᠦ᠂ ︽ᠭᠤᠷᠪᠠ ᠶᠢ ᠡᠪᠳᠡᠬᠦ᠂ ᠲᠠᠪᠤ ᠶᠢ ᠨᠢᠭᠡᠳᠭᠡᠬᠦ᠂ ᠨᠢᠭᠡ ᠶᠢ ᠰᠢᠨ᠎ᠡ ᠪᠠᠷ ᠪᠠᠶᠢᠭᠤᠯᠬᠤ︾ ᠪᠦᠳᠦᠭᠡᠨ ᠪᠠᠶᠢᠭᠤᠯᠤᠯᠲᠠ ᠶᠢᠨ ᠰᠡᠳᠭᠢᠴᠡ ᠪᠠᠷ ᠳᠠᠮᠵᠢᠭᠤᠯᠤᠨ ︵ᠲᠤᠬᠠᠶᠢᠯᠠᠪᠠᠯ ᠲᠠᠷᠢᠶᠠᠴᠢᠨ ᠡᠷᠤᠭᠡ ᠶᠢᠨ ᠳᠠᠭᠠᠭᠠᠴᠢᠯᠠᠯᠲᠠ ᠶᠢᠨ ᠵᠠᠭᠠᠭ ᠢ ᠡᠪᠳᠡᠬᠦ᠂ ᠡᠮᠬᠢ ᠵᠠᠮᠪᠠᠷᠠᠭ᠎ᠠ ᠦᠭᠡᠢ ᠭᠠᠵᠠᠷ ᠰᠢᠷᠣᠶ ᠶᠢᠨ ᠵᠠᠭᠠᠭ ᠢ ᠡᠪᠳᠡᠬᠦ᠂ ᠡᠮᠬᠢ ᠵᠠᠮᠪᠠᠷᠠᠭ᠎ᠠ ᠦᠭᠡᠢ ᠭᠤᠤ ᠰᠤᠪᠠᠭ ᠤᠨ ᠪᠠᠶᠢᠷᠢᠰᠢᠯ ᠢ ᠡᠪᠳᠡᠬᠦ᠂ ᠭᠤᠤ ᠰᠤᠪᠠᠭ ᠢ ᠨᠢᠭᠡᠳᠦᠯᠲᠡᠶ ᠮᠠᠯᠲᠠᠬᠤ᠂ ᠵᠠᠮ ᠢ ᠨᠢᠭᠡᠳᠦᠯᠲᠡᠶ ᠵᠠᠰᠠᠬᠤ᠂ ᠮᠣᠳᠣ ᠲᠠᠷᠢᠵᠤ ᠣᠶᠢᠵᠢᠭᠤᠯᠬᠤ᠂ ᠭᠠᠵᠠᠷ ᠰᠢᠷᠣᠶ ᠶᠢ ᠨᠢᠭᠡᠳᠦᠯᠲᠡᠶ ᠲᠡᠭᠰᠢᠯᠡᠬᠦ᠂ ᠭᠠᠵᠠᠷ ᠰᠢᠷᠣᠶ ᠶᠢ ᠨᠢᠭᠡᠳᠦᠯᠲᠡᠶ ᠬᠤᠪᠢᠶᠠᠷᠢᠯᠠᠬᠤ᠂ ᠴᠡᠭᠴᠡᠯᠡᠨ ᠵᠠᠰᠠᠬᠤ ᠶᠢ ᠪᠡᠶᠡᠯᠡᠭᠦᠯᠦᠭᠰᠡᠨ ᠤ ᠲᠠᠷᠠᠭ᠎ᠠ ᠰᠢᠨ᠎ᠡ ᠪᠠᠷ ᠬᠤᠪᠢᠶᠠᠷᠢᠯᠠᠵᠤ ᠡᠵᠡᠩᠨᠡᠬᠦ︶᠂ ᠭᠠᠵᠠᠷ ᠰᠢᠷᠤᠢ ᠶᠢᠨ ᠤᠤᠯ ᠤᠨ ᠭᠡᠰᠡᠭ ᠪᠤᠰᠠᠭ᠂ ᠡᠮᠬᠢ ᠵᠠᠮᠪᠠᠷᠠᠭ᠎ᠠ ᠦᠭᠡᠶ ᠪᠠᠶᠢᠭᠰᠠᠨ ᠪᠠᠶᠢᠳᠠᠯ ᠢ ᠲᠦᠢᠯᠪᠤᠷᠢᠲᠠᠶ ᠬᠤᠪᠢᠷᠠᠭᠤᠯᠵᠤ᠂ ︽ᠲᠠᠷᠢᠶ᠎ᠠ᠂ ᠭᠠᠵᠠᠷ ᠰᠢᠷᠣᠶ᠂ ᠤᠰᠤ᠂ ᠵᠠᠮ᠂ ᠣᠶ ᠰᠢᠭᠤᠶ᠂ ᠴᠠᠬᠢᠯᠭᠠᠨ᠂ ᠮᠡᠷᠭᠡᠵᠢᠯ᠂ ᠬᠠᠮᠢᠶᠠᠷᠤᠯᠲᠠ︾ ᠶᠢ ᠶᠡᠷᠦᠩᠬᠡᠶᠢᠯᠡᠨ ᠢᠵᠢ ᠪᠦᠷᠢᠳᠦᠭᠦᠯᠬᠦ ᠪᠠᠷ ᠳᠠᠮᠵᠢᠭᠤᠯᠤᠨ᠂ ︽ᠲᠠᠷᠢᠶᠠᠨ ᠭᠠᠵᠠᠷ ᠢ ᠡᠮᠬᠢ ᠲᠢᠭᠯᠢᠮ ᠲᠠᠢ ᠪᠤᠯᠭᠠᠬᠤ᠂ ᠣᠶ ᠰᠢᠭᠤᠶ ᠶᠢ ᠳᠤᠤᠷᠵᠢᠭᠤᠯᠤᠨ᠂ ᠭᠤᠤ ᠰᠤᠪᠠᠭ ᠢ ᠬᠠᠷᠢᠯᠴᠠᠨ ᠨᠡᠪᠲᠡᠷᠡᠭᠦᠯᠵᠦ᠂ ᠵᠠᠮ ᠢ ᠬᠠᠷᠢᠯᠴᠠᠨ ᠬᠤᠯᠪᠣᠵᠤ᠂ ᠬᠠᠭᠤᠷᠠᠢ ᠭᠠᠵᠠᠷ ᠢ ᠤᠰᠤᠨ ᠭᠠᠵᠠᠷ ᠪᠤᠯᠭᠠᠨ᠂ ᠤᠰᠤᠲᠤᠯ ᠢ ᠭᠠᠳᠠᠭᠰᠢᠯᠠᠭᠤᠯᠵᠤ ᠪᠣᠯᠬᠤ︾ ᠲᠠᠷᠢᠶᠠᠯᠠᠩ ᠤᠨ ᠰᠠᠭᠤᠷᠢ ᠲᠥᠬᠦᠭᠡᠷᠦᠮᠵᠢ ᠶᠢᠨ ᠰᠢᠨ᠎ᠡ ᠪᠠᠶᠢᠷᠢᠰᠢᠯ ᠢ ᠪᠣᠶ ᠪᠣᠯᠭᠠᠵᠤ᠂ ᠭᠠᠵᠠᠷ ᠰᠢᠷᠣᠶ ᠶᠢ ︽ᠪᠠᠭ᠎ᠠ ᠠᠴᠠ ᠶᠡᠭᠡ ᠪᠣᠯᠭᠠᠬᠤ︾᠂ ︽ᠭᠡᠰᠡᠭ ᠪᠤᠰᠠᠭ ᠪᠠᠶᠢᠭᠰᠠᠨ ᠢ ᠪᠦᠬᠦᠯᠢ ᠴᠤᠭᠴᠠ ᠪᠣᠯᠭᠠᠬᠤ︾ ᠶᠢ ᠪᠡᠶᠡᠯᠡᠭᠦᠯᠤᠨ᠂ ᠲᠠᠷᠢᠶᠠᠨ ᠭᠠᠵᠠᠷ ᠤᠨ ᠬᠡᠯᠪᠡᠷᠢ ᠳᠦᠷᠰᠦ ᠶᠢ ︽ᠡᠯᠳᠡᠪ ᠰᠣᠨᠢᠨ︾ ᠪᠠᠶᠢᠭᠰᠠᠨ ᠠᠴᠠ ᠪᠠᠨ ︽ᠲᠡᠪ ᠲᠡᠭᠰᠢ︾ ᠪᠣᠯᠭᠠᠨ ᠬᠤᠪᠢᠷᠠᠭᠤᠯᠵᠤ᠂ ᠲᠥᠷᠥᠯ ᠵᠦᠢᠯ ᠤᠨ ᠣᠷᠣᠨ ᠤ ᠪᠦᠲᠦᠮᠵᠢᠲᠡᠶ ᠳᠠᠷᠢᠬᠤ ᠲᠠᠯᠠᠪᠠᠶ ᠶᠢ ᠨᠡᠮᠡᠭᠳᠡᠭᠦᠯᠵᠦ᠂ ᠰᠢᠨ᠎ᠡ ᠪᠠᠷ ᠨᠡᠮᠡᠭᠳᠡᠭᠦᠯᠦᠭᠰᠡᠨ ᠲᠠᠷᠢᠶᠠᠨ ᠭᠠᠵᠠᠷ ᠢ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠠᠴᠠ ᠮᠠᠭᠠᠳᠯᠠᠨ ᠲᠣᠭᠲᠠᠭᠠᠭᠰᠠᠨ ᠤ ᠳᠠᠷᠠᠭ᠎ᠠ᠂ ᠲᠠᠷᠢᠶᠠᠨ ᠭᠠᠵᠠᠷ ᠤᠨ ᠠᠰᠢᠭ ᠣᠷᠣᠯᠭ᠎ᠠ ᠶᠢ ᠲᠥᠷᠥᠯ ᠵᠦᠢᠯ ᠤᠨ ᠣᠷᠣᠨ ᠤ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠳᠤ ᠬᠡᠷᠡᠭᠯᠡᠨ᠎ᠡ᠃       ᠲᠠᠷᠠᠭᠠᠴᠢ ᠶᠢᠨ ᠠᠯᠬᠤᠮ ᠳᠤ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠪᠠᠯᠠ ᠮᠥᠩᠭᠦ ᠰᠢᠯᠵᠢᠭᠦᠯᠤᠨ ᠥᠭᠬᠦ᠂ ᠪᠥᠲᠥᠭᠡᠨ ᠪᠠᠶᠢᠭᠤᠯᠬᠤ ᠠᠬᠢᠴᠠ᠂ ᠶᠠᠰᠤ ᠴᠢᠨᠠᠷ ᠤᠨ ᠪᠠᠷᠢᠮᠵᠢᠶ᠎ᠠ ᠵᠡᠷᠭᠡ ᠭᠤᠷᠪᠠᠨ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠣᠭᠢᠷᠠᠭᠤᠯᠤᠯᠲᠠ ᠶᠢᠨ ᠬᠤᠷᠠᠯ᠂ ᠲᠤᠬᠠᠶ ᠶᠢᠨ ᠲᠠᠯᠠᠪᠠᠢ ᠶᠢᠨ ᠬᠤᠷᠠᠯ᠂ ᠶᠠᠷᠢᠯᠴᠠᠬᠤ ᠬᠤᠷᠠᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠷᠥᠯ  ᠵᠦᠢᠯ ᠤᠨ ᠬᠠᠮᠤᠷᠬᠤ ᠣᠷᠣᠨ ᠤ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠠᠶᠢᠭᠤᠯᠵᠤ ᠪᠠᠶᠢᠭ᠎ᠠ ᠲᠥᠷᠥᠯ ᠵᠦᠢᠯ ᠢ ᠲᠦᠷᠭᠡᠳᠭᠡᠨ ᠠᠬᠢᠭᠤᠯᠵᠤ᠂ 12 ᠰᠠᠷ᠎ᠠ ᠶᠢᠨ ᠰᠡᠭᠦᠯᠴᠢ ᠠᠴᠠ ᠡᠮᠦᠨ᠎ᠡ 4 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠢ ᠪᠦᠬᠦᠨ ᠢ ᠳᠠᠭᠤᠰᠬᠠᠬᠤ ᠶᠢ ᠦᠨᠡᠨ ᠬᠦ ᠪᠠᠲᠤᠯᠠᠨ᠎ᠠ᠃     
ᠢᠷᠡᠯᠲᠡ᠄ ᠤᠷᠳᠤᠰ ᠤᠨ ᠡᠳᠤᠷ ᠤᠨ ᠰᠤᠨᠢᠨ