2023 ᠣᠨ ᠳᠤ᠂ ᠪᠦᠬᠦ ᠬᠤᠳᠠ ᠪᠠᠷ ᠢᠶᠠᠨ ᠳᠡᠭᠡᠳᠦ ᠦᠵᠦᠭᠦᠷᠰᠢᠭᠰᠡᠨ᠂ ᠤᠶᠤᠨᠴᠢᠯᠠᠭᠰᠠᠨ᠂ ᠪᠣᠬᠢᠷᠲᠤᠯ | ᠦᠭᠡᠢ ᠬᠥᠭᠵᠢᠯᠲᠡ ᠶᠢᠨ ᠴᠢᠭᠯᠡᠯ ᠢ ᠤᠨᠢᠯᠠᠵᠤ᠂ ᠠᠵᠤ ᠦᠢᠯᠡᠰ ᠤᠨ ᠰᠠᠭᠤᠷᠢ ᠶᠢ ᠲᠠᠬᠢᠨ ᠴᠤᠬᠴᠠᠯᠠᠬᠤ ᠪᠠ ᠠᠵᠤ | ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢ ᠠᠬᠢᠭᠤᠯᠤᠨ᠂ ︽ᠵᠠᠭᠤᠨ ᠵᠦᠢᠯ ᠤᠨ ᠮᠡᠷᠭᠡᠵᠢᠯ ᠤᠨ | ᠥᠭᠡᠷᠡᠴᠢᠯᠡᠯᠲᠡ︾᠂ ︽ᠵᠠᠭᠤᠨ ᠠᠵᠤ ᠠᠬᠤᠶᠢᠯᠠᠯ ᠢ ᠳᠡᠭᠡᠭᠰᠢᠯᠡᠭᠦᠯᠬᠦ︾ ᠢᠨᠵᠧᠨᠧᠷᠢᠩ ᠢ ᠬᠡᠷᠡᠭᠵᠢᠭᠦᠯᠪᠡ᠃ ᠪᠥᠬᠦ | ᠵᠢᠯ ᠳᠤ 500 ᠲᠦᠮᠡᠨ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠤᠷᠢ ᠶᠢᠨ ᠮᠡᠷᠭᠡᠵᠢᠯ ᠤᠨ | ᠥᠭᠡᠷᠡᠴᠢᠯᠡᠯᠲᠡ ᠶᠢᠨ ᠲᠥᠷᠥᠯ ᠵᠦᠢᠯ ᠢ 108 ︵ᠰᠢᠨ᠎ᠡ ᠪᠠᠷ ᠪᠠᠶᠢᠭᠤᠯᠤᠬᠰᠠᠨ ᠳᠦᠷᠤᠯ ᠵᠦᠢᠯ 48᠂ | ᠦᠷᠭᠦᠯᠵᠢᠯᠡᠨ ᠪᠠᠶᠢᠭᠤᠯᠤᠬᠰᠠᠨ ᠳᠦᠷᠤᠯ ᠵᠦᠢᠯ 60︶ ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ | 237.6 ᠳ᠋ᠦᠩᠰᠢᠭᠤᠷ ᠲᠥᠭᠦᠷᠢᠭ ︵ᠰᠢᠨ᠎ᠡ ᠪᠠᠷ ᠪᠠᠶᠢᠭᠤᠯᠤᠭᠰᠠᠨ ᠳᠦᠷᠤᠯ ᠵᠦᠢᠯ ᠤᠨ ᠪᠡᠯᠡ ᠤᠷᠤᠭᠤᠯᠤᠯᠳᠠ | 74.9 ᠳ᠋ᠦᠩᠰᠢᠭᠤᠷ ᠲᠥᠭᠦᠷᠢᠭ᠂ ᠦᠷᠭᠦᠯᠵᠢᠯᠡᠨ ᠪᠠᠶᠢᠭᠤᠯᠤᠭᠰᠠᠨ ᠳᠦᠷᠤᠯ ᠵᠦᠢᠯ ᠤᠨ ᠪᠡᠯᠡ ᠤᠷᠤᠭᠤᠯᠤᠯᠳᠠ | 162.7 ᠳ᠋ᠦᠩᠰᠢᠭᠤᠷ ᠲᠥᠭᠦᠷᠢᠭ︶ ᠲᠤ ᠬᠦᠷᠴᠦ᠂ ᠲᠣᠰ ᠵᠢᠯ ᠳᠤ 98.1 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠤᠯᠲᠠ ᠶᠢ ᠪᠡᠶᠡᠯᠡᠭᠦᠯᠬᠦ ᠪᠠᠷ ᠲᠦᠯᠦᠪᠯᠡᠵᠤ ︵ᠰᠢᠨ᠎ᠡ ᠪᠠᠷ ᠪᠠᠶᠢᠭᠤᠯᠤᠭᠰᠠᠨ ᠳᠦᠷᠤᠯ ᠵᠦᠢᠯ ᠤᠨ ᠪᠡᠯᠡ | ᠤᠷᠤᠭᠤᠯᠤᠯᠳᠠ 27.9 ᠳ᠋ᠦᠩᠰᠢᠭᠤᠷ ᠲᠥᠭᠦᠷᠢᠭ᠂ ᠦᠷᠭᠦᠯᠵᠢᠯᠡᠨ ᠪᠠᠶᠢᠭᠤᠯᠤᠭᠰᠠᠨ ᠳᠦᠷᠤᠯ ᠵᠦᠢᠯ ᠤᠨ ᠪᠡᠯᠡ | ᠤᠷᠤᠭᠤᠯᠤᠯᠳᠠ 70.2 ᠳ᠋ᠦᠩᠰᠢᠭᠤᠷ ᠲᠥᠭᠦᠷᠢᠭ︶ ᠪᠣᠶ᠃ | 1 — 4 ᠰᠠᠷ᠎ᠠ ᠳᠤ᠂ ᠣᠷᠳᠣᠰ ᠤᠨ ᠴᠤᠯ ᠴᠡᠪᠡᠷ ᠴᠠᠬᠢᠭᠤᠷ ᠮᠠᠲ᠋ᠧᠷᠢᠶᠠᠯ ᠤᠨ ᠮᠡᠷᠭᠡᠵᠢᠯ ᠤᠨ | ᠥᠭᠡᠷᠡᠴᠢᠯᠡᠯᠲᠡ᠂ ᠰᠢ ᠶᠢᠨ ᠠᠭᠤᠷᠬᠠᠶ ᠶᠢᠨ ᠴᠠᠬᠢᠭᠤᠷ ᠲᠡᠮᠦᠷ ᠬᠠᠶᠢᠯᠤᠭᠤᠯᠬᠤ ᠤᠶᠢᠯᠡᠳᠪᠤᠷᠢᠯᠡᠯ ᠤᠨ | ᠴᠢᠳᠠᠪᠤᠷᠢ ᠶᠢᠨ ᠭᠡᠮᠵᠢᠶ᠎ᠠ ᠶᠢ ᠪᠠᠭᠠᠰᠬᠠᠨ ᠰᠣᠯᠢᠬᠤ ᠮᠡᠷᠭᠡᠵᠢᠯ ᠤᠨ ᠲᠠᠰ ᠳᠡᠪᠰᠢᠭᠦᠯᠬᠦ ᠥᠭᠡᠷᠡᠴᠢᠯᠡᠯᠲᠡ ᠵᠡᠷᠭᠡ 51 | ᠲᠥᠷᠥᠯ ᠵᠦᠢᠯ ᠨᠢ ᠠᠵᠢᠯ ᠢᠶᠠᠨ ᠡᠬᠢᠯᠡᠭᠦᠯᠤᠨ ᠰᠡᠷᠭᠦᠭᠡᠵᠦ᠂ ᠠᠵᠢᠯ ᠢᠶᠠᠨ ᠡᠬᠢᠯᠡᠭᠦᠯᠵᠤ ᠰᠡᠷᠭᠦᠭᠡᠭᠰᠡᠨ ᠨᠣᠷᠮ᠎ᠠ ᠨᠢ | 47 % ᠳᠤ ᠬᠦᠷᠴᠦ᠂ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ ᠨᠢ 35.8 % ᠳᠤ ᠬᠦᠷᠴᠦ᠂ | ᠨᠡᠭᠦᠷᠡᠰᠦ᠂ ᠴᠠᠬᠢᠯᠭᠠᠨ ᠬᠦᠴᠦᠨ᠂ ᠬᠡᠦᠷᠰᠢᠭᠦᠯᠬᠦ᠂ ᠾᠯᠣᠷᠳᠤ ᠬᠤᠵᠢᠷ ᠤᠨ ᠬᠢᠮᠢ ᠶᠢᠨ ᠠᠵᠤ ᠦᠢᠯᠡᠳᠪᠤᠷᠢ ᠵᠡᠷᠭᠡ | ᠤᠯᠠᠮᠵᠢᠯᠠᠯᠲᠤ ᠠᠵᠢᠯ ᠲᠥᠷᠥᠯ ᠤᠨ ᠲᠠᠰ ᠳᠡᠪᠰᠢᠭᠦᠯᠬᠦ ᠥᠭᠡᠷᠡᠴᠢᠯᠡᠯᠲᠡ ᠶᠢᠨ ᠲᠥᠷᠥᠯ ᠵᠦᠢᠯ ᠢ ᠲᠣᠭᠲᠠᠭᠤᠨ ᠢᠶᠠᠷ | ᠠᠬᠢᠭᠤᠯᠵᠤ᠂ ᠠᠵᠤ ᠦᠢᠯᠡᠳᠪᠤᠷᠢ ᠶᠢᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ | ᠠᠯᠬᠤᠴᠠ ᠶᠢ ᠲᠠᠰᠤᠷᠠᠯᠲᠠ ᠥᠬᠡᠶ ᠲᠦᠷᠭᠡᠳᠭᠡᠪᠡ᠃ |