| ᠡᠨᠡ ᠵᠢᠯ ᠠᠴᠠ ᠨᠠᠭᠠᠰᠢ᠂ ᠮᠠᠨ ᠤ ᠬᠤᠳᠠ ᠬᠠᠳᠤᠨ ᠭᠤᠣᠯ ᠳᠤ ᠣᠷᠣᠬᠤ ᠡᠯᠡᠰᠦ ᠰᠢᠪᠠᠷ ᠤᠨ ᠬᠡᠮᠵᠢᠶ᠎ᠡ ᠶᠢ ᠪᠠᠭᠠᠰᠬᠠᠬᠤ ᠠᠵᠢᠯᠯᠠᠭ᠎ᠠ ᠶᠢ ᠬᠥᠴᠥᠯᠡᠨ | ᠠᠬᠢᠭᠤᠯᠵᠤ᠂ ᠡᠯᠡᠰᠦ ᠶᠢ ᠬᠠᠰᠢᠵᠤ ᠤᠰᠤᠨ ᠤ ᠡᠷᠭᠡ ᠶᠢ ᠰᠣᠯᠢᠬᠤ ᠲᠤᠷᠰᠢᠯᠲᠠ ᠶᠢᠨ ᠪᠠᠷᠢᠯᠭ᠎ᠠ ᠶᠢ ᠬᠡᠷᠡᠭᠵᠢᠭᠦᠯᠤᠨ᠂ ᠬᠠᠳᠤᠨ ᠭᠤᠣᠯ ᠤᠨ ᠭᠤᠣᠯ ᠰᠠᠯᠪᠤᠷᠢ | ᠤᠷᠤᠰᠬᠠᠯ ᠤᠨ ᠤᠰᠤᠨ ᠤ ᠡᠯᠡᠰᠦ ᠶᠢ ᠬᠢᠨᠠᠨ ᠡᠵᠡᠮᠳᠡᠬᠦ ᠲᠤᠭᠳᠠᠴᠠ ᠶᠢ ᠪᠦᠬᠦ ᠲᠠᠯ᠎ᠠ ᠪᠠᠷ ᠪᠠᠶᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ ᠪᠠᠶᠢᠨ᠎ᠠ᠃ | ᠣᠷᠳᠣᠰ ᠤᠨ ᠡᠯᠡᠰᠦ ᠶᠢ ᠬᠠᠰᠢᠵᠤ ᠤᠰᠤᠨ ᠤ ᠡᠷᠭᠡ ᠶᠢ ᠰᠣᠯᠢᠬᠤ ᠲᠤᠷᠰᠢᠯᠲᠠ ᠶᠢᠨ ᠴᠡᠭ ᠤᠨ ᠪᠠᠷᠢᠯᠭ᠎ᠠ ᠨᠢ ᠲᠠᠯᠠᠳ ᠬᠤᠰᠢᠭᠤᠨ ᠤ ᠡ᠊ᠩᠬᠡᠪᠠᠢ | ᠪᠠᠯᠭᠠᠰᠤᠨ ᠤ ᠬᠠᠷᠠᠢ ᠶᠢᠨ ᠬᠥᠨᠳᠠᠢ ᠶᠢᠨ ᠭᠤᠤᠯ ᠤᠨ ᠳᠤᠮᠳᠠ ᠤᠷᠤᠰᠬᠠᠯ ᠳᠤ ᠪᠠᠶᠢᠷᠢᠯᠠᠵᠤ ᠪᠤᠢ᠃ ᠲᠣᠰ ᠲᠥᠷᠥᠯ ᠵᠦᠢᠯ ᠳᠤ ᠨᠡᠶᠢᠲᠡ 151 ᠡᠯᠡᠰᠦ ᠬᠠᠰᠢᠬᠤ | ᠬᠠᠰᠢᠯᠭ᠎ᠠ ᠪᠠ 1 ᠦᠶᠡᠷ ᠢ ᠲᠠᠲᠠᠵᠤ ᠡᠯᠡᠰᠦ ᠬᠠᠰᠢᠬᠤ ᠪᠠᠷᠢᠯᠭ᠎ᠠ ᠶᠢ ᠪᠠᠶᠢᠭᠤᠯᠵᠥ᠂ ᠣᠳᠣᠬᠠᠨ ᠳᠤ 102 ᠡᠯᠡᠰᠦᠨ ᠬᠠᠰᠢᠯᠭ᠎ᠠ ᠶᠢ ᠨᠢᠭᠡᠨᠲᠡ ᠪᠠᠷᠢᠵᠤ | ᠳᠠᠭᠤᠰᠬᠠᠭᠠᠳ ᠰᠢᠯᠭᠠᠨ ᠬᠤᠷᠢᠶᠠᠵᠤ᠂ ᠵᠢᠱᠢᠯᠲᠡ ᠪᠠᠷ 6 ᠰᠠᠷ᠎ᠠ ᠶᠢᠨ ᠳᠤᠮᠳᠠᠴᠢ ᠪᠠᠷ ᠠᠰᠢᠭᠯᠠᠯᠲᠠ ᠳᠤ ᠣᠷᠣᠭᠤᠯᠬᠤ ᠪᠣᠯᠤᠨ᠎ᠠ᠃ ᠪᠠᠷᠢᠯᠭ᠎ᠠ ᠶᠢᠨ ᠵᠢᠷᠤᠭᠯᠠᠨ | ᠲᠦᠯᠦᠪᠯᠡᠭᠰᠡᠨ ᠦᠶᠡᠷ ᠤᠨ ᠤᠰᠤᠨ ᠤ ᠪᠠᠷᠢᠮᠵᠢᠶ᠎ᠠ ᠨᠢ 30 ᠵᠢᠯ ᠳᠤ ᠨᠢᠭᠡ ᠤᠳᠠᠭ᠎ᠠ ᠪᠠᠶᠢᠵᠥ᠂ ᠲᠠᠪᠠᠷᠠᠯ ᠤᠷᠤᠰᠬᠠᠯᠲᠤ ᠬᠠᠰᠢᠯᠭ᠎ᠠ᠂ ᠡᠯᠡᠰᠦ ᠵᠠᠶᠢᠯᠠᠬᠤ ᠬᠠᠰᠢᠯᠭ᠎ᠠ | ᠂ ᠦᠶᠡᠷ ᠵᠠᠯᠠᠬᠤ ᠬᠠᠰᠢᠯᠭ᠎ᠠ᠂ ᠦᠶᠡᠷ ᠵᠠᠯᠠᠬᠤ ᠰᠤᠪᠠᠭ ᠵᠢᠴᠢ ᠡᠯᠡᠰᠦ ᠲᠣᠭᠲᠠᠭᠠᠬᠤ ᠣᠷᠣᠨ ᠵᠡᠷᠭᠡ ᠳᠦᠬᠦᠭᠡᠷᠦᠮᠵᠢ ᠶᠢ ᠪᠠᠶᠢᠭᠤᠯᠬᠤ ᠪᠠᠷ ᠳᠠᠮᠵᠢᠭᠤᠯᠤᠨ᠂ ᠬᠡᠰᠡᠭ | ᠦᠶᠡᠷ ᠪᠣᠯᠤᠨ ᠡᠯᠡᠰᠦ ᠰᠢᠪᠠᠷ ᠢ ᠬᠠᠰᠢᠬᠤ ᠶᠢᠨ ᠬᠠᠮᠲᠤ ᠲᠤᠤᠷᠠᠳᠤ ᠤᠷᠤᠰᠬᠠᠯ ᠤᠨ ᠬᠥᠪᠴᠢ ᠶᠢᠨ ᠡᠯᠡᠰᠦᠨ ᠤ ᠬᠤᠲᠣᠭᠤᠷ ᠭᠠᠵᠠᠷ ᠲᠤ ᠲᠠᠲᠠᠨ ᠤᠷᠤᠭᠤᠯᠵᠦ᠂ | ᠬᠠᠳᠤᠨ ᠭᠤᠣᠯ ᠳᠤ ᠴᠢᠳᠬᠤᠬᠤ ᠡᠯᠡᠰᠦ ᠰᠢᠪᠠᠷ ᠤᠨ ᠶᠡᠷᠦᠩᠬᠡᠶ ᠬᠡᠮᠵᠢᠶ᠎ᠡ ᠶᠢ ᠪᠠᠭᠤᠷᠠᠭᠤᠯᠤᠨ᠎ᠠ᠃ | ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠡᠳ᠋ ᠳᠤᠪᠴᠢᠶᠠᠨ ᠳᠠᠷᠤᠭ᠎ᠠ ᠴᠢᠦ ᠸᠧᠶ᠄ ︽ᠲᠡᠷᠡ ᠨᠢ ᠨᠢᠭᠡ ᠲᠠᠯ᠎ᠠ ᠪᠠᠷ ᠬᠠᠲᠤᠨ ᠭᠤᠤᠯ ᠤᠨ | ᠥᠪᠥᠷ ᠮᠣᠩᠭᠤᠯ ᠤᠨ ᠬᠡᠰᠡᠭ ᠤᠨ ᠭᠤᠤᠯ ᠤᠨ ᠵᠠᠮ ᠤᠨ ᠡᠯᠡᠰᠦ ᠰᠢᠪᠠᠷ ᠬᠤᠷᠠᠬᠤ ᠠᠰᠠᠭᠤᠳᠠᠯ ᠢ ᠪᠦᠲᠦᠮᠵᠢᠲᠡᠶ ᠰᠠᠶᠢᠵᠢᠷᠠᠭᠤᠯᠵᠤ᠂ ᠨᠥᠭᠦᠭᠡ ᠲᠠᠯ᠎ᠠ ᠪᠠᠷ ᠨᠢᠭᠡ | ᠬᠡᠰᠡᠭ ᠤᠰᠤᠨ ᠤ ᠬᠡᠮᠵᠢᠶ᠎ᠡ ᠶᠢ ᠰᠤᠯᠢᠨ ᠭᠠᠷᠭᠠᠵᠤ᠂ ᠬᠥᠷᠥᠰᠥ ᠰᠢᠷᠣᠶ ᠶᠢᠨ ᠢᠳᠡᠭᠳᠡᠯ ᠢ ᠵᠠᠰᠠᠨ᠂ ᠬᠠᠲᠤᠨ ᠭᠤᠤᠯ ᠳᠤ ᠴᠢᠳᠬᠤᠬᠤ ᠡᠯᠡᠰᠦ ᠰᠢᠪᠠᠷ ᠢ ᠪᠠᠭᠠᠰᠬᠠᠵᠥ | ᠂ ᠡᠷᠬᠢᠨ ᠲᠣᠭᠤᠷᠢᠨ ᠤ ᠠᠮᠢ ᠠᠬᠤᠶ ᠣᠷᠴᠢᠨ ᠲᠣᠭᠤᠷᠢᠨ ᠢ ᠰᠠᠶᠢᠵᠢᠷᠠᠭᠤᠯᠬᠤ ᠪᠤᠯᠤᠨ᠎ᠠ︾ ᠭᠡᠵᠥ ᠲᠠᠨᠢᠯᠴᠠᠭᠤᠯᠤᠯ᠎ᠠ᠃ | ᠣᠷᠳᠣᠰ ᠤᠨ ᠥᠨᠳᠦᠷᠯᠢᠭ ᠨᠢ ᠰᠢᠷ᠎ᠠ ᠬᠥᠷᠥᠰᠥᠲᠦ ᠥᠨᠳᠦᠷᠯᠢᠭ ᠤᠨ ᠦᠷᠦᠴᠡᠨ ᠳᠤ ᠪᠠᠶᠢᠷᠢᠯᠠᠵᠤ᠂ ᠬᠢᠵᠠᠭᠠᠷ ᠳᠣᠲᠣᠷ᠎ᠠ ᠪᠠᠨ 10 ᠵᠤᠷᠪᠤᠰ ᠵᠡᠭᠦᠨᠰᠢ | ᠪᠠᠷᠠᠭᠤᠨᠰᠢ ᠤᠷᠤᠰᠤᠭᠰᠠᠨ ᠬᠠᠲᠤᠨ ᠭᠤᠤᠯ ᠤᠨ ᠨᠢᠭᠡᠳᠦᠭᠡᠷ ᠳᠡᠰ ᠤᠨ ᠴᠢᠳᠬᠤᠯᠠᠩ ᠪᠠᠶᠢᠵᠤ᠂ ᠳᠡᠭᠡᠳᠦ ᠤᠷᠤᠰᠬᠠᠯ ᠨᠢ ᠳᠣᠪᠣᠷᠬᠠᠭ ᠭᠤᠤ ᠵᠢᠯᠠᠭ᠎ᠠ ᠶᠢᠨ ᠣᠷᠣᠨ | ᠪᠠᠶᠢᠵᠤ᠂ ᠳᠤᠮᠳᠠᠳᠤ ᠤᠷᠤᠰᠬᠠᠯ ᠨᠢ ᠬᠥᠪᠴᠢ ᠶᠢᠨ ᠡᠯᠡᠰᠦ ᠶᠢ ᠬᠥᠨᠳᠡᠯᠡᠨ ᠢᠶᠠᠷ ᠲᠤᠭᠤᠯᠵᠦ᠂ ᠬᠠᠳᠤᠨ ᠭᠤᠤᠯ ᠳᠤ ᠤᠷᠤᠰᠤᠨ ᠤᠷᠤᠭᠰᠠᠨ ᠡᠯᠡᠰᠦ ᠰᠢᠪᠠᠷ ᠤᠨ | ᠬᠡᠮᠵᠢᠶ᠎ᠡ ᠨᠢ ᠪᠥᠬᠦ ᠤᠯᠤᠰ ᠤᠨ ᠶᠡᠷᠦᠩᠬᠡᠶ ᠬᠡᠮᠵᠢᠶᠡᠨ ᠤ ᠠᠷᠪᠠᠨ ᠤ ᠨᠢᠭᠡ ᠶᠢ ᠳᠠᠪᠠᠭᠰᠠᠨ ᠪᠠᠶᠢᠨ᠎ᠠ᠃ | 2020 ᠣᠨ ᠤ 5 ᠰᠠᠷ᠎ᠠ ᠳᠤ ᠮᠠᠨ ᠤ ᠬᠤᠲᠠ ᠶᠢᠨ ᠶᠡᠷᠦᠩᠬᠡᠶ ᠪᠠᠯᠠ ᠣᠷᠣᠭᠤᠯᠤᠯᠲᠠ ᠨᠢ 6.43 ᠳ᠋ᠦᠩᠰᠢᠭᠤᠷ ᠲᠥᠭᠦᠷᠢᠭ ᠤᠨ ᠡᠯᠡᠰᠦ ᠶᠢ ᠬᠠᠰᠢᠵᠤ | ᠤᠰᠤᠨ ᠤ ᠡᠷᠭᠡ ᠶᠢ ᠰᠣᠯᠢᠬᠤ ᠲᠤᠷᠰᠢᠯᠲᠠ ᠶᠢᠨ ᠪᠠᠷᠢᠯᠭ᠎ᠠ ᠶᠢ ᠲᠤᠷᠰᠢᠨ ᠬᠡᠷᠡᠭᠵᠢᠭᠦᠯᠵᠦ᠂ 151 ᠡᠯᠡᠰᠦ ᠬᠠᠰᠢᠬᠤ ᠬᠠᠰᠢᠯᠭ᠎ᠠ ᠪᠠ 1 ᠦᠶᠡᠷ ᠤᠨ ᠤᠰᠤ ᠶᠢ | ᠲᠠᠲᠠᠵᠤ ᠡᠯᠡᠰᠦ ᠶᠢ ᠬᠠᠰᠢᠬᠤ ᠪᠠᠷᠢᠯᠬ᠋᠎ᠠ ᠶᠢ ᠰᠢᠨ᠎ᠡ ᠪᠠᠷ ᠪᠠᠶᠢᠭᠤᠯᠵᠤ᠂ ᠬᠠᠳᠤᠨ ᠭᠤᠤᠯ ᠳᠤ ᠣᠷᠣᠬᠤ ᠡᠯᠡᠰᠦ ᠰᠢᠪᠠᠷ ᠢ ᠪᠠᠭᠠᠰᠬᠠᠨ᠂ ᠵᠢᠯ ᠤᠨ ᠤᠰᠤᠨ ᠤ ᠡᠷᠭᠡ ᠶᠢ | ᠰᠤᠯᠢᠬᠤ ᠬᠡᠮᠵᠢᠶ᠎ᠡ 2800 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠰᠢᠨ᠎ᠡ ᠪᠠᠷ ᠲᠦᠯᠦᠪᠵᠢᠭᠦᠯᠦᠭᠰᠡᠨ ᠴᠠᠬᠢᠯᠭᠠᠨ ᠬᠦᠴᠦ᠂ ᠨᠡᠭᠦᠷᠡᠰᠦ ᠬᠢᠮᠢ ᠶᠢᠨ | ᠠᠵᠤ ᠦᠢᠯᠡᠳᠪᠤᠷᠢ ᠶᠢᠨ ᠲᠥᠷᠥᠯ ᠵᠦᠢᠯ ᠵᠡᠷᠭᠡ ᠭᠤᠤᠯᠳᠠᠯᠭ᠎ᠠ ᠲᠠᠢ ᠤᠰᠤᠨ ᠤ ᠬᠠᠩᠭᠠᠯᠭ᠎ᠠ ᠶᠢᠨ ᠳᠤᠲᠠᠭᠤᠳᠠᠯ ᠢ ᠨᠥᠬᠦᠪᠥᠷᠢᠯᠡᠬᠦ ᠶᠢ ᠳᠡᠮᠵᠢᠪᠡ᠃ | |