ᠤᠶᠢᠷ᠎ᠠ ᠶᠢᠨ ᠡᠳᠦᠷ᠂ ᠮᠠᠨ ᠤ ᠬᠤᠳᠠ ᠶᠢᠨ ᠬᠠᠷᠭᠠᠨ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠲᠥᠪ ᠬᠢᠶ᠎ᠠ ᠪᠠᠭᠰᠢ ᠲᠤᠭᠤᠷᠢᠭ ᠲᠤ ᠪᠠᠶᠢᠭᠤᠯᠤᠭᠳᠠᠪᠠ᠃ | ᠬᠤᠳᠠ ᠶᠢᠨ ᠳᠡᠳ᠋ ᠳᠠᠷᠤᠭ᠎ᠠ ᠡᠷᠳᠡᠨᠢᠪᠢᠯᠢᠭ ᠪᠠᠶᠢᠭᠤᠯᠤᠭᠳᠠᠬᠤ ᠶᠣᠰᠣᠯᠠᠯ ᠳᠤ ᠤᠷᠤᠯᠴᠠᠭᠰᠠᠨ ᠤ ᠬᠠᠮᠳᠤ ᠪᠠᠶᠠᠷ ᠤᠨ ᠦᠭᠡ ᠬᠡᠯᠡᠵᠠᠢ᠃ | ︽ᠣᠷᠳᠣᠰ ᠬᠤᠲᠠ ᠶᠢᠨ ᠬᠠᠷᠭᠠᠨ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠲᠥᠪ︾ ᠢ ᠪᠠᠶᠢᠭᠤᠯᠬᠤ ᠪᠣᠯ ᠮᠠᠨ ᠤ ᠬᠤᠲᠠ ᠶᠢᠨ ᠣᠶ ᠰᠢᠭᠤᠶ | ᠡᠪᠡᠰᠦᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠠᠷᠭ᠎ᠠ ᠬᠡᠮᠵᠢᠶ᠎ᠡ ᠮᠥᠨ᠃ ᠣᠳᠣᠬᠠᠨ ᠳᠤ ᠪᠥᠬᠦ ᠬᠤᠲᠠ ᠶᠢᠨ ᠬᠠᠷᠭᠠᠨ᠎ᠠ ᠶᠢᠨ ᠲᠠᠯᠠᠪᠠᠶ | 1200 ᠭᠠᠷᠤᠶ ᠲᠦᠮᠡᠨ ᠮᠥ ᠪᠠᠶᠢᠵᠤ᠂ ᠬᠠᠷᠭᠠᠨ᠎ᠠ ᠶᠢᠨ ᠠᠵᠤ ᠦᠢᠯᠡᠰ ᠤᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | ᠡᠷᠳᠡᠨᠢᠪᠢᠯᠢᠭ᠂ ᠬᠠᠷᠭᠠᠨ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠲᠥᠪ ᠪᠠᠶᠢᠭᠤᠯᠤᠭᠳᠠᠬᠤ ᠪᠠᠷ ᠠᠵᠠ ᠲᠣᠬᠢᠶᠠᠯ ᠪᠣᠯᠭᠠᠨ᠂ ᠰᠢᠨᠵᠢᠯᠡᠬᠦ ᠤᠬᠠᠭᠠᠨ ᠤ | ᠰᠤᠳᠤᠯᠭᠠᠨ ᠤ ᠨᠢᠭᠡᠴᠢ ᠪᠣᠯᠤᠨ ᠠᠵᠤ ᠠᠬᠤᠶᠢᠯᠠᠯ ᠤᠨ ᠳᠠᠪᠠᠭᠤᠯᠢᠭ ᠢ ᠭᠦᠢᠴᠡᠳ ᠠᠰᠢᠭᠯᠠᠵᠤ᠂ ᠬᠠᠷᠭᠠᠨ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ | ᠪᠦᠯᠬᠦᠮ ᠢ ᠪᠠᠶᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠰᠤᠶᠤᠭ᠎ᠠ ᠪᠤᠶᠢᠵᠢᠭᠤᠯᠬᠤ᠂ ᠦᠷ᠎ᠡ ᠪᠤᠶᠢᠵᠢᠭᠤᠯᠬᠤ ᠵᠡᠷᠭᠡ ᠭᠤᠣᠯᠯᠠᠬᠤ ᠮᠡᠷᠭᠡᠵᠢᠯ ᠵᠢᠴᠢ ᠠᠵᠤ | ᠦᠢᠯᠡᠰ ᠤᠨ ᠬᠥᠭᠵᠢᠯᠲᠡ ᠶᠢᠨ ᠲᠠᠯ᠎ᠠ ᠪᠠᠷ ᠰᠢᠪᠲᠤᠯᠤᠯᠲᠠ ᠲᠠᠢ ᠪᠣᠯᠭᠠᠵᠤ᠂ ᠬᠠᠷᠭᠠᠨ᠎ᠠ ᠶᠢ ᠮᠠᠨ ᠤ ᠬᠤᠳᠠ ᠶᠢᠨ ᠢᠷᠡᠭᠡᠳᠦᠢ ᠶᠢᠨ ᠠᠮᠢ ᠠᠬᠤᠢ ᠶᠢᠨ ᠪᠦᠳᠦᠬᠡᠨ | ᠪᠠᠶᠢᠭᠤᠯᠤᠯᠲᠠ ᠪᠣᠯᠤᠨ ᠴᠦᠯᠯᠡᠷᠭᠡᠭᠵᠢᠯ ᠢ ᠵᠠᠰᠠᠬᠤ ᠳᠤ ᠵᠠᠩᠭᠢᠯᠠᠭ᠎ᠠ ᠶᠢᠨ ᠦᠢᠯᠡᠳᠦᠯ ᠦᠵᠡᠭᠦᠯᠬᠦ ᠬᠡᠷᠡᠭᠲᠡᠢ᠃ ᠠᠮᠢ ᠠᠬᠤᠢ ᠶᠢ ᠠᠵᠤ ᠦᠢᠯᠡᠰᠵᠢᠭᠦᠯᠬᠦ ᠪᠠ ᠠᠵᠤ | ᠦᠢᠯᠡᠰ ᠢ ᠠᠮᠢ ᠠᠬᠤᠶᠢᠵᠢᠭᠤᠯᠬᠤ ᠵᠠᠮ ᠢᠶᠠᠷ ᠰᠠᠶᠢᠲᠤᠷ ᠵᠠᠮᠨᠠᠵᠤ᠂ ᠬᠠᠷᠭᠠᠨ᠎ᠠ ᠶᠢᠨ ᠠᠵᠤ ᠦᠢᠯᠡᠰ ᠤᠨ ᠬᠥᠭᠵᠢᠯᠲᠡ ᠶᠢ ᠰᠢᠨᠵᠢᠯᠡᠬᠦ ᠤᠬᠠᠭᠠᠨ ᠮᠡᠷᠭᠡᠵᠢᠯ ᠢᠶᠠᠷ | ᠳᠡᠮᠵᠢᠵᠦ᠂ ᠲᠤᠭ᠎ᠠ ᠪᠠᠷᠢᠮᠲᠠ ᠪᠠᠷ ᠲᠤᠯᠭᠠᠭᠤᠷᠢᠯᠠᠭᠤᠯᠵᠤ᠂ ᠬᠠᠷᠭᠠᠨ᠎ᠠ ᠶᠢᠨ ᠪᠦᠬᠦ ᠬᠡᠯᠬᠢᠶ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠢ ᠪᠦᠬᠦ | ᠬᠦᠴᠦᠨ ᠢᠶᠠᠷ ᠢᠶᠠᠨ ᠡᠭᠦᠳᠴᠦ᠂ ᠪᠣᠳᠠᠲᠤ ᠠᠵᠢᠯᠯᠠᠭ᠎ᠠ ᠪᠠᠷ ᠢᠶᠠᠨ ᠤᠷᠳᠤᠰ ᠤᠨ ᠮᠠᠯ ᠠᠵᠤ ᠠᠬᠤᠢ ᠶᠢᠨ ᠠᠵᠤ ᠦᠢᠯᠡᠰ ᠪᠣᠯᠤᠨ ᠤᠯᠤᠰ ᠤᠨ ᠠᠮᠢ ᠠᠬᠤᠢ ᠶᠢᠨ | ᠵᠠᠰᠠᠯᠲᠠ ᠶᠢᠨ ᠬᠡᠪ ᠳᠠᠭᠤᠷᠢᠶᠠᠯ ᠤᠨ ᠪᠦᠳᠦᠭᠡᠨ ᠪᠠᠶᠢᠭᠤᠯᠤᠯᠲᠠ ᠳᠤ ᠤᠢ ᠰᠢᠭᠤᠢ ᠪᠠ ᠨᠤᠳᠤᠭ ᠪᠡᠯᠴᠢᠭᠡᠷ ᠤᠨ ᠬᠦᠴᠦᠨ ᠴᠢᠳᠠᠯ ᠢ ᠨᠡᠮᠡᠷᠢᠯᠡᠬᠦ ᠬᠡᠷᠡᠭᠲᠠᠢ ᠭᠡᠵᠠᠢ᠃ | ᠶᠣᠰᠣᠯᠠᠯ ᠳᠡᠭᠡᠷ᠎ᠡ᠂ ᠬᠠᠮᠲᠤᠷᠠᠯᠴᠠᠭᠠᠨ ᠤ ᠲᠦᠷᠪᠡᠨ ᠲᠠᠯ᠎ᠠ ᠶᠢᠨ ᠬᠢᠨ ᠪᠠᠰᠠ ᠪᠦᠳᠦᠭᠦᠪᠴᠢ ᠵᠥᠪᠳᠡᠯᠴᠡᠭᠡᠷ ᠲᠤᠭᠳᠠᠵᠠᠢ᠃ | |