ᠮᠠᠨ ᠤ ᠬᠤᠳᠠ ᠪᠦᠭᠦ ᠤᠷᠤᠨ ᠤ ᠠᠶᠢᠮᠠᠭ ᠬᠤᠳᠠ ᠶᠢᠨ 2023 ᠤᠨ ᠤ ᠨᠢᠭᠡᠳᠦᠭᠡᠷ ᠤᠯᠠᠷᠢᠯ ᠤᠨ ᠵᠠᠰᠠᠭ ᠤᠨ ᠶᠠᠪᠤᠳᠠᠯ ᠤᠨ ᠦᠨᠠᠨᠴᠢ ᠢᠳᠡᠭᠡᠮᠵᠢ ᠶᠢᠨ ᠭᠢᠨᠠᠨ ᠭᠡᠮᠵᠢᠯᠳᠠ ᠳᠤ ᠲᠡᠷᠢᠭᠦᠯᠡᠪᠡ
ᠨᠡᠶᠢᠲᠡᠯᠡᠭᠰᠡᠨ ᠴᠠᠭ᠄
2023/5/29
      ᠡᠯ᠎ᠡ ᠬᠤᠰᠢᠭᠤ ᠲᠣᠭᠤᠷᠢᠭ ᠵᠢᠴᠢ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠮᠲᠤᠷᠠᠨ ᠠᠵᠢᠯᠯᠠᠵᠤ᠂ ᠬᠠᠮᠵᠢᠯᠴᠠᠬᠰᠠᠨ ᠦᠷ᠎ᠠ ᠳ᠋ᠦᠡᠭ ᠳᠤ ᠮᠠᠨ ᠤ ᠬᠤᠲᠠ ᠪᠥᠬᠦ ᠣᠷᠣᠨ ᠤ ᠡᠯ᠎ᠡ ᠠᠶᠢᠮᠠᠭ ᠬᠤᠲᠠ ᠶᠢᠨ 2023 ᠣᠨ ᠤ ᠨᠢᠭᠡᠳᠦᠭᠡᠷ ᠤᠯᠠᠷᠢᠯ ᠤᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠬᠢᠨᠠᠨ ᠬᠡᠮᠵᠢᠯᠲᠡ ᠶᠢᠨ ᠨᠡᠷᠡᠰ ᠤᠨ ᠵᠢᠭᠰᠠᠭᠠᠯᠲᠠ ᠳᠤ ᠲᠡᠷᠢᠭᠦᠯᠡᠭᠰᠠᠨ ᠪᠠᠶᠢᠨ᠎ᠠ᠃      ᠣᠶᠢᠷ᠎ᠠ ᠶᠢᠨ ᠵᠢᠯ ᠠᠴᠠ ᠨᠠᠭᠠᠰᠢ᠂ ᠮᠠᠨ ᠤ ᠬᠤᠲᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠭᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠰᠢᠯᠢᠳᠡᠭᠵᠢᠭᠦᠯᠬᠦ ᠶᠢᠨ ᠰᠠᠭᠤᠷᠢ ᠴᠢᠨᠠᠷᠲᠠᠶ ᠠᠵᠢᠯ ᠪᠣᠯᠭᠠᠵᠤ᠂  ᠬᠠᠤᠯᠢ ᠶᠣᠰᠣᠭᠠᠷ ᠵᠠᠰᠠᠭ ᠶᠠᠪᠤᠭᠤᠯᠬᠤ᠂ ᠢᠯᠡ ᠪᠠᠷ ᠵᠠᠰᠠᠭ ᠶᠠᠪᠤᠭᠤᠯᠬᠤ ᠶᠢ ᠪᠠᠷᠢᠮᠲᠠᠯᠠᠨ᠂ ᠵᠠᠰᠠᠭ ᠤᠨ ᠣᠷᠳᠣᠨ ᠤ ᠡᠭᠦᠷᠭᠡ ᠴᠢᠳᠡᠪᠭᠢ ᠶᠢᠨ ᠬᠤᠪᠢᠷᠠᠭᠤᠯᠤᠯᠲᠠ ᠶᠢ ᠠᠬᠢᠭᠤᠯᠵᠤ᠂ ᠨᠡᠶᠢᠭᠡᠮ ᠤᠨ ᠢᠲᠡᠭᠡᠮᠵᠢ ᠶᠢᠨ ᠲᠤᠬᠳᠠᠯᠴᠠᠭ᠎ᠠ ᠶᠢᠨ ᠪᠠᠶᠢᠭᠤᠯᠤᠯᠲᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠲᠡᠭᠡᠭᠰᠢᠯᠡᠭᠦᠯᠪᠡ᠃ ᠲᠣᠰ ᠤᠳᠠᠭᠠᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠬᠢᠨᠠᠨ ᠬᠡᠮᠵᠢᠯᠲᠡ ᠶᠢᠨ ᠨᠡᠷᠡᠰ ᠤᠨ ᠵᠢᠭᠰᠠᠭᠠᠯᠲᠠ ᠶᠢ ᠭᠤᠤᠯᠳᠠᠭᠤ ᠠᠶᠢᠮᠠᠭ ᠬᠤᠲᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠪᠣᠯᠭᠠᠬᠤ᠂ ᠠᠵᠢᠯᠴᠢ ᠬᠢᠴᠢᠶᠡᠩᠭᠦᠶ ᠪᠠᠷ ᠵᠠᠰᠠᠭ ᠪᠠᠷᠢᠵᠤ ᠥᠨᠳᠥᠷ ᠪᠦᠲᠦᠮᠵᠢᠲᠡᠶ ᠪᠠᠶᠢᠯᠭᠠᠬᠤ᠂ ᠢᠲᠡᠭᠡᠮᠵᠢ ᠲᠠᠢ ᠪᠠᠶᠢᠵᠤ ᠠᠮᠠᠯᠠᠯᠲᠠ ᠪᠠᠨ  ᠦᠢᠯᠡᠳᠦᠯᠭᠡᠵᠢᠭᠦᠯᠬᠦ ᠪᠠ ᠢᠲᠡᠭᠡᠮᠵᠢ ᠶᠢᠨ ᠬᠡᠷᠡᠭᠯᠡᠯᠲᠡ ᠵᠡᠷᠭᠡ ᠳᠥᠷᠪᠡᠨ ᠲᠠᠯ᠎ᠠ ᠶᠢᠨ ᠵᠠᠰᠠᠭ ᠤᠨ ᠶᠠᠪᠤᠳᠠᠯ ᠤᠨ ᠦᠨᠡᠨᠴᠢ ᠢᠳᠡᠭᠡᠮᠵᠢ ᠶᠢᠨ ᠠᠵᠢᠯ ᠤᠨ ᠲᠠᠯ᠎ᠠ ᠪᠠᠷ ᠦᠷᠨᠢᠭᠦᠯᠵᠤ᠂ 2022 ᠣᠨ ᠤ ᠳᠥᠷᠪᠡᠳᠦᠭᠡᠷ ᠤᠯᠠᠷᠢᠯ ᠤᠨ ᠨᠡᠷᠡᠰ ᠤᠨ ᠵᠢᠭᠰᠠᠭᠠᠯᠲᠠ ᠲᠠᠢ ᠬᠠᠷᠢᠴᠠᠭᠤᠯᠪᠠᠯ 4 ᠨᠡᠷᠡᠰ ᠲᠡᠪᠰᠢᠪᠡ᠃ ᠡᠭᠦᠨ ᠳᠤ ᠣᠯᠠᠨ ᠨᠡᠶᠢᠲᠡ ᠶᠢᠨ ᠤᠴᠢᠷ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠪᠠᠶᠢᠳᠠᠯ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠠ ᠠᠵᠢᠯ ᠦᠢᠯᠡᠰ ᠤᠨ ᠪᠠᠶᠢᠭᠤᠯᠭ᠎ᠠ ᠨᠢᠭᠡᠴᠢ ᠶᠢᠨ ᠢᠲᠡᠭᠡᠯ ᠠᠯᠳᠠᠭᠰᠠᠳ ᠢᠶᠠᠷ ᠵᠢᠭᠰᠠᠭᠠᠭᠳᠠᠭᠰᠠᠨ ᠭᠦᠮᠦᠨ ᠥᠬᠡᠶ ᠪᠠᠶᠢᠳᠠᠯ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠪᠠᠭ᠎ᠠ ᠠᠵᠤ ᠠᠬᠤᠶᠢᠯᠠᠯ ᠤᠨ ᠲᠠᠩᠰᠠᠨ ᠤ ᠵᠣᠭᠤᠰ ᠢ ᠥᠷᠢᠲᠦᠵᠦ ᠤᠳᠠᠭᠠᠰᠢᠷᠠᠭᠤᠯᠤᠭᠰᠠᠨ ᠪᠠᠶᠢᠳᠠᠯ᠂ ᠵᠠᠰᠠᠭ ᠵᠠᠬᠢᠷᠭᠠᠨ ᠤ ᠤᠴᠢᠷ ᠶᠠᠪᠤᠳᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠭᠰᠠᠨ ᠪᠠᠶᠢᠳᠠᠯ ᠪᠠ ᠠᠯᠪᠠᠨ ᠲᠤᠰᠢᠶᠠᠯᠲᠠᠨ ᠤ ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠭᠰᠠᠨ ᠪᠠᠶᠢᠳᠠᠯ ᠵᠡᠷᠭᠡ ᠲᠠᠯ᠎ᠠ ᠪᠠᠷ ᠴᠥᠮ ᠪᠦᠷᠢᠨ ᠬᠤᠪᠢ ᠣᠯᠤᠭᠰᠠᠨ ᠪᠠᠶᠢᠨ᠎ᠠ᠃ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ 12345 ᠬᠠᠯᠠᠮᠰᠢᠯ ᠤᠲᠠᠰᠤ︾ ᠶᠢᠨ ᠬᠠᠨᠤᠮᠵᠢ ᠶᠢᠨ ᠬᠡᠮᠵᠢᠶ᠎ᠡ ᠶᠢᠨ ᠪᠠᠶᠢᠳᠠᠯ ᠪᠥᠬᠦ ᠣᠷᠣᠨ ᠤ ᠲᠦᠷᠦᠭᠦᠨ ᠳᠤ ᠵᠢᠬᠰᠠᠭᠠᠬᠳᠠᠬᠰᠠᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠨᠡᠶᠢᠭᠡᠮ ᠤᠨ ᠢᠲᠡᠭᠡᠮᠵᠢ ᠶᠢᠨ ᠲᠤᠬᠳᠠᠯᠴᠠᠭ᠎ᠠ ᠶᠢᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠤᠨ᠂ ᠪᠥᠬᠦ ᠣᠷᠣᠨ ᠤ ᠠᠵᠤ ᠠᠬᠤᠶ ᠶᠢᠨ ᠲᠣᠭᠲᠠᠭᠤᠨ ᠢᠶᠠᠷ ᠬᠥᠭᠵᠢᠬᠦ᠂ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠰᠢᠯᠢᠳᠡᠭᠵᠢᠭᠦᠯᠬᠦ ᠳᠤ ᠦᠢᠯᠡᠴᠢᠯᠡᠭᠡᠨ ᠤ ᠠᠵᠢᠯ ᠢ ᠰᠠᠶᠢᠲᠤᠷ ᠬᠢᠭᠦ ᠪᠤᠯᠤᠨ᠎ᠠ᠃    
ᠢᠷᠡᠯᠲᠡ᠄ ᠤᠷᠳᠤᠰ ᠤᠨ ᠡᠳᠤᠷ ᠤᠨ ᠰᠤᠨᠢᠨ