1 — 4 ᠰᠠᠷ᠎ᠠ ᠳᠤ ᠪᠦᠬᠦ ᠬᠤᠲᠠ ᠶᠢᠨ ᠠᠵᠤ ᠦᠢᠯᠡᠳᠪᠤᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠯᠠᠪᠳᠠᠭᠤᠨ ᠢᠶᠠᠷ ᠠᠬᠢᠪᠠ
ᠨᠡᠶᠢᠲᠡᠯᠡᠭᠰᠡᠨ ᠴᠠᠭ᠄
2023/5/23
     2023 ᠣᠨ ᠳᠤ᠂ ᠪᠦᠬᠦ ᠬᠤᠳᠠ ᠪᠠᠷ ᠢᠶᠠᠨ ᠳᠡᠭᠡᠳᠦ ᠦᠵᠦᠭᠦᠷᠰᠢᠭᠰᠡᠨ᠂ ᠤᠶᠤᠨᠴᠢᠯᠠᠭᠰᠠᠨ᠂ ᠪᠣᠬᠢᠷᠲᠤᠯ ᠦᠭᠡᠢ ᠬᠥᠭᠵᠢᠯᠲᠡ ᠶᠢᠨ ᠴᠢᠭᠯᠡᠯ ᠢ ᠤᠨᠢᠯᠠᠵᠤ᠂ ᠠᠵᠤ ᠦᠢᠯᠡᠰ ᠤᠨ ᠰᠠᠭᠤᠷᠢ ᠶᠢ ᠲᠠᠬᠢᠨ ᠴᠤᠬᠴᠠᠯᠠᠬᠤ ᠪᠠ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢ ᠠᠬᠢᠭᠤᠯᠤᠨ᠂ ︽ᠵᠠᠭᠤᠨ ᠵᠦᠢᠯ ᠤᠨ ᠮᠡᠷᠭᠡᠵᠢᠯ ᠤᠨ ᠥᠭᠡᠷᠡᠴᠢᠯᠡᠯᠲᠡ︾᠂ ︽ᠵᠠᠭᠤᠨ ᠠᠵᠤ ᠠᠬᠤᠶᠢᠯᠠᠯ ᠢ ᠳᠡᠭᠡᠭᠰᠢᠯᠡᠭᠦᠯᠬᠦ︾ ᠢᠨᠵᠧᠨᠧᠷᠢᠩ ᠢ ᠬᠡᠷᠡᠭᠵᠢᠭᠦᠯᠪᠡ᠃ ᠪᠥᠬᠦ ᠵᠢᠯ ᠳᠤ 500 ᠲᠦᠮᠡᠨ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠤᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ 108 ︵ᠰᠢᠨ᠎ᠡ ᠪᠠᠷ ᠪᠠᠶᠢᠭᠤᠯᠤᠬᠰᠠᠨ ᠳᠦᠷᠤᠯ ᠵᠦᠢᠯ 48᠂ ᠦᠷᠭᠦᠯᠵᠢᠯᠡᠨ ᠪᠠᠶᠢᠭᠤᠯᠤᠬᠰᠠᠨ ᠳᠦᠷᠤᠯ ᠵᠦᠢᠯ 60︶ ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ 237.6 ᠳ᠋ᠦᠩᠰᠢᠭᠤᠷ ᠲᠥᠭᠦᠷᠢᠭ ︵ᠰᠢᠨ᠎ᠡ ᠪᠠᠷ ᠪᠠᠶᠢᠭᠤᠯᠤᠭᠰᠠᠨ ᠳᠦᠷᠤᠯ ᠵᠦᠢᠯ ᠤᠨ ᠪᠡᠯᠡ ᠤᠷᠤᠭᠤᠯᠤᠯᠳᠠ 74.9 ᠳ᠋ᠦᠩᠰᠢᠭᠤᠷ ᠲᠥᠭᠦᠷᠢᠭ᠂ ᠦᠷᠭᠦᠯᠵᠢᠯᠡᠨ ᠪᠠᠶᠢᠭᠤᠯᠤᠭᠰᠠᠨ ᠳᠦᠷᠤᠯ ᠵᠦᠢᠯ ᠤᠨ ᠪᠡᠯᠡ ᠤᠷᠤᠭᠤᠯᠤᠯᠳᠠ 162.7 ᠳ᠋ᠦᠩᠰᠢᠭᠤᠷ ᠲᠥᠭᠦᠷᠢᠭ︶  ᠲᠤ ᠬᠦᠷᠴᠦ᠂ ᠲᠣᠰ ᠵᠢᠯ ᠳᠤ 98.1 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠦᠯᠦᠪᠯᠡᠵᠤ ︵ᠰᠢᠨ᠎ᠡ ᠪᠠᠷ ᠪᠠᠶᠢᠭᠤᠯᠤᠭᠰᠠᠨ ᠳᠦᠷᠤᠯ ᠵᠦᠢᠯ ᠤᠨ ᠪᠡᠯᠡ ᠤᠷᠤᠭᠤᠯᠤᠯᠳᠠ 27.9 ᠳ᠋ᠦᠩᠰᠢᠭᠤᠷ ᠲᠥᠭᠦᠷᠢᠭ᠂ ᠦᠷᠭᠦᠯᠵᠢᠯᠡᠨ ᠪᠠᠶᠢᠭᠤᠯᠤᠭᠰᠠᠨ ᠳᠦᠷᠤᠯ ᠵᠦᠢᠯ ᠤᠨ ᠪᠡᠯᠡ ᠤᠷᠤᠭᠤᠯᠤᠯᠳᠠ 70.2 ᠳ᠋ᠦᠩᠰᠢᠭᠤᠷ ᠲᠥᠭᠦᠷᠢᠭ︶ ᠪᠣᠶ᠃     1 — 4 ᠰᠠᠷ᠎ᠠ ᠳᠤ᠂ ᠣᠷᠳᠣᠰ ᠤᠨ ᠴᠤᠯ ᠴᠡᠪᠡᠷ ᠴᠠᠬᠢᠭᠤᠷ ᠮᠠᠲ᠋ᠧᠷᠢᠶᠠᠯ ᠤᠨ ᠮᠡᠷᠭᠡᠵᠢᠯ ᠤᠨ ᠥᠭᠡᠷᠡᠴᠢᠯᠡᠯᠲᠡ᠂ ᠰᠢ ᠶᠢᠨ ᠠᠭᠤᠷᠬᠠᠶ ᠶᠢᠨ ᠴᠠᠬᠢᠭᠤᠷ ᠲᠡᠮᠦᠷ ᠬᠠᠶᠢᠯᠤᠭᠤᠯᠬᠤ ᠤᠶᠢᠯᠡᠳᠪᠤᠷᠢᠯᠡᠯ ᠤᠨ ᠴᠢᠳᠠᠪᠤᠷᠢ ᠶᠢᠨ ᠭᠡᠮᠵᠢᠶ᠎ᠠ ᠶᠢ ᠪᠠᠭᠠᠰᠬᠠᠨ ᠰᠣᠯᠢᠬᠤ ᠮᠡᠷᠭᠡᠵᠢᠯ ᠤᠨ ᠲᠠᠰ ᠳᠡᠪᠰᠢᠭᠦᠯᠬᠦ ᠥᠭᠡᠷᠡᠴᠢᠯᠡᠯᠲᠡ ᠵᠡᠷᠭᠡ 51 ᠲᠥᠷᠥᠯ ᠵᠦᠢᠯ ᠨᠢ ᠠᠵᠢᠯ ᠢᠶᠠᠨ ᠡᠬᠢᠯᠡᠭᠦᠯᠤᠨ ᠰᠡᠷᠭᠦᠭᠡᠵᠦ᠂ ᠠᠵᠢᠯ ᠢᠶᠠᠨ ᠡᠬᠢᠯᠡᠭᠦᠯᠵᠤ ᠰᠡᠷᠭᠦᠭᠡᠭᠰᠡᠨ ᠨᠣᠷᠮ᠎ᠠ ᠨᠢ 47 % ᠳᠤ ᠬᠦᠷᠴᠦ᠂ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ ᠨᠢ 35.8 % ᠳᠤ ᠬᠦᠷᠴᠦ᠂ ᠨᠡᠭᠦᠷᠡᠰᠦ᠂ ᠴᠠᠬᠢᠯᠭᠠᠨ ᠬᠦᠴᠦᠨ᠂ ᠬᠡᠦᠷᠰᠢᠭᠦᠯᠬᠦ᠂ ᠾᠯᠣᠷᠳᠤ ᠬᠤᠵᠢᠷ ᠤᠨ ᠬᠢᠮᠢ ᠶᠢᠨ ᠠᠵᠤ ᠦᠢᠯᠡᠳᠪᠤᠷᠢ ᠵᠡᠷᠭᠡ ᠤᠯᠠᠮᠵᠢᠯᠠᠯᠲᠤ ᠠᠵᠢᠯ ᠲᠥᠷᠥᠯ ᠤᠨ ᠲᠠᠰ ᠳᠡᠪᠰᠢᠭᠦᠯᠬᠦ ᠥᠭᠡᠷᠡᠴᠢᠯᠡᠯᠲᠡ ᠶᠢᠨ ᠲᠥᠷᠥᠯ  ᠵᠦᠢᠯ ᠢ ᠲᠣᠭᠲᠠᠭᠤᠨ ᠢᠶᠠᠷ ᠠᠬᠢᠭᠤᠯᠵᠤ᠂ ᠠᠵᠤ ᠦᠢᠯᠡᠳᠪᠤᠷᠢ ᠶᠢᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠠᠯᠬᠤᠴᠠ ᠶᠢ ᠲᠠᠰᠤᠷᠠᠯᠲᠠ ᠥᠬᠡᠶ ᠲᠦᠷᠭᠡᠳᠭᠡᠪᠡ᠃    
ᠢᠷᠡᠯᠲᠡ᠄ ᠤᠷᠳᠤᠰ ᠤᠨ ᠡᠳᠤᠷ ᠤᠨ ᠰᠤᠨᠢᠨ