ᠥᠪᠥᠷ ᠮᠣᠩᠭᠤᠯ ᠤᠨ ᠡᠷᠳᠡᠨᠢ ᠰᠢᠰᠢ ᠶᠢ ᠨᠢᠭᠲᠠ ᠳᠠᠷᠢᠵᠤ ᠥᠨᠳᠥᠷ ᠤᠨᠠᠯᠲᠠ ᠤᠯᠬᠤ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠵᠠᠩᠭᠢᠯᠠᠭ᠎ᠠ ᠶᠢᠨ ᠮᠡᠷᠭᠡᠵᠢᠯ
ᠨᠡᠶᠢᠲᠡᠯᠡᠭᠰᠡᠨ ᠴᠠᠭ᠄
2023/5/23
     ᠨᠢᠭᠡ᠂ ᠲᠥᠷᠥᠯ ᠵᠦᠢᠯ ᠢ ᠰᠣᠩᠭᠤᠬᠤ      ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠬᠢᠨᠠᠨ ᠲᠣᠭᠲᠠᠭᠠᠭᠰᠠᠨ ︵ᠪᠤᠶᠤ ᠡᠭᠦᠯᠳᠡᠷ ᠣᠷᠣᠭᠤᠯᠵᠤ ᠳᠠᠩᠰᠠᠯᠠᠭᠰᠠᠨ︶᠂ ᠲᠤᠬᠠᠢ ᠶᠢᠨ ᠭᠠᠵᠠᠷ ᠲᠤ ᠨᠢᠭᠡᠨᠲᠡ ᠳᠠᠷᠢᠭᠰᠠᠨ ᠪᠥᠭᠡᠳ ᠰᠢᠯᠢᠳᠡᠭ ᠰᠠᠶᠢᠨ ᠢᠯᠡᠷᠡᠯ ᠲᠠᠢ ᠨᠢᠭᠳᠠᠴᠠ ᠰᠠᠶᠢᠳᠠᠢ᠂ ᠨᠢᠷᠤᠭᠤ ᠪᠦᠬᠡ᠂ ᠥᠨᠳᠥᠷ ᠤᠨᠠᠯᠲᠠ ᠲᠠᠢ᠂ ᠮᠠᠰᠢᠨ ᠢᠶᠠᠷ ᠨᠠᠷᠢᠯᠢᠭ ᠲᠣᠭᠠᠯᠠᠨ ᠳᠠᠷᠢᠬᠤ ᠪᠠ ᠮᠠᠰᠢᠨ ᠢᠶᠠᠷ ᠬᠤᠷᠢᠶᠠᠬᠤ ᠳᠤ ᠲᠣᠬᠢᠷᠠᠬᠤ ᠲᠥᠷᠥᠯ ᠵᠦᠢᠯ ᠢ ᠰᠣᠩᠭᠤᠨ᠎ᠠ᠃ ᠦᠷ᠎ᠡ ᠶᠢᠨ ᠮᠥᠬᠦᠯᠢᠭ ᠢ ᠮᠠᠰᠢᠨ ᠢᠶᠠᠷ ᠰᠢᠭᠤᠳ ᠬᠤᠷᠢᠶᠠᠬᠤ ᠳᠤ ᠡᠭᠦᠯᠳᠡᠷ ᠤᠨ ᠰᠡᠭᠦᠯᠴᠢ ᠶᠢᠨ ᠬᠤᠭᠤᠴᠠᠭᠠᠨ ᠤ ᠤᠰᠤ ᠠᠯᠳᠠᠬᠤ ᠨᠢ ᠬᠤᠷᠳᠤᠨ ᠪᠠᠶᠢᠬᠤ ᠶᠢ ᠱᠠᠭᠠᠷᠳᠠᠵᠤ᠂ ᠦᠷᠡᠵᠢᠯ ᠤᠨ ᠬᠤᠭᠤᠴᠠᠭ᠎ᠠ ᠨᠢ ᠲᠤᠬᠠᠢ ᠶᠢᠨ ᠭᠠᠵᠠᠷ ᠤᠨ ᠲᠦᠷᠦᠭᠦᠦ ᠬᠤᠷᠢᠶᠠᠬᠤ ᠡᠭᠦᠯᠳᠡᠷ ᠤᠨ ᠦᠷᠡᠵᠢᠯ ᠤᠨ ᠬᠤᠭᠤᠴᠠᠭ᠎ᠠ ᠠᠴᠠ 5 — 7 ᠡᠳᠦᠷ ᠣᠬᠤᠷ ︵ᠡᠰᠡᠬᠦᠯ᠎ᠡ ≥10℃ ᠤᠨ ᠬᠥᠳᠡᠯᠭᠡᠭᠡᠨ ᠤ ᠬᠤᠷᠠᠮᠳᠤᠭᠰᠠᠨ ᠳᠤᠯᠠᠭᠠᠨ ᠤ ᠬᠡᠮᠵᠢᠶ᠎ᠡ ᠨᠢ 150 — 200℃ ᠪᠠᠭ᠎ᠠ ᠪᠠᠶᠢᠬᠤ ᠶᠢ ᠱᠠᠭᠠᠷᠳᠠᠨ᠎ᠠ᠃ ᠦᠷ᠎ᠡ ᠶᠢᠨ ᠶᠠᠰᠤ ᠴᠢᠨᠠᠷ ᠨᠢ ︽ᠠᠮᠤ ᠪᠤᠳᠠᠭᠠᠨ ᠤ ᠲᠠᠷᠢᠮᠠᠯ ᠤᠨ ᠦᠷ᠎ᠡ ᠶᠢᠨ ᠶᠠᠰᠤ ᠴᠢᠨᠠᠷ ᠤᠨ ᠪᠠᠷᠢᠮᠵᠢᠶ᠎ᠠ — ᠦᠶᠡᠲᠦ ᠠᠮᠤ ᠶᠢᠨ ᠲᠦᠷᠦᠯ︾ ︵GB4404.1︶ ᠤᠨ ᠲᠠᠩ ᠮᠥᠬᠦᠯᠢᠭ ᠢᠶᠠᠷ ᠲᠠᠷᠢᠬᠤ ᠦᠷ᠎ᠡ ᠶᠢᠨ ᠶᠠᠰᠤ ᠴᠢᠨᠠᠷ ᠤᠨ ᠲᠤᠬᠠᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃ ᠦᠷ᠎ᠡ ᠬᠤᠳᠠᠯᠳᠤᠨ ᠠᠪᠬᠤ ᠳᠤ ᠪᠠᠨ ᠪᠠᠭᠯᠠᠭᠠᠲᠠᠶ ᠦᠷ᠎ᠡ ᠶᠢ ᠰᠣᠩᠭᠤᠵᠤ ᠬᠤᠳᠠᠯᠳᠤᠨ ᠠᠪᠬᠤ ᠬᠡᠷᠡᠭᠲᠡᠢ᠃       ᠬᠤᠶᠠᠷ᠂ ᠨᠢᠭᠲᠠ ᠳᠠᠷᠢᠵᠤ ᠤᠷᠭᠤᠭᠤᠯᠬᠤ      ᠲᠤᠬᠠᠢ ᠶᠢᠨ ᠭᠠᠵᠠᠷ ᠤᠨ ᠠᠭᠤᠷ ᠠᠮᠢᠰᠬᠤᠯ᠂ ᠬᠥᠷᠥᠰᠥ ᠰᠢᠷᠣᠢ᠂ ᠦᠢᠯᠡᠳᠪᠦᠷᠢᠯᠡᠬᠦ ᠨᠥᠬᠦᠴᠡᠯ ᠪᠣᠯᠣᠨ ᠲᠥᠷᠥᠯ ᠵᠦᠢᠯ ᠤᠨ ᠣᠨᠴᠠᠯᠢᠭ ᠰᠢᠨᠵᠢ᠂ ᠭᠠᠷᠤᠯᠲᠠ ᠶᠢᠨ ᠬᠠᠷᠠᠯᠲᠠ ᠶᠢ ᠦᠨᠳᠦᠰᠦᠯᠡᠨ᠂ ᠰᠠᠭᠤᠷᠢ ᠶᠢᠨ ᠮᠥᠷ ᠤᠨ ᠵᠠᠢ ᠶᠢ ᠵᠦᠢ ᠵᠣᠬᠢᠰᠲᠠᠢ ᠲᠣᠬᠢᠷᠠᠭᠤᠯᠵᠤ᠂ ᠨᠢᠭᠲᠠᠴᠠ ᠶᠢᠨ ᠲᠣᠬᠢᠷᠠᠮᠵᠢ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠩ ᠤᠨ ᠶᠡᠭᠡ ᠲᠠᠷᠢᠶᠠᠨ ᠤ ᠲᠠᠷᠢᠮᠠᠯ ᠤᠨ ᠬᠡᠮᠵᠢᠶ᠎ᠡ ᠨᠢ ᠡᠩ ᠤᠨ ᠨᠢᠭᠲᠠᠴᠠ ᠠᠴᠠ ᠮᠦ ᠪᠦᠷᠢ ᠳᠤ 500 — 1000 ᠰᠠᠭᠤᠷᠢ ᠨᠡᠮᠡᠭᠳᠡᠨ᠎ᠡ᠃ ᠡᠭᠦᠨ ᠳᠤ᠂ ᠵᠡᠭᠦᠨ ᠬᠡᠰᠡᠭ ᠤᠨ ᠭᠠᠵᠠᠷ ᠣᠷᠣᠨ ᠤ ᠬᠤᠭᠤᠯᠠᠢ ︵ᠨᠡᠯᠦᠭᠡᠷ︶ ᠶᠢᠨ ᠤᠰᠤᠯᠠᠯᠲᠠ ᠶᠢᠨ ᠭᠠᠵᠠᠷ ᠲᠤ ᠳᠠᠷᠢᠬᠤ ᠨᠢᠭᠲᠠᠴᠠ ᠨᠢ 5000 — 6000 ᠰᠠᠭᠤᠷᠢ \ ᠮᠦ᠂ ᠳᠤᠰᠤᠯᠭᠠᠨ ᠤᠰᠤᠯᠠᠬᠤ ᠨᠥᠬᠦᠴᠡᠯ ᠲᠠᠢ ᠭᠠᠵᠠᠷ ᠲᠤ ᠳᠠᠷᠢᠬᠤ ᠨᠢᠭᠲᠠᠴᠠ ᠨᠢ 5500 — 6500 ᠰᠠᠭᠤᠷᠢ \ ᠮᠦ︔ ᠳᠤᠮᠳᠠ ᠪᠠ ᠪᠠᠷᠠᠭᠤᠨ ᠬᠡᠰᠡᠭ ᠤᠨ ᠭᠠᠵᠠᠷ ᠣᠷᠣᠨ ᠨᠢ ᠬᠡᠷᠡᠯ ᠢᠯᠴᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠬᠤᠭᠤᠯᠠᠢ ︵ᠨᠡᠯᠦᠭᠡᠷ︶ ᠤᠰᠤᠯᠠᠯᠲᠠ ᠶᠢᠨ ᠭᠠᠵᠠᠷ ᠲᠤ ᠳᠠᠷᠢᠬᠤ ᠨᠢᠭᠲᠠᠴᠠ ᠨᠢ 5000 — 6000 ᠰᠠᠭᠤᠷᠢ / ᠮᠦ᠂ ᠳᠤᠰᠤᠯᠭᠠᠨ ᠤᠰᠤᠯᠠᠬᠤ ᠨᠥᠬᠦᠴᠡᠯ ᠲᠠᠢ ᠪᠣᠯ ᠳᠤᠮᠳᠠ ᠪᠠ ᠣᠷᠣᠢ ᠪᠣᠯᠪᠠᠰᠤᠷᠠᠬᠤ ᠡᠭᠦᠯᠳᠡᠷ ᠢ ᠰᠣᠩᠭᠤᠨ ᠬᠡᠷᠡᠭᠯᠡᠬᠦ ᠳᠤ ᠡᠩ ᠤᠨ ᠳᠠᠷᠢᠬᠤ ᠨᠢᠭᠲᠠᠴᠠ ᠨᠢ 6000 — 7000 ᠰᠠᠭᠤᠷᠢ / ᠮᠦ᠂ ᠳᠤᠮᠳᠠ ᠪᠠ ᠡᠷᠲᠡ ᠪᠣᠯᠪᠠᠰᠤᠷᠠᠬᠤ ᠡᠭᠦᠯᠳᠡᠷ ᠨᠢ 6500 — 7000 ᠰᠠᠭᠤᠷᠢ / ᠮᠦ ᠪᠣᠯᠣᠨ᠎ᠠ᠃       ᠭᠤᠷᠪᠠ᠂ ᠭᠠᠵᠠᠷ ᠢ ᠨᠠᠷᠢᠯᠢᠭ ᠲᠡᠭᠰᠢᠯᠡᠬᠦ       ᠲᠠᠷᠢᠬᠤ ᠠᠴᠠ ᠪᠠᠨ ᠡᠮᠦᠨ᠎ᠡ ᠨᠠᠮᠤᠷ ᠭᠦᠨ ᠤᠷᠪᠠᠭᠤᠯᠬᠤ ᠪᠤᠶᠤ ᠬᠠᠪᠤᠷ ᠭᠦᠨ ᠰᠤᠯᠠᠷᠠᠭᠤᠯᠵᠤ ᠨᠠᠷᠢᠯᠢᠭ ᠲᠡᠭᠰᠢᠯᠡᠬᠦ ᠠᠷᠭ᠎ᠠ ᠶᠢ ᠬᠡᠷᠡᠭᠯᠡᠨ᠎ᠡ᠃ ᠤᠷᠪᠠᠭᠤᠯᠬᠤ ᠭᠦᠨ ᠤ ᠬᠡᠮᠵᠢᠶ᠎ᠡ ᠶᠢ 30 ᠰᠡᠨᠲ᠋ᠢᠮᠧᠲᠷ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ 3 — 4 ᠵᠢᠯ ᠠᠯᠤᠰᠯᠠᠬᠤ ᠪᠦᠷᠢ ᠨᠢᠭᠡ ᠤᠳᠠᠭ᠎ᠠ ᠭᠦᠨ ᠤᠷᠪᠠᠭᠤᠯᠤᠨ᠎ᠠ︔ ᠰᠤᠯᠠᠷᠠᠭᠤᠯᠬᠤ ᠭᠦᠨ ᠤ ᠬᠡᠮᠵᠢᠶ᠎ᠡ ᠶᠢ 35 ᠰᠡᠨᠲ᠋ᠢᠮᠧᠲᠷ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠭᠦᠨ ᠤᠷᠪᠠᠭᠤᠯᠬᠤ ᠦᠭᠡᠢ ᠵᠢᠯ ᠳᠤ ᠭᠦᠨ ᠰᠤᠯᠠᠷᠠᠭᠤᠯᠬᠤ ᠠᠵᠢᠯ ᠬᠢᠨ᠎ᠡ︔ ᠭᠠᠵᠠᠷ ᠢ ᠲᠡᠭᠰᠢᠯᠡᠬᠦ ᠳᠤ ᠴᠢᠭᠢᠭ ᠲᠤ ᠵᠣᠬᠢᠴᠠᠭᠤᠯᠤᠨ ᠬᠢᠵᠦ᠂ ᠲᠡᠭᠰᠢᠯᠡᠭᠰᠡᠨ ᠭᠠᠵᠠᠷ ᠤᠨ ᠬᠥᠷᠥᠰᠥ ᠶᠢᠨ ᠳᠡᠭᠡᠷ᠎ᠡ ᠨᠢ ᠰᠡᠪᠰᠡᠭᠡᠷ ᠳᠣᠣᠷ᠎ᠠ ᠨᠢ ᠴᠤᠯᠠ ᠪᠠᠶᠢᠵᠤ᠂ ᠰᠡᠪᠰᠡᠭᠡᠷ ᠰᠢᠷᠣᠢ ᠶᠢᠨ ᠵᠤᠵᠠᠭᠠᠨ ᠨᠢ 5 ᠰᠡᠨᠲ᠋ᠢᠮᠧᠲᠷ ᠠᠴᠠ ᠬᠡᠲᠦᠷᠡᠬᠦ ᠦᠭᠡᠢ ᠪᠠᠶᠢᠵᠤ᠂ ︽ᠵᠢᠭᠳᠡ᠂ ᠲᠡᠭᠰᠢ᠂ ᠰᠤᠯᠠ᠂ ᠨᠢᠩᠭ᠎ᠠ᠂ ᠴᠡᠪᠡᠷ᠂ ᠴᠢᠬᠢᠭ︾ ᠭᠡᠬᠦ ᠵᠢᠷᠭᠤᠭᠠᠨ ᠥᠰᠥᠭ ᠤᠨ ᠪᠠᠷᠢᠮᠵᠢᠶ᠎ᠠ ᠳᠤ ᠬᠦᠷᠦᠭᠦᠯᠦᠨ᠎ᠡ᠃      ᠳᠥᠷᠪᠡ᠂ ᠮᠠᠰᠢᠨ ᠢᠶᠠᠷ ᠨᠠᠷᠢᠯᠢᠭ ᠲᠠᠷᠢᠬᠤ      ᠨᠠᠬᠢᠶᠠᠯᠠᠬᠤ ᠨᠤᠷᠮ᠎ᠠ ᠨᠢ 96% ᠠᠴᠠ ᠥᠨᠳᠥᠷ ᠰᠢᠯᠢᠳᠡᠭ ᠦᠷ᠎ᠡ ᠶᠢ ᠰᠣᠩᠭᠤᠨ᠎ᠠ᠃ ᠲᠠᠷᠢᠬᠤ ᠠᠴᠠ ᠡᠮᠦᠨ᠎ᠡ ᠦᠷ᠎ᠡ ᠶᠢ ᠨᠠᠷᠢᠨ ᠰᠣᠩᠭᠤᠵᠤ ᠲᠡᠰ ᠬᠤᠪᠢᠶᠠᠨ᠂ ᠮᠥᠬᠦᠯᠢᠭ ᠤᠨ ᠳ᠋ᠢᠶᠠᠮᠧᠳ᠋ᠷ ᠨᠢ ᠠᠳᠠᠯᠢ ᠶᠢ  ᠨᠢ ᠨᠢᠭᠡᠳᠦᠯᠲᠡᠢ ᠲᠠᠷᠢᠨ᠎ᠠ︔ ᠵᠠᠮᠴᠢᠯᠠᠬᠤ ᠰᠢᠰᠲ᠋ᠧᠮ ᠢ ᠲᠣᠬᠢᠷᠠᠭᠤᠯᠵᠤ ᠬᠡᠷᠡᠭᠯᠡᠨ᠂ ᠲᠠᠩ ᠮᠥᠬᠦᠯᠢᠭ ᠤᠨ ᠨᠠᠷᠢᠯᠢᠭ ᠬᠡᠮᠵᠢᠶᠡᠨ ᠤ ᠦᠷ᠎ᠡ ᠰᠠᠴᠤᠬᠤ ᠮᠠᠰᠢᠨ ᠢ ᠬᠡᠷᠡᠭᠯᠡᠵᠦ ᠪᠤᠯᠤᠨ᠎ᠠ᠂ ᠦᠷ᠎ᠡ ᠰᠠᠴᠤᠬᠤ᠂ ᠪᠣᠷᠳᠣᠭᠤᠷ ᠣᠷᠣᠭᠤᠯᠬᠤ᠂ ᠳᠤᠰᠤᠯᠭᠠᠨ ᠤᠰᠤᠯᠠᠬᠤ ᠪᠦᠰᠡ ᠪᠤᠯᠠᠬᠤ ᠵᠡᠷᠭᠡ ᠶᠢ ᠨᠢᠭᠡ ᠯᠡ ᠤᠳᠠᠭ᠎ᠠ ᠳᠤ ᠪᠡᠶᠡᠯᠡᠭᠦᠯᠵᠦ᠂ ᠪᠣᠷᠳᠣᠭᠤᠷ ᠲᠠᠢ ᠳᠠᠷᠢᠬᠤ ᠳᠤ ᠪᠠᠨ ᠦᠷ᠎ᠡ᠂ ᠪᠣᠷᠳᠣᠭᠤᠷ ᠢ ᠰᠠᠯᠭᠠᠬᠤ ᠬᠡᠷᠡᠭᠲᠡᠢ᠃ ᠭᠦᠢᠴᠡᠳ ᠴᠢᠬᠢᠭ᠂ ᠲᠣᠬᠢᠷᠠᠮᠵᠢᠲᠠᠢ ᠬᠤᠭᠤᠴᠠᠭᠠᠨ ᠳᠤ ᠲᠠᠷᠢᠬᠤ ᠪᠠ ᠤᠰᠤ ᠳᠤᠰᠤᠯᠭᠠᠨ ᠴᠢᠬᠢ ᠶᠢ ᠵᠡᠷᠭᠡᠴᠡᠭᠦᠯᠬᠦ ᠵᠡᠷᠭᠡ ᠠᠷᠭ᠎ᠠ ᠬᠡᠮᠵᠢᠶ᠎ᠡ ᠶᠢ ᠠᠪᠬᠤ ᠪᠠᠷ ᠳᠠᠮᠵᠢᠭᠤᠯᠤᠨ᠂ ᠴᠢᠬᠢ ᠶᠢ ᠵᠢᠭᠳᠡ᠂ ᠲᠡᠭᠰᠢ᠂ ᠪᠦᠷᠢᠨ ᠪᠦᠲᠦᠨ᠂ ᠳᠣᠷᠪᠢᠲᠠᠢ ᠪᠠᠶᠢᠯᠭᠠᠬᠤ ᠶᠢ ᠪᠠᠲᠤᠯᠠᠵᠤ᠂ ᠰᠦᠷᠦᠭᠵᠢᠯ ᠤᠨ ᠵᠢᠭᠳᠡ ᠬᠡᠮᠵᠢᠶ᠎ᠡ ᠶᠢ ᠳᠡᠭᠡᠭᠰᠢᠯᠡᠭᠦᠯᠦᠨ᠎ᠡ᠃     ᠲᠠᠪᠤ᠂ ᠵᠦᠢ ᠵᠣᠬᠢᠰᠲᠠᠢ ᠳᠤᠰᠤᠯᠭᠠᠨ ᠤᠰᠤᠯᠠᠬᠤ     ᠪᠣᠷᠣᠭᠠᠨ ᠤ ᠬᠡᠮᠵᠢᠶ᠎ᠡ᠂ ᠤᠰᠤᠯᠠᠯᠲᠠ ᠶᠢᠨ ᠠᠷᠭ᠎ᠠ ᠮᠠᠶ᠋ᠢᠭ᠂ ᠬᠥᠷᠥᠰᠥᠨ ᠤ ᠴᠢᠭᠢᠭ ᠤᠨ ᠪᠠᠶᠢᠳᠠᠯ ᠪᠠ ᠤᠰᠤ ᠬᠠᠳᠠᠭᠠᠯᠠᠬᠤ ᠴᠢᠳᠠᠪᠤᠷᠢ ᠵᠡᠷᠭᠡ ᠡᠯᠧᠮᠧᠨ᠋ᠲ ᠢ ᠦᠨᠳᠦᠰᠦᠯᠡᠵᠦ ᠤᠰᠤᠯᠠᠯᠲᠠ ᠶᠢᠨ ᠲᠤᠭ᠎ᠠ ᠪᠠ ᠤᠰᠤᠯᠠᠯᠲᠠ ᠶᠢᠨ ᠬᠡᠮᠵᠢᠶ᠎ᠡ ᠶᠢ ᠲᠣᠭᠲᠠᠭᠠᠨ᠎ᠠ᠃ ᠶᠡᠷᠦ ᠳᠤ ᠪᠠᠨ ᠳᠠᠷᠢᠭᠰᠠᠨ ᠤ ᠳᠠᠷᠠᠭᠠᠬᠢ 3 ᠡᠳᠦᠷ ᠤᠨ ᠳᠣᠲᠣᠷ᠎ᠠ᠂ ᠳᠤᠰᠤᠯᠭᠠᠨ ᠤᠰᠤᠯᠠᠬᠤ ᠪᠦᠰᠡ ᠪᠠᠷ ᠨᠢᠭᠡ ᠤᠳᠠᠭ᠎ᠠ ᠳᠤᠰᠤᠯᠭᠠᠨ ᠤᠰᠤᠯᠠᠨ᠎ᠠ᠂ ᠤᠰᠤᠯᠠᠬᠤ ᠬᠡᠮᠵᠢᠶ᠎ᠡ ᠨᠢ 15 — 20m3/ ᠮᠦ᠂ ᠴᠢᠭᠢᠭᠲᠦᠭᠦᠯᠵᠦ ᠦᠩᠭᠡᠷᠡᠭᠰᠡᠨ ᠳᠠᠷᠢᠬᠤ ᠵᠠᠮ ᠨᠢ 5cm ᠣᠷᠴᠢᠮ ᠪᠠᠶᠢᠪᠠᠯ ᠵᠣᠬᠢᠨ᠎ᠠ᠂ ᠳᠤᠰᠤᠯᠭᠠᠵᠤ ᠴᠢᠬᠢ ᠭᠠᠷᠭᠠᠬᠤ ᠪᠠᠷ ᠳᠠᠮᠵᠢᠨ ᠴᠢᠬᠢ ᠶᠢᠨ ᠶᠠᠰᠤ ᠴᠢᠨᠠᠷ ᠪᠠ ᠵᠢᠭᠳᠡ ᠬᠡᠮᠵᠢᠶ᠎ᠡ ᠶᠢ ᠪᠠᠲᠤᠯᠠᠨ᠎ᠠ᠃ ᠬᠦᠴᠦᠨ ᠲᠠᠢ ᠬᠤᠷ᠎ᠠ ᠲᠤᠨᠤᠳᠠᠰᠤ ᠶᠢᠨ ᠬᠡᠮᠵᠢᠶ᠎ᠡ ᠨᠡᠯᠢᠶᠡᠳ ᠭᠦᠢᠴᠡᠳ᠂ ᠬᠥᠷᠥᠰᠥ ᠰᠢᠷᠣᠢ ᠶᠢᠨ ᠤᠰᠤ ᠪᠣᠷᠳᠣᠭᠤᠷ ᠢ ᠬᠠᠳᠠᠭᠠᠯᠠᠬᠤ ᠪᠠᠷ ᠰᠠᠶᠢᠨ ᠭᠠᠵᠠᠷ ᠤᠨ ᠦᠷᠡᠵᠢᠯ ᠤᠨ ᠬᠤᠭᠤᠴᠠᠭ᠎ᠠ ᠨᠢ ᠶᠡᠷᠦ ᠳᠤ ᠪᠠᠨ ᠳᠠᠷᠢᠭᠰᠠᠨ ᠤ ᠳᠠᠷᠠᠭᠠᠬᠢ 3 ᠡᠳᠦᠷ ᠤᠨ ᠳᠣᠲᠣᠷ᠎ᠠ᠂ ᠰᠠᠯᠠᠭᠠᠯᠠᠬᠤ ᠬᠤᠭᠤᠴᠠᠭ᠎ᠠ ︵6 ᠨᠠᠪᠴᠢ ᠳᠡᠯᠭᠡᠬᠦ︶᠂ ᠪᠠᠭ᠎ᠠ ᠲᠡᠯᠪᠡᠭᠡᠯᠡᠬᠦ ᠬᠤᠭᠤᠴᠠᠭ᠎ᠠ ︵9 ᠨᠠᠪᠴᠢ ᠳᠡᠯᠭᠡᠬᠦ︶᠂ ᠶᠡᠭᠡ ᠲᠡᠯᠪᠡᠭᠡᠯᠡᠬᠦ ᠬᠤᠭᠤᠴᠠᠭ᠎ᠠ ︵12 ᠨᠠᠪᠴᠢ ᠳᠡᠯᠭᠡᠬᠦ︶ ᠂ ᠡᠷ᠎ᠡ ᠲᠦᠷᠦᠭᠦᠳᠡᠬᠦ ᠬᠤᠭᠤᠴᠠᠭ᠎ᠠ᠂ ᠮᠢᠨᠳᠠᠰᠤ ᠪᠥᠭᠡᠯᠵᠢᠬᠦ ᠬᠤᠭᠤᠴᠠᠭ᠎ᠠ᠂ ᠡᠭᠡᠳᠡᠩ ᠴᠢᠳᠬᠤᠬᠤ ᠬᠤᠭᠤᠴᠠᠭ᠎ᠠ ︵ᠮᠢᠨᠳᠠᠰᠤ ᠪᠥᠭᠡᠯᠵᠢᠭᠰᠡᠨ ᠤ ᠳᠠᠷᠠᠭᠠᠬᠢ 15 ᠡᠳᠦᠷ︶᠂ ᠰᠦ ᠪᠣᠯᠪᠠᠰᠤᠷᠠᠬᠤ ᠬᠤᠭᠤᠴᠠᠭ᠎ᠠ ︵ᠮᠢᠨᠳᠠᠰᠤ ᠪᠥᠭᠡᠯᠵᠢᠭᠰᠡᠨ ᠤ ᠳᠠᠷᠠᠭᠠᠬᠢ 30 ᠡᠳᠦᠷ︶ ᠳᠤ 6 ᠤᠳᠠᠭ᠎ᠠ ᠠᠴᠠ 8 ᠤᠳᠠᠭ᠎ᠠ ᠳᠤᠰᠤᠯᠭᠠᠨ ᠤᠰᠤᠯᠠᠵᠤ᠂ ᠤᠳᠠᠭ᠎ᠠ ᠪᠦᠷᠢ ᠶᠢᠨ ᠤᠰᠤᠯᠠᠬᠤ ᠤᠰᠤᠨ ᠤ ᠬᠡᠮᠵᠢᠶ᠎ᠡ ᠨᠢ 20 — 30m3/ ᠮᠦ ᠳᠤ ᠬᠦᠷᠦᠨ᠎ᠡ︔ ᠬᠦᠴᠦᠨ ᠲᠠᠢ ᠬᠤᠷ᠎ᠠ ᠲᠤᠨᠤᠳᠠᠰᠤ ᠶᠢᠨ ᠬᠡᠮᠵᠢᠶ᠎ᠡ ᠪᠠᠷ ᠭᠦᠢᠴᠡᠳ ᠪᠤᠰᠤ ᠪᠤᠶᠤ ᠤᠰᠤ ᠪᠣᠷᠳᠣᠭᠤᠷ ᠬᠠᠳᠠᠭᠠᠯᠠᠬᠤ ᠦᠷ᠎ᠡ ᠠᠰᠢᠭ ᠢᠶᠠᠷ ᠪᠠᠷᠤᠭᠲᠠᠢ ᠭᠠᠵᠠᠷ ᠲᠤ ᠳᠤᠰᠤᠯᠭᠠᠨ ᠤᠰᠤᠯᠠᠬᠤ ᠲᠤᠭ᠎ᠠ ᠪᠠ ᠳᠤᠰᠤᠯᠭᠠᠨ ᠤᠰᠤᠯᠠᠬᠤ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠵᠦ ᠪᠣᠯᠣᠨ᠎ᠠ᠃      ᠵᠢᠷᠭᠤᠭ᠎ᠠ᠂ ᠬᠤᠭᠤᠴᠠᠭ᠎ᠠ ᠬᠤᠪᠢᠶᠠᠨ ᠪᠣᠷᠳᠣᠭᠤᠷ ᠣᠷᠣᠭᠤᠯᠬᠤ     ᠡᠷᠳᠡᠨᠢ ᠰᠢᠰᠢ ᠶᠢᠨ ᠤᠨᠠᠯᠲᠠ ᠶᠢᠨ ᠬᠠᠷᠠᠯᠲᠠ ᠪᠠ ᠭᠠᠵᠠᠷ ᠤᠨ ᠬᠦᠴᠦᠨ ᠤ ᠬᠢᠷᠢ ᠬᠡᠮᠵᠢᠶ᠎ᠡ ᠶᠢ ᠦᠨᠳᠦᠰᠦᠯᠡᠨ ᠬᠥᠷᠥᠰᠥ ᠶᠢ ᠬᠡᠮᠵᠢᠨ ᠨᠠᠶᠢᠷᠠᠯᠭ᠎ᠠ ᠲᠠᠢ ᠪᠣᠷᠳᠣᠭᠤᠷ ᠣᠷᠣᠭᠤᠯᠤᠨ᠎ᠠ᠃ ᠨᠥᠬᠦᠴᠡᠯ ᠲᠠᠢ ᠭᠠᠵᠠᠷ ᠣᠷᠣᠨ ᠳᠤ ᠮᠦ ᠪᠦᠷᠢ ᠳᠤ 2 — 3 ᠲᠣᠨ ᠴᠢᠨᠠᠷ ᠰᠠᠶᠢᠲᠠᠢ ᠣᠷᠭᠠᠨᠢᠭ ᠪᠣᠷᠳᠣᠭᠤᠷ ᠪᠤᠶᠤ ᠨᠠᠷᠢᠯᠢᠭ ᠣᠷᠭᠠᠨᠢᠭ ᠪᠣᠷᠳᠣᠭᠤᠷ 1 ᠲᠣᠨ ᠣᠷᠴᠢᠮ ᠣᠷᠣᠭᠤᠯᠵᠤ ᠪᠣᠯᠣᠨ᠎ᠠ᠃ ᠭᠤᠤᠷᠰᠤ ᠪᠠᠷ ᠤᠰᠤᠯᠠᠬᠤ ᠭᠠᠵᠠᠷ ᠲᠤ ᠬᠤᠶᠠᠷ ᠤᠳᠠᠭ᠎ᠠ ᠪᠣᠷᠳᠣᠭᠤᠷ ᠣᠷᠣᠭᠤᠯᠵᠤ ᠪᠣᠯᠣᠨ᠎ᠠ ᠂ ᠳᠠᠷᠤᠢ ᠪᠦᠬᠦ ᠹᠣᠰᠹᠣᠷ ᠪᠣᠷᠳᠣᠭᠤᠷ᠂ 30% — 40% ᠶᠢᠨ ᠠᠽᠣᠲ ᠪᠣᠷᠳᠣᠭᠤᠷ ︵ᠬᠡᠷᠪᠡ ᠦᠷ᠎ᠡ ᠶᠢᠨ ᠪᠣᠷᠳᠣᠭᠤᠷ ᠲᠠᠢ ᠪᠣᠯ ᠬᠡᠷᠡᠭᠯᠡᠬᠦ ᠬᠡᠮᠵᠢᠶ᠎ᠡ ᠶᠢ ᠨᠢ ᠵᠣᠬᠢᠬᠤ ᠬᠡᠮᠵᠢᠶ᠎ᠡ ᠪᠠᠷ ᠪᠠᠭᠠᠰᠬᠠᠵᠤ ᠪᠣᠯᠣᠨ᠎ᠠ︶ ᠪᠠ 70% ᠶᠢᠨ ᠺᠠᠯᠢ ᠪᠣᠷᠳᠣᠭᠤᠷ ᠢᠶᠠᠷ ᠰᠠᠭᠤᠷᠢ ᠪᠣᠷᠳᠣᠭᠤᠷ ᠪᠣᠯᠭᠠᠨ ᠣᠷᠣᠭᠤᠯᠵᠤ᠂ ᠦᠯᠡᠳᠡᠭᠰᠡᠨ ᠪᠣᠷᠳᠣᠭᠤᠷ ᠢ ᠪᠦᠷᠢᠶᠡᠨ ᠤ ᠠᠮᠠᠰᠠᠷ ᠤᠨ ᠬᠤᠭᠤᠴᠠᠭᠠᠨ ᠠᠴᠠ ᠡᠮᠦᠨ᠎ᠡ ᠨᠢᠭᠡ ᠯᠡ ᠤᠳᠠᠭ᠎ᠠ ᠳᠤ ᠮᠠᠰᠢᠨ ᠢᠶᠠᠷ ᠨᠡᠮᠡᠵᠦ ᠣᠷᠣᠭᠤᠯᠤᠨ᠎ᠠ᠃ ᠪᠠᠰᠠ ᠠᠯᠭᠤᠷ ᠬᠢᠵᠠᠭᠠᠷᠯᠠᠬᠤ ᠪᠣᠷᠳᠣᠭᠤᠷ ᠬᠡᠷᠡᠭᠯᠡᠵᠦ᠂ ᠪᠣᠷᠳᠣᠭᠤᠷ ᠤᠨ ᠦᠢᠯᠡᠳᠦᠯ ᠬᠢᠭᠡᠳ ᠠᠭᠤᠯᠤᠭᠳᠠᠴᠠ ᠶᠢ ᠨᠢ ᠦᠨᠳᠦᠰᠦᠯᠡᠨ ᠪᠣᠷᠳᠣᠭᠤᠷ ᠣᠷᠣᠭᠤᠯᠬᠤ ᠬᠡᠮᠵᠢᠶ᠎ᠡ ᠶᠢ ᠨᠢ ᠲᠣᠭᠲᠠᠭᠠᠵᠤ᠂ ᠨᠢᠭᠡ ᠯᠡ ᠤᠳᠠᠭ᠎ᠠ ᠬᠡᠷᠡᠭᠯᠡᠬᠦ ᠮᠠᠰᠢᠨ ᠢᠶᠠᠷ ᠪᠣᠷᠳᠣᠭᠤᠷ ᠣᠷᠣᠭᠤᠯᠬᠤ ᠶᠢ ᠪᠡᠶᠡᠯᠡᠭᠦᠯᠵᠦ ᠪᠣᠯᠣᠨ᠎ᠠ᠃ ᠳᠤᠰᠤᠯᠭᠠᠨ ᠤᠰᠤᠯᠠᠬᠤ ᠭᠠᠵᠠᠷ ᠲᠤ ᠤᠰᠤᠨ ᠳᠤᠰᠤᠯ ᠲᠠᠢ ᠬᠠᠮᠲᠤ ᠪᠣᠷᠳᠣᠭᠤᠷ ᠤᠷᠤᠭᠤᠯᠤᠨ᠎ᠠ᠂ ᠡᠭᠦᠨ ᠳᠤ ᠦᠷ᠎ᠡ ᠶᠢᠨ ᠪᠣᠷᠳᠣᠭᠤᠷ ᠬᠡᠷᠡᠭᠯᠡᠬᠦ ᠬᠡᠮᠵᠢᠶ᠎ᠡ᠄ ᠴᠡᠪᠡᠷ ᠠᠽᠣᠲ ︵N︶ 3 — 5kg / ᠮᠦ᠂ ᠴᠡᠪᠡᠷ ᠹᠣᠰᠹᠣᠷ ︵P2O5︶ 5 — 7kg / ᠮᠦ᠂ ᠴᠡᠪᠡᠷ ᠺᠠᠯᠢ ︵K2O︶ 3 — 5kg / ᠮᠦ︔ ᠨᠡᠮᠡᠯᠲᠡ ᠪᠣᠷᠳᠣᠭᠤᠷ ᠬᠡᠷᠡᠭᠯᠡᠬᠦ ᠬᠡᠮᠵᠢᠶ᠎ᠡ᠄ ᠤᠰᠤᠨ ᠳᠤᠰᠤᠯ ᠢ ᠲᠠᠭᠠᠨ 5~7 ᠤᠳᠠᠭ᠎ᠠ ᠪᠣᠷᠳᠣᠭᠤᠷ ᠣᠷᠣᠭᠤᠯᠵᠤ᠂ ᠴᠡᠪᠡᠷ ᠠᠽᠣᠲ ︵N︶ ᠢ 15 — 17kg / ᠮᠦ᠂ ᠹᠣᠰᠹᠣᠷ ︵P2O5︶ ᠢ 3 — 5kg/ ᠮᠦ᠂ ᠺᠠᠯᠢ ︵K2O︶ ᠶᠢ 5 — 7kg/ ᠮᠦ ᠨᠡᠮᠡᠵᠦ ᠣᠷᠣᠭᠤᠯᠤᠨ᠎ᠠ᠃       ᠳᠣᠯᠤᠭ᠎ᠠ᠂ ᠬᠢᠮᠢ ᠶᠢᠨ ᠡᠵᠡᠮᠰᠢᠯ ᠢᠶᠠᠷ ᠨᠠᠯᠠᠨ ᠤᠨᠠᠬᠤ ᠠᠴᠠ ᠰᠡᠷᠭᠡᠶᠢᠯᠡᠬᠦ       ᠨᠢᠭᠲᠠᠴᠠ ᠨᠢ 4500 ᠰᠠᠭᠤᠷᠢ / ᠮᠦ ᠠᠴᠠ ᠶᠡᠭᠡ᠂ ᠥᠰᠦᠯᠲᠡ ᠨᠢ ᠬᠡᠲᠦ ᠰᠠᠶᠢᠨ᠂ ᠡᠭᠦᠯᠳᠡᠷ ᠤᠨ ᠤᠨᠠᠬᠤ ᠶᠢ ᠳᠠᠭᠠᠭᠠᠬᠤ ᠴᠢᠨᠠᠷ ᠢᠶᠠᠷ ᠠᠨᠠᠢ ᠪᠠ ᠨᠠᠯᠠᠨ ᠤᠨᠠᠬᠤ ᠪᠠᠶᠢᠳᠠᠯ ᠦᠷᠭᠦᠯᠵᠢ ᠡᠭᠦᠰᠳᠡᠭ ᠭᠠᠵᠠᠷ ᠣᠷᠣᠨ ᠤ ᠬᠡᠰᠡᠭ ᠭᠠᠵᠠᠷ ᠲᠤ ᠡᠷᠳᠡᠨᠢ ᠰᠢᠰᠢ ᠶᠢᠨ 6 — 8 ᠶᠢᠨ ᠨᠠᠪᠴᠢᠨ ᠤ ᠬᠤᠭᠤᠴᠠᠭᠠᠨ ᠳᠤ ᠬᠢᠮᠢ ᠶᠢᠨ ᠡᠵᠡᠮᠰᠢᠯ ᠤᠨ ᠡᠮ ᠢ ᠰᠦᠷᠴᠢᠵᠦ ᠪᠣᠯᠣᠨ᠎ᠠ᠂ ᠵᠢᠱᠢᠶᠡᠯᠡᠪᠡᠯ ᠢᠦᠢ ᠬᠤᠸᠠᠩ ᠶᠢᠨ᠂ ᠲᠣᠨ ᠲᠢᠶᠠᠨ ᠪᠤᠤ᠂ ᠤᠰᠤᠮᠠᠭ ᠡᠲ᠋ᠧᠨ ᠵᠡᠷᠭᠡ ᠶᠢ ᠰᠦᠷᠴᠢᠵᠦ᠂ ᠰᠠᠭᠤᠷᠢ ᠬᠡᠰᠡᠭ ᠤᠨ ᠦᠶ᠎ᠡ ᠶᠢᠨ ᠤᠷᠲᠤ ᠶᠢᠨ ᠬᠡᠮᠵᠢᠶ᠎ᠡ ᠶᠢ ᠬᠢᠵᠠᠭᠠᠷᠯᠠᠵᠤ᠂ ᠡᠰᠢ ᠰᠦᠷᠡᠯ ᠤᠨ ᠬᠦᠴᠦᠯᠡᠴᠡ ᠶᠢ ᠨᠡᠮᠡᠭᠳᠡᠭᠦᠯᠦᠨ ᠨᠠᠯᠠᠨ ᠤᠨᠠᠬᠤ ᠶᠢ ᠤᠷᠢᠳᠴᠢᠯᠠᠨ ᠰᠡᠷᠭᠡᠶᠢᠯᠡᠨ᠎ᠡ᠃       ᠨᠠᠢᠮᠠ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ      ᠴᠢᠬᠢᠯᠡᠬᠦ ᠬᠤᠭᠤᠴᠠᠭᠠᠨ ᠤ ᠬᠤᠣᠷᠲᠤ ᠬᠤᠷᠣᠬᠠᠢ ᠶᠢ ᠭᠤᠣᠯᠳᠠᠭᠤ ᠦᠷ᠎ᠡ ᠶᠢᠨ ᠪᠠᠭᠯᠠᠭ᠎ᠠ ᠪᠠᠷ ᠰᠡᠷᠭᠡᠶᠢᠯᠡᠨ ᠡᠵᠡᠮᠳᠡᠵᠦ᠂ ᠳᠤᠮᠳᠠ ᠪᠠ ᠰᠡᠭᠦᠯᠴᠢ ᠶᠢᠨ ᠬᠤᠭᠤᠴᠠᠭᠠᠨ ᠤ ᠡᠪᠡᠳᠴᠢᠨ ᠬᠤᠷᠣᠬᠠᠢ ᠶᠢᠨ ᠬᠥᠨᠥᠭᠡᠯ ᠢ ᠥᠨᠳᠥᠷ ᠭᠠᠵᠠᠷ ᠤᠨ ᠵᠠᠪᠰᠠᠷ ᠲᠠᠢ ᠡᠮ ᠰᠦᠷᠴᠢᠬᠦ ᠮᠠᠰᠢᠨ ᠪᠤᠶᠤ ᠤᠷᠭᠤᠮᠠᠯ ᠤᠨ ᠬᠠᠮᠠᠭᠠᠯᠠᠯᠲᠠ ᠶᠢᠨ ᠵᠢᠯᠣᠭᠤᠴᠢ ᠦᠭᠡᠢ ᠨᠢᠰᠬᠡᠯ ᠢᠶᠠᠷ ᠡᠮ ᠰᠦᠷᠴᠢᠨ ᠰᠡᠷᠭᠡᠶᠢᠯᠡᠨ ᠵᠠᠰᠠᠵᠤ ᠪᠣᠯᠣᠨ᠎ᠠ᠃       ᠶᠢᠰᠦ᠂ ᠮᠠᠰᠢᠨᠴᠢᠯᠠᠯᠲᠠ ᠪᠠᠷ ᠬᠤᠷᠢᠶᠠᠬᠤ       ᠲᠠᠷᠢᠮᠠᠯ ᠤᠨ ᠮᠥᠷ ᠤᠨ ᠵᠠᠢ ᠵᠢᠴᠢ ᠠᠵᠢᠯ ᠤᠨ ᠶᠠᠰᠤ ᠴᠢᠨᠠᠷ ᠤᠨ ᠱᠠᠭᠠᠷᠳᠠᠯᠭ᠎ᠠ ᠶᠢ ᠦᠨᠳᠦᠰᠦᠯᠡᠨ ᠲᠣᠬᠢᠷᠠᠮᠵᠢᠲᠠᠢ ᠬᠤᠷᠢᠶᠠᠬᠤ ᠮᠠᠰᠢᠨ ᠢ ᠰᠣᠩᠭᠤᠬᠤ ᠬᠡᠷᠡᠭᠲᠡᠢ᠃ ᠡᠷᠳᠡᠨᠢ ᠰᠢᠰᠢ ᠨᠢ ᠪᠦᠷᠢᠨ ᠪᠣᠯᠪᠠᠰᠤᠷᠠᠭᠰᠠᠨ ︵ᠮᠦᠬᠦᠯᠢᠭ ᠰᠦᠨ ᠤᠳᠠᠰᠤ ᠪᠦᠷᠢᠮᠦᠰᠦᠨ ᠠᠷᠢᠯᠵᠤ᠂ ᠰᠠᠭᠤᠷᠢ ᠬᠡᠰᠡᠭ ᠲᠤ ᠬᠠᠷ᠎ᠠ ᠳᠠᠪᠬᠤᠷᠭ᠎ᠠ ᠢᠯᠡᠷᠡᠬᠦ︶ ᠤ ᠳᠠᠷᠠᠭ᠎ᠠ ᠵᠢᠮᠢᠰ ᠤᠨ ᠲᠦᠷᠦᠭᠦᠦ ᠶᠢ ᠬᠤᠷᠢᠶᠠᠵᠤ ᠪᠣᠯᠣᠨ᠎ᠠ᠂ ᠬᠤᠷᠢᠶᠠᠭᠰᠠᠨ ᠤ ᠳᠠᠷᠠᠭ᠎ᠠ ᠴᠠᠭ ᠲᠤᠬᠠᠢ ᠳᠤ ᠨᠢ ᠬᠠᠲᠠᠭᠠᠵᠤ ᠬᠥᠮᠥᠷᠭᠡ ᠳᠤ ᠬᠠᠳᠠᠭᠠᠯᠠᠨ᠎ᠠ᠃ ᠦᠷ᠎ᠡ ᠶᠢᠨ ᠮᠥᠬᠦᠯᠢᠭ ᠢ ᠮᠠᠰᠢᠨ ᠢᠶᠠᠷ ᠰᠢᠭᠤᠳ ᠬᠤᠷᠢᠶᠠᠬᠤ ᠨᠢ ᠪᠣᠯᠪᠠᠰᠤᠷᠠᠭᠰᠠᠨ ᠤ ᠳᠠᠷᠠᠭ᠎ᠠ 2 — 4 ᠭᠠᠷᠠᠭ ᠤᠨ ᠳᠣᠲᠣᠷ᠎ᠠ ᠦᠷ᠎ᠡ ᠶᠢᠨ ᠮᠥᠬᠦᠯᠢᠭ ᠤᠨ ᠤᠰᠤᠨ ᠤ ᠠᠭᠤᠯᠤᠭᠳᠠᠴᠠ ᠶᠢ 25% ᠠᠴᠠ ᠳᠣᠷᠣᠭᠰᠢ ᠪᠣᠯᠲᠠᠯ᠎ᠠ ᠪᠠᠭᠤᠷᠠᠭᠤᠯᠬᠤ ᠦᠶ᠎ᠡ ᠳᠤ᠂ ᠬᠠᠮ ᠬᠤᠷᠢᠶᠠᠬᠤ ᠮᠠᠰᠢᠨ ᠢᠶᠠᠷ ᠦᠷ᠎ᠡ ᠶᠢᠨ ᠮᠥᠬᠦᠯᠢᠭ ᠢ ᠰᠢᠭᠤᠳ ᠬᠤᠷᠢᠶᠠᠬᠤ ᠶᠢᠨ ᠬᠠᠮᠲᠤ ᠡᠰᠢ ᠰᠦᠷᠡᠯ ᠢ ᠬᠡᠮᠬᠡᠯᠦᠨ ᠰᠢᠢᠳᠪᠦᠷᠢᠯᠡᠨ᠎ᠡ᠃ ᠬᠤᠷᠢᠶᠠᠭᠰᠠᠨ ᠤ ᠳᠠᠷᠠᠭ᠎ᠠ᠂ ᠦᠷ᠎ᠡ ᠶᠢ ᠨᠢ ᠴᠠᠭ ᠲᠤᠬᠠᠢ ᠳᠤ ᠨᠢ ᠬᠠᠳᠠᠭᠠᠵᠤ ᠬᠠᠳᠠᠭᠠᠯᠠᠬᠤ ᠪᠤᠶᠤ ᠪᠣᠷᠣᠯᠠᠭᠤᠯᠬᠤ ᠬᠡᠷᠡᠭᠲᠡᠢ᠃       ᠠᠷᠪᠠ᠂ ᠡᠰᠢ ᠰᠦᠷᠡᠯ ᠢ ᠠᠰᠢᠭᠯᠠᠬᠤ     ᠡᠪᠡᠰᠦ ᠪᠣᠷᠳᠤᠭ᠎ᠠ ᠶᠢ ᠲᠡᠭᠦᠵᠦ ᠪᠣᠭᠤᠵᠢᠯᠠᠬᠤ ᠮᠠᠰᠢᠨ ᠢᠶᠠᠷ ᠡᠰᠢ ᠰᠦᠷᠡᠯ ᠢ ᠪᠣᠭᠤᠵᠢᠯᠠᠵᠤ ᠪᠣᠷᠳᠤᠭ᠎ᠠ ᠪᠣᠯᠭᠠᠨ᠎ᠠ︔ ᠡᠰᠡᠬᠦᠯ᠎ᠡ ᠡᠰᠢ ᠰᠦᠷᠡᠯ ᠢ ᠲᠠᠷᠢᠶᠠᠨ ᠳᠤ ᠣᠷᠣᠭᠤᠯᠬᠤ ᠮᠠᠰᠢᠨ ᠢᠶᠠᠷ ᠡᠰᠢ ᠰᠦᠷᠡᠯ ᠢ 3 — 5 ᠰᠡᠨᠲ᠋ᠢᠮᠧᠲᠷ ᠪᠣᠯᠲᠠᠯ᠎ᠠ ᠬᠡᠮᠬᠡᠯᠬᠦ ᠶᠢᠨ ᠬᠠᠮᠲᠤ ᠤᠷᠪᠠᠭᠤᠯᠬᠤ ᠠᠨᠵᠢᠰᠤ ᠪᠠᠷ 30 ᠰᠡᠨᠲ᠋ᠢᠮᠧᠲᠷ ᠤᠷᠪᠠᠭᠤᠯᠤᠨ ᠬᠠᠭᠠᠯᠪᠤᠷᠢᠯᠠᠵᠤ ᠲᠠᠷᠢᠶᠠᠨ ᠳᠤ ᠪᠤᠴᠠᠭᠠᠨ᠎ᠠ᠃ ᠡᠰᠡᠬᠦᠯ᠎ᠡ ᠡᠰᠢ ᠰᠦᠷᠡᠯ ᠢ ᠲᠠᠷᠢᠶᠠᠨ ᠳᠤ ᠪᠦᠷᠭᠦᠭᠦᠯᠦᠨ ᠬᠠᠶᠠᠵᠤ᠂ ᠳᠠᠷᠠᠭ᠎ᠠ ᠵᠢᠯ ᠳᠤ ᠨᠢ ᠬᠠᠭᠠᠯᠪᠤᠷᠢᠯᠠᠬᠤ ᠦᠭᠡᠢ ᠪᠠᠷ ᠳᠠᠷᠢᠬᠤ ᠮᠠᠰᠢᠨ ᠢᠶᠠᠷ ᠬᠠᠭᠠᠯᠪᠤᠷᠢᠯᠠᠬᠤ ᠦᠭᠡᠢ ᠪᠠᠷ ᠳᠠᠷᠢᠨ᠎ᠠ᠃    
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ