ᠣᠷᠳᠣᠰ ᠤᠨ ᠰᠢᠨ᠎ᠡ ᠡᠨᠧᠷᠭᠢ ᠶᠢᠨ ᠲᠤᠷᠰᠢᠯᠲᠠ ᠶᠢᠨ ᠲᠥᠪ ᠠᠰᠢᠬᠯᠠᠯᠲᠠ ᠳᠤ ᠤᠷᠤᠯ᠎ᠠ
ᠨᠡᠶᠢᠲᠡᠯᠡᠭᠰᠡᠨ ᠴᠠᠭ᠄
2023/5/29
     ᠤᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠰᠢᠨ᠎ᠡ ᠡᠨᠧᠷᠭᠢ ᠶᠢᠨ ᠲᠤᠷᠰᠢᠯᠲᠠ ᠶᠢᠨ ᠲᠥᠪ ᠪᠤᠯᠬᠤ ᠤᠷᠳᠤᠰ ᠤᠨ ᠰᠢᠨ᠎ᠡ ᠡᠨᠧᠷᠭᠢ ᠶᠢᠨ ᠲᠤᠷᠰᠢᠯᠲᠠ ᠶᠢᠨ ᠲᠥᠪ ᠠᠰᠢᠭᠯᠠᠯᠲᠠ ᠳᠤ ᠣᠷᠣᠬᠰᠠᠨ ᠪᠠᠶᠢᠨ᠎ᠠ᠃     ᠣᠶᠢᠯᠠᠭᠠᠭᠰᠠᠨ ᠢᠶᠠᠷ᠂ ᠣᠷᠳᠣᠰ ᠤᠨ ᠰᠢᠨ᠎ᠡ ᠡᠨᠧᠷᠭᠢ ᠶᠢᠨ ᠲᠤᠷᠰᠢᠯᠲᠠ ᠶᠢᠨ ᠲᠥᠪ ᠢ ᠬᠤᠲᠠ ᠶᠢᠨ ᠤᠯᠤᠰ ᠤᠨ ᠪᠠᠯᠠ ᠣᠷᠣᠭᠤᠯᠤᠯᠲᠠ ᠶᠢᠨ  ᠪᠦᠯᠦᠭᠯᠡᠯ 2022 ᠣᠨ ᠤ 6 ᠰᠠᠷ᠎ᠠ ᠳᠤ ᠪᠠᠶᠢᠭᠤᠯᠵᠠᠢ᠃ ᠲᠤᠷᠰᠢᠯᠲᠠ ᠶᠢᠨ ᠲᠥᠪ ᠤᠨ ᠪᠠᠶᠢᠭᠤᠯᠤᠭᠳᠠᠭᠰᠠᠨ ᠨᠢ ᠮᠠᠨ ᠤ ᠬᠤᠲᠠ ᠵᠢᠴᠢ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ ᠰᠢᠯᠭᠠᠨ ᠪᠠᠶᠢᠴᠠᠭᠠᠬᠤ ᠬᠡᠮᠵᠢᠯᠲᠡ ᠶᠢᠨ ᠠᠵᠤ ᠦᠢᠯᠡᠰ ᠤᠨ ᠬᠤᠭᠤᠰᠤᠨ ᠢ ᠨᠦᠬᠦᠪᠤᠷᠢᠯᠡᠭᠰᠡᠨ ᠪᠠᠶᠢᠨ᠎ᠠ᠃ ᠲᠤᠰ ᠲᠤᠷᠰᠢᠯᠲᠠ ᠶᠢᠨ ᠲᠥᠪ ᠨᠢ ᠰᠢᠨ᠎ᠡ ᠡᠨᠧᠷᠭᠢ ᠶᠢᠨ ᠠᠵᠤ ᠦᠢᠯᠡᠰ ᠲᠤ ᠦᠢᠯᠡᠴᠢᠯᠡᠵᠦ᠂  ᠬᠡᠯᠬᠢᠶ᠎ᠡ ᠶᠢ ᠤᠷᠲᠤᠳᠬᠠᠬᠤ᠂  ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠴᠢᠩᠭᠠᠳᠬᠠᠬᠤ ᠪᠠᠷ ᠬᠠᠷᠠᠯᠲᠠ ᠪᠣᠯᠭᠠᠵᠤ᠂ ᠵᠠᠬ᠎ᠠ ᠳᠡᠯᠭᠡᠭᠦᠷ ᠤᠨ ᠪᠣᠳᠠᠲᠠᠢ ᠬᠡᠷᠡᠭᠴᠡᠭᠡ ᠳᠤ ᠵᠤᠷᠢᠭᠤᠯᠵᠤ᠂ ᠰᠢᠨ᠎ᠡ ᠡᠨᠧᠷᠭᠢ ᠶᠢᠨ ᠬᠥᠳᠡᠯᠭᠡᠬᠦ ᠬᠦᠴᠦᠨ ᠤ ᠳ᠋ᠢᠶᠠᠨ ᡂᠢ ᠶᠢ ᠪᠠᠶᠢᠴᠠᠭᠠᠨ ᠰᠢᠯᠭᠠᠬᠤ ᠪᠠᠷ ᠭᠠᠷᠳᠠᠴᠠ ᠪᠣᠯᠭᠠᠵᠤ᠂ ᠭᠡᠷᠡᠴᠢᠯᠡᠬᠦ᠂ ᠰᠢᠯᠭᠠᠨ ᠪᠠᠲᠤᠯᠠᠬᠤ᠂ ᠰᠢᠯᠭᠠᠨ ᠪᠠᠶᠢᠴᠠᠭᠠᠬᠤ᠂ ᠬᠡᠮᠵᠢᠬᠦ᠂ ᠪᠠᠷᠢᠮᠵᠢᠶᠠᠯᠠᠬᠤ ᠵᠡᠷᠭᠡ ᠲᠠᠪᠤ ᠶᠢ ᠨᠢᠭᠡ ᠴᠤᠬᠴᠠᠵᠢᠭᠤᠯᠤᠭᠰᠠᠨ ᠰᠢᠨ᠎ᠡ ᠡᠨᠧᠷᠭᠢ ᠶᠢᠨ ᠰᠢᠰᠲ᠋ᠧᠮ ᠢ ᠢᠳᠡᠪᠬᠢᠲᠡᠢ ᠪᠠᠶᠢᠭᠤᠯᠵᠠᠢ᠃ ᠣᠳᠣᠬᠠᠨ ᠳᠤ ᠣᠷᠳᠣᠰ ᠤᠨ ᠰᠢᠨ᠎ᠡ ᠡᠨᠧᠷᠭᠢ ᠶᠢᠨ ᠲᠤᠷᠰᠢᠯᠲᠠ ᠶᠢᠨ ᠲᠥᠪ ᠨᠢ ᠪᠠᠰᠠ ᠤᠯᠤᠰ ᠤᠨ ᠳᠣᠲᠣᠭᠠᠳᠤ ᠶᠢᠨ ᠨᠠᠷᠠᠲᠦ ᠶᠡᠭᠡ ᠳᠡᠭᠡᠳᠦ ᠰᠤᠷᠭᠠᠭᠤᠯᠢ ᠵᠢᠴᠢ ᠠᠵᠢᠯ ᠲᠥᠷᠥᠯ ᠤᠨ ᠲᠡᠷᠢᠭᠦᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠲᠠᠢ ᠬᠠᠮᠲᠤᠷᠠᠨ ᠠᠵᠢᠯᠯᠠᠬᠤ ᠬᠠᠷᠢᠴᠠᠭ᠎ᠠ ᠪᠠᠶᠢᠭᠤᠯᠵᠤ᠂ ᠲᠤᠷᠰᠢᠯᠲᠠ ᠶᠢᠨ ᠲᠥᠪ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠣᠷᠳᠣᠰ ᠤᠨ ᠰᠢᠨ᠎ᠡ ᠡᠨᠧᠷᠭᠢ ᠶᠢᠨ ᠲᠤᠷᠰᠢᠯᠲᠠ ᠶᠢᠨ ᠲᠥᠪ ᠨᠢ ᠮᠠᠨ ᠤ ᠬᠤᠲᠠ ᠶᠢᠨ ᠰᠢᠨ᠎ᠡ ᠡᠨᠧᠷᠭᠢ ᠶᠢᠨ ᠡᠬᠢ ᠪᠠᠶᠠᠯᠢᠭ ᠲᠤ ᠰᠠᠭᠤᠷᠢᠯᠠᠵᠤ᠂ ᠳᠡᠭᠡᠳᠦ ᠲᠡᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠢᠴᠢ ᠠᠵᠢᠯ ᠲᠦᠷᠦᠯ ᠤᠨ ᠳᠠᠭᠠᠭᠤᠯᠤᠭᠴᠢ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠰᠠᠯᠬᠢᠨ ᠤ ᠬᠥᠴᠤᠨ ᠤ ᠴᠠᠬᠢᠯᠭᠠᠨ ᠭᠡᠷᠡᠯ ᠴᠡᠨᠡᠭ᠂ ᠤᠰᠤᠲᠥ᠋ᠷᠥᠭᠴᠢ ᠡᠨᠧᠷᠭᠢ ᠬᠠᠳᠠᠭᠠᠯᠠᠬᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠳ᠋ᠢᠶᠠᠨ ᡂᠢ ᠰᠤᠯᠢᠬᠤ᠂ ᠤᠶᠤᠨᠴᠢ ᠰᠦᠯᠵᠢᠶ᠎ᠡ ᠶᠢᠨ ᠬᠤᠯᠪᠣᠭᠠᠯᠠᠯ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠪᠦᠬᠦᠯᠢ ᠲᠡᠷᠭᠡ ᠶᠢ ᠰᠢᠯᠭᠠᠨ ᠪᠠᠶᠢᠴᠠᠭᠠᠵᠤ ᠬᠡᠮᠵᠢᠬᠦ ᠲᠥᠪ ᠢ ᠨᠢᠭᠡ ᠴᠤᠭᠴᠠᠵᠢᠭᠤᠯᠤᠭᠰᠠᠨ ᠤᠯᠤᠰ ᠤᠨ ᠲᠡᠰ ᠤᠨ ᠰᠢᠨ᠎ᠡ ᠡᠨᠧᠷᠭᠢ ᠶᠢᠨ ᠲᠣᠨᠣᠭᠯᠠᠯ ᠤᠨ ᠲᠤᠷᠰᠢᠯᠲᠠ ᠶᠢᠨ ᠰᠠᠭᠤᠷᠢᠨ ᠭᠠᠵᠠᠷ ᠢ ᠠᠯᠬᠤᠮ ᠠᠯᠬᠤᠮ ᠢᠶᠠᠷ ᠪᠠᠶᠢᠭᠤᠯᠵᠤ᠂ ᠳᠡᠯᠡᠬᠡᠶ ᠶᠢᠨ ᠲᠡᠰ ᠤᠨ ᠡᠨᠧᠷᠭᠢ ᠶᠢᠨ ᠠᠵᠤ ᠦᠢᠯᠡᠰ ᠢ ᠴᠤᠬᠴᠠᠯᠠᠬᠤ ᠳᠤ ᠬᠦᠴᠦᠨ ᠨᠡᠮᠡᠷᠢᠯᠡᠬᠦ ᠪᠤᠯᠤᠨ᠎ᠠ᠃ 
ᠢᠷᠡᠯᠲᠡ᠄ ᠤᠷᠳᠤᠰ ᠤᠨ ᠡᠳᠤᠷ ᠤᠨ ᠰᠤᠨᠢᠨ