ᠤᠶᠢᠷ᠎ᠠ ᠶᠢᠨ ᠡᠳᠦᠷ᠂ ᠪᠦᠬᠦ ᠬᠤᠳᠠ ᠶᠢᠨ ᠡᠨᠧᠷᠭᠢ ᠶᠢᠨ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ | ᠲᠤᠬᠢᠷᠠᠭᠤᠯᠤᠯᠲᠠ ᠶᠢᠨ ᠬᠤᠷᠠᠯ ᠬᠤᠷᠠᠯᠳᠤᠪᠠ᠃ ᠬᠤᠷᠠᠯ ᠠᠴᠠ ᠪᠦᠬᠦ ᠬᠤᠳᠠ ᠶᠢᠨ ᠡᠨᠧᠷᠭᠢ ᠶᠢᠨ ᠴᠢᠬᠤᠯᠠ ᠶᠡᠭᠡ ᠳᠦᠷᠦᠯ ᠵᠦᠢᠯ ᠪᠣᠯᠤᠨ ᠨᠢᠭᠡᠳᠦᠭᠡᠷ ᠪᠦᠯᠤᠭ᠌᠂ | ᠬᠤᠶᠠᠳᠤᠭᠠᠷ ᠪᠦᠯᠤᠭ᠌ ᠤᠨ ᠳᠤᠮᠤ ᠰᠠᠭᠤᠷᠢᠨ ᠭᠠᠵᠠᠷ ᠵᠢᠴᠢ ᠡᠯᠡᠰᠤᠨ ᠴᠦᠯ ᠭᠤᠪᠢ ᠭᠠᠵᠠᠷ ᠴᠦᠯᠯᠡᠷᠬᠡᠭᠵᠢᠭᠰᠡᠨ ᠭᠠᠵᠠᠷ ᠤᠨ ᠳᠤᠮᠤ ᠰᠠᠭᠤᠷᠢᠨ ᠭᠠᠵᠠᠷ ᠤᠨ | ᠪᠦᠳᠦᠬᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠣᠯᠲᠡ ᠶᠢ ᠰᠣᠨᠣᠰᠴᠤ᠂ ᠠᠰᠠᠭᠤᠳᠠᠯ ᠢ ᠵᠠᠳᠠᠯᠵᠤ᠂ ᠠᠰᠠᠭᠤᠳᠠᠯ ᠢ ᠰᠢᠢᠳᠪᠦᠷᠢᠯᠡᠪᠡ᠃ ᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠰᠦ᠋ ᠼᠦᠢ ᠹᠠᠩ ᠬᠤᠷᠠᠯ ᠢ ᠡᠷᠭᠢᠯᠡᠵᠠᠢ᠃ | ᠬᠤᠷᠠᠯ ᠠᠴᠠ᠂ ︽ᠤᠳᠠᠭᠠᠰᠢᠷᠠᠭᠤᠯᠵᠤ ᠦᠯᠤ ᠪᠣᠯᠬᠤ︾ ᠲᠦᠭᠰᠢᠭᠦᠷᠢᠲᠦ ᠰᠡᠳᠭᠢᠯᠭᠡ ᠶᠢ ᠦᠨᠡᠨ ᠬᠦ ᠨᠡᠮᠡᠭᠳᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ | ᠴᠢᠨᠠᠭᠰᠢᠳᠠ ᠳᠡᠭᠡᠭᠰᠢᠯᠡᠭᠦᠯᠤᠨ᠂ ᠪᠦᠬᠦ ᠬᠤᠳᠠ ᠶᠢᠨ ᠡᠨᠧᠷᠭᠢ ᠶᠢᠨ ᠴᠢᠬᠤᠯᠠ ᠶᠡᠭᠡ ᠲᠦᠷᠦᠯ ᠵᠦᠢᠯ ᠢ ᠲᠦᠷᠭᠡᠳᠭᠡᠨ ᠠᠬᠢᠭᠤᠯᠵᠤ᠂ ᠣᠨᠴᠠᠭᠠᠶᠢᠯᠠᠨ ᠰᠢᠨ᠎ᠡ | ᠡᠨᠧᠷᠭᠢ ᠶᠢᠨ ᠲᠦᠷᠦᠯ ᠵᠦᠢᠯ ᠪᠣᠯᠤᠨ ᠲᠤᠮᠤ ᠰᠠᠭᠤᠷᠢᠨ ᠭᠠᠵᠠᠷ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ︽ᠭᠤᠷᠪᠠᠨ ᠲᠦᠷᠪᠡ︾ | ᠶᠢᠨ ᠬᠠᠷᠠᠯᠲᠠ ᠶᠢᠨ ᠲᠣᠭᠤᠷᠢᠨ ᠳᠤ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ︽ᠤᠳᠠᠭᠠᠰᠢᠷᠠᠭᠤᠯᠵᠤ ᠦᠯᠦ | ᠪᠤᠯᠬᠤ︾ ᠲᠤᠯᠭᠠᠮ ᠰᠡᠳᠭᠢᠯᠭᠡ ᠪᠠᠨ ᠦᠨᠡᠨ ᠬᠦ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠴᠢᠩᠭᠠᠷᠠᠭᠤᠯᠤᠨ᠂ | ᠰᠠᠨᠠᠭᠠᠴᠢᠯᠠᠭ᠎ᠠ ᠠᠴᠠ ᠪᠠᠨ ᠠᠷᠭ᠎ᠠ ᠰᠦᠪᠡᠭᠴᠢᠯᠡᠨ ᠠᠬᠢᠭᠤᠯᠬᠤ ᠬᠡᠷᠡᠭᠲᠡᠶ᠃ ︽ᠰᠠᠭᠤᠵᠤ ᠲᠣᠭᠲᠠᠬᠤ ᠥᠬᠡᠶ︾ ᠪᠠᠶᠢᠬᠤ ᠬᠠᠷᠢᠭᠤᠴᠠᠯᠭᠠᠲᠤ ᠰᠡᠳᠭᠢᠯᠭᠡ ᠪᠠᠨ ᠦᠨᠡᠨ | ᠬᠦ ᠴᠢᠩᠭᠠᠳᠬᠠᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠤᠯᠠᠮ ᠨᠢᠭᠡ ᠠᠯᠬᠤᠮ ᠴᠢᠩᠭᠠᠳᠬᠠᠨ᠂ ᠲᠥᠷᠥᠯ ᠵᠦᠢᠯ ᠤᠨ ᠲᠣᠬᠢᠷᠠᠭᠤᠯᠤᠯᠲᠠ ᠶᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠵᠦ᠂ ᠠᠵᠢᠯ ᠤᠨ ᠠᠷᠭ᠎ᠠ ᠪᠠᠨ ᠦᠨᠡᠨ ᠬᠦ ᠰᠠᠶᠢᠵᠢᠷᠠᠭᠤᠯᠤᠨ᠂ ᠠᠵᠢᠯ ᠢᠶᠠᠨ ᠠᠬᠢᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ | ᠂ ︽ᠲᠠᠪᠤᠨ ᠶᠡᠭᠡ ᠡᠭᠦᠷᠭᠡ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ᠂ ︽ᠳᠡᠯᠡᠬᠡᠶ ᠶᠢᠨ ᠲᠠᠰ ᠤᠨ ᠡᠨᠧᠷᠭᠢ ᠶᠢᠨ ᠠᠵᠤ ᠦᠢᠯᠡᠰ︾ ᠢ ᠪᠠᠶᠢᠭᠤᠯᠬᠤ ᠳᠤ ᠪᠠᠲᠤ | ᠪᠠᠬᠢ ᠰᠠᠭᠤᠷᠢ ᠶᠢ ᠲᠠᠯᠪᠢᠬᠤ ᠬᠡᠷᠡᠭᠲᠡᠶ ᠭᠡᠵᠦ ᠴᠢᠬᠤᠯᠠᠴᠢᠯᠠᠪᠠ᠃ | |