ᠯᠤᠤᠪᠠᠩ ᠤᠨ ᠹᠢᠽᠢᠣᠯᠣᠭᠢ ᠶᠢᠨ ᠡᠪᠡᠳᠴᠢᠨ ᠤ ᠰᠡᠷᠭᠡᠶᠢᠯᠡᠯᠲᠡ
ᠨᠡᠶᠢᠲᠡᠯᠡᠭᠰᠡᠨ ᠴᠠᠭ᠄
2023/5/23
      1. ᠰᠠᠶᠢᠨ ᠡᠭᠦᠯᠳᠡᠷ ᠢ ᠰᠣᠩᠭᠤᠨ ᠬᠡᠷᠡᠭᠯᠡᠬᠦ ᠬᠡᠷᠡᠭᠲᠡᠢ᠃ ᠡᠩ ᠤᠨ ᠪᠠᠶᠢᠳᠠᠯ ᠳᠤ ᠬᠥᠷᠥᠰᠥᠨ ᠳᠤ ᠨᠡᠯᠢᠶᠡᠳ ᠭᠦᠢᠬᠡᠨ ᠰᠠᠭᠤᠳᠠᠭ ᠡᠭᠦᠯᠳᠡᠷ ᠨᠢ ᠵᠡᠷᠡᠮᠳᠡᠭ ᠦᠨᠳᠦᠰᠦ ᠠᠮᠠᠷᠬᠠᠨ ᠡᠭᠦᠰᠬᠦ ᠦᠭᠡᠢ︔ ᠤᠰᠤᠨ ᠤ ᠠᠭᠤᠯᠤᠭᠳᠠᠴᠠ ᠪᠠᠭ᠎ᠠ᠂ ᠨᠢᠭᠳᠠᠴᠠ ᠰᠠᠶᠢᠳᠠᠢ ᠡᠭᠦᠯᠳᠡᠷ ᠨᠢ ᠤᠭ ᠢᠶᠠᠷ ᠢᠶᠠᠨ ᠠᠮᠠᠷᠬᠠᠨ ᠬᠠᠭᠠᠷᠠᠬᠤ ᠦᠭᠡᠢ︔ ᠴᠠᠭᠠᠨ ᠬᠠᠯᠢᠰᠤ ᠪᠤᠶᠤ ᠴᠠᠭᠠᠨ ᠨᠣᠭᠤᠭᠠᠨ ᠬᠠᠯᠢᠰᠤ ᠶᠢᠨ ᠡᠭᠦᠯᠳᠡᠷ ᠤᠨ ᠭᠤᠱᠤᠭᠤᠨ ᠠᠮᠲᠠ ᠪᠠ ᠭᠠᠰᠢᠭᠤᠨ ᠠᠮᠲᠠ ᠨᠢ ᠨᠡᠯᠢᠶᠡᠳ ᠰᠤᠯᠠ ᠪᠠᠶᠢᠳᠠᠭ᠃      2. ᠲᠣᠬᠢᠷᠠᠮᠵᠢᠲᠠᠢ ᠭᠠᠵᠠᠷ ᠢ ᠰᠤᠩᠭᠤᠬᠤ ᠬᠡᠷᠡᠭᠲᠡᠢ᠃ ᠲᠠᠷᠢᠬᠤ ᠠᠴᠠ ᠪᠠᠨ ᠡᠮᠦᠨ᠎ᠡ᠂ ᠬᠥᠷᠥᠰᠥᠨ ᠤ ᠳᠠᠪᠬᠤᠷᠭ᠎ᠠ ᠨᠢ ᠵᠤᠵᠠᠭᠠᠨ ᠭᠠᠵᠠᠷ ᠢ ᠰᠣᠩᠭᠤᠬᠤ ᠶᠢᠨ ᠬᠠᠮᠲᠤ ᠨᠠᠷᠢᠨ ᠨᠠᠷᠬ᠎ᠠ ᠪᠠᠷ ᠭᠦᠨ ᠲᠠᠷᠢᠵᠤ᠂ ᠬᠥᠷᠥᠰᠥ ᠶᠢ ᠵᠥᠭᠡᠯᠡᠷᠡᠭᠦᠯᠦᠨ᠎ᠡ᠃       3. ᠪᠣᠷᠳᠣᠭᠤᠷ ᠢ ᠰᠢᠨᠵᠢᠯᠡᠬᠦ ᠤᠬᠠᠭᠠᠨᠴᠢ ᠪᠠᠷ ᠨᠡᠮᠡᠵᠦ ᠣᠷᠤᠭᠤᠯᠬᠤ ᠬᠡᠷᠡᠭᠲᠡᠢ᠃ ᠬᠥᠷᠥᠰᠥᠨ ᠳᠤ ᠣᠷᠣᠭᠤᠯᠬᠤ ᠣᠷᠭᠠᠨᠢᠭ ᠪᠣᠷᠳᠣᠭᠤᠷ ᠢ ᠡᠷᠬᠡᠪᠰᠢ ᠭᠦᠢᠴᠡᠳ ᠢᠯᠵᠢᠷᠡᠭᠦᠯᠦᠨ ᠪᠣᠯᠪᠠᠰᠤᠷᠠᠭᠤᠯᠬᠤ ᠮᠦᠷᠳᠡᠭᠡᠨ ᠵᠢᠭᠳᠡ ᠰᠠᠴᠤᠬᠤ ᠶᠢᠨ ᠬᠠᠮᠲᠤ ᠹᠣᠰᠹᠣᠷ᠂ ᠺᠠᠯᠢ ᠶᠢᠨ ᠪᠣᠷᠳᠣᠭᠤᠷ ᠢ ᠵᠣᠬᠢᠬᠤ ᠬᠡᠮᠵᠢᠶ᠎ᠡ ᠪᠠᠷ ᠨᠡᠮᠡᠨ ᠣᠷᠣᠭᠤᠯᠵᠤ᠂ ᠳᠠᠩ ᠭᠠᠭᠴᠠ ᠶᠡᠭᠡ ᠬᠡᠮᠵᠢᠶᠡᠨ ᠤ ᠠᠽᠣᠲ ᠪᠣᠷᠳᠣᠭᠤᠷ ᠢ ᠬᠡᠷᠡᠭᠯᠡᠬᠦ ᠠᠴᠠ ᠰᠡᠷᠭᠡᠶᠢᠯᠡᠬᠦ ᠬᠡᠷᠡᠭᠲᠡᠢ︔ ᠵᠢᠯ ᠳᠠᠷᠠᠭᠠᠯᠠᠨ ᠭᠤᠤᠯ ᠠᠴᠠ ᠪᠠᠨ ᠬᠠᠩᠰᠠᠷᠠᠬᠤ ᠪᠠᠶᠢᠳᠠᠯ ᠢᠯᠡᠷᠡᠭᠰᠡᠨ ᠭᠠᠵᠠᠷ ᠲᠤ ᠭᠠᠵᠠᠷ ᠲᠡᠭᠰᠢᠯᠡᠬᠦ ᠳᠤ ᠮᠦ ᠳᠤ 0.5~1 ᠺᠢᠯᠣᠭ᠍ᠷᠠᠮ ᠪᠤᠷ ᠤᠨ ᠬᠦᠴᠢᠯ ᠪᠤᠶᠤ ᠪᠤᠷ ᠤᠨ ᠡᠯᠡᠰᠦ᠂ 0.2~0.5% ᠶᠢᠨ ᠪᠤᠷ ᠤᠨ ᠡᠯᠡᠰᠦ ᠶᠢ ᠪᠤᠷ ᠤᠨ ᠬᠦᠴᠢᠯ ᠤᠨ ᠠᠭᠤᠰᠤᠮᠠᠯ ᠤᠨ ᠨᠠᠪᠴᠢᠨ ᠤ ᠭᠠᠳᠠᠷᠭᠤ ᠳᠤ ᠰᠦᠷᠴᠢᠵᠦ᠂ 3~4 ᠡᠳᠦᠷ ᠲᠤ ᠨᠢᠭᠡ ᠤᠳᠠᠭ᠎ᠠ ᠰᠦᠷᠴᠢᠵᠦ ᠂ ᠦᠷᠭᠦᠯᠵᠢᠯᠡᠨ 3~4 ᠤᠳᠠᠭ᠎ᠠ ᠰᠦᠷᠴᠢᠨ᠎ᠡ᠃       4. ᠵᠦᠢ ᠵᠣᠬᠢᠰᠲᠠᠢ ᠤᠰᠤᠯᠠᠬᠤ ᠬᠡᠷᠡᠭᠲᠡᠢ᠃ ᠭᠡᠨᠡᠳᠲᠡ ᠬᠠᠳᠠᠬᠤ ᠭᠡᠨᠡᠳᠲᠡ ᠨᠣᠷᠬᠤ ᠪᠤᠶᠤ ᠬᠡᠲᠦ ᠬᠠᠳᠠᠬᠤ ᠬᠡᠲᠦ ᠨᠣᠷᠬᠤ ᠶᠢ ᠰᠡᠷᠭᠡᠶᠢᠯᠡᠨ᠎ᠡ᠃    
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ