| | ᠤᠶᠢᠷ᠎ᠠ ᠶᠢᠨ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠳ᠋ᠦ᠋ ᠬᠤᠢ ᠯᠢᠶᠠᠩ ᠬᠤᠷᠠᠯ ᠢ ᠡᠷᠬᠢᠯᠡᠨ | ᠬᠤᠷᠠᠯᠳᠤᠭᠤᠯᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠰᠢᠨ᠎ᠡ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ 1 — 4 ᠰᠠᠷ᠎ᠠ ᠶᠢᠨ ᠠᠵᠤ ᠠᠬᠤᠢ ᠶᠢᠨ ᠡᠷᠭᠢᠯᠳᠡ ᠪᠣᠯᠤᠨ ᠭᠤᠣᠯᠳᠠᠯᠭ᠎ᠠ ᠲᠠᠢ ᠠᠵᠢᠯ ᠢ ᠥᠷᠨᠢᠭᠦᠯᠣᠭ᠍ᠰᠡᠨ | ᠪᠠᠶᠢᠳᠠᠯ ᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠡ᠃ | ᠳ᠋ᠦ᠋ ᠬᠤᠢ ᠯᠢᠶᠠᠩ ᠡᠯ᠎ᠡ ᠬᠤᠰᠢᠭᠤ ᠲᠤᠭᠤᠷᠢᠭ ᠤᠨ ᠠᠵᠢᠯ ᠤᠨ ᠠᠮᠵᠢᠯᠲᠠ ᠪᠣᠯᠤᠨ ᠠᠰᠠᠭᠤᠳᠠᠯ ᠢ ᠨᠢᠭᠡᠳ ᠨᠢᠭᠡ ᠪᠠᠷ ᠦᠨᠡᠯᠡᠪᠡ᠃ ᠲᠡᠷᠡ 1 — 4 | ᠰᠠᠷ᠎ᠠ ᠳᠤ ᠪᠦᠬᠦ ᠬᠤᠲᠠ ᠶᠢᠨ ᠠᠵᠤ ᠠᠬᠤᠶ ᠶᠢᠨ ᠡᠷᠭᠢᠯᠳᠡ ᠲᠣᠭᠲᠠᠭᠤᠨ ᠤ ᠲᠤᠮᠳᠠ ᠤᠷᠤᠬᠰᠢᠯᠠᠬᠤ ᠰᠠᠶᠢᠨ ᠪᠠᠶᠢᠳᠠᠯ ᠢ ᠪᠠᠳᠤᠯᠠᠵᠠᠢ᠃ ᠭᠡᠪᠡᠴᠦ ᠣᠳᠣᠬᠠᠨ ᠳᠤ | ᠲᠤᠯᠭᠠᠷᠠᠵᠤ ᠪᠠᠶᠢᠭ᠎ᠠ ᠠᠰᠠᠭᠤᠳᠠᠯ ᠪᠣᠯᠤᠨ ᠬᠦᠴᠢᠷᠳᠡᠯ ᠢ ᠰᠡᠷᠭᠡᠭ ᠢᠶᠠᠷ ᠲᠠᠨᠢᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ | ᠬᠤᠶᠠᠷ ᠶᠡᠭᠡ ᠶᠠᠪᠤᠳᠠᠯ︾ ᠪᠣᠯᠤᠨ ᠮᠠᠨ ᠤ ᠬᠤᠳᠠ ᠶᠢᠨ ︽ᠭᠤᠷᠪᠠᠨ ᠲᠦᠷᠪᠡ︾ ᠶᠢᠨ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠤᠨ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠢ ᠰᠶᠢᠳᠪᠤᠷᠢᠯᠡᠭᠦ ᠰᠡᠳᠭᠢᠬᠦᠶ ᠪᠠᠨ ᠡᠷᠴᠢᠮᠵᠢᠭᠦᠯᠵᠤ᠂ ᠣᠨ ᠤ ᠬᠠᠷᠠᠯᠲᠠ ᠳᠤ | ᠴᠢᠭᠯᠡᠭᠦᠯᠣᠨ᠂ ᠨᠡᠩ ᠬᠦᠴᠦᠲᠡᠶ ᠪᠥᠭᠡᠳ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠪᠥᠬᠦ ᠬᠤᠳᠠ ᠶᠢᠨ ᠠᠵᠤ ᠠᠬᠤᠶ ᠶᠢᠨ ᠬᠥᠭᠵᠢᠯᠲᠡ ᠲᠤᠬᠳᠠᠭᠤᠨ ᠤ ᠲᠤᠮᠳᠠ | ᠰᠢᠯᠢᠳᠡᠭ ᠴᠢᠨᠠᠷᠳᠠᠢ ᠪᠠᠷ ᠤᠷᠤᠬᠰᠢᠯᠠᠬᠤ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠶ ᠭᠡᠵᠤ ᠵᠢᠭᠠᠵᠤ ᠭᠠᠷᠭᠠᠪᠠ᠃ | ᠳ᠋ᠦ᠋ ᠬᠤᠢ ᠯᠢᠶᠠᠩ᠂ ᠠᠵᠤ ᠦᠢᠯᠡᠳᠪᠦᠷᠢ ᠶᠢᠨ ᠨᠡᠮᠡᠭᠳᠡᠯ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠨᠡᠭᠦᠷᠡᠰᠦᠨ ᠤ ᠦᠢᠯᠡᠳᠪᠦᠷᠢᠯᠡᠯ ᠢ ᠡᠷᠡᠰ | ᠲᠣᠭᠲᠠᠪᠤᠷᠢᠵᠢᠭᠤᠯᠤᠨ᠂ ᠭᠤᠣᠯᠳᠠᠯᠭ᠎ᠠ ᠲᠠᠢ ᠠᠵᠢᠯ ᠲᠦᠷᠦᠯ ᠢ ᠣᠨᠣᠪᠴᠢᠲᠠᠢ ᠵᠤᠭᠢᠴᠠᠭᠤᠯᠵᠤ᠂ ᠰᠢᠨ᠎ᠡ ᠪᠠᠷ ᠪᠤᠢ ᠪᠤᠯᠤᠬᠰᠠᠨ ᠠᠵᠤ ᠦᠢᠯᠡᠰ ᠢ ᠶᠡᠭᠡ ᠪᠠᠷ | ᠬᠥᠭᠵᠢᠭᠦᠯᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠤᠷᠳᠤᠴᠠ ᠶᠢ ᠲᠦᠷᠭᠡᠳᠭᠡᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠭᠤᠣᠯᠳᠠᠯᠭ᠎ᠠ ᠲᠠᠢ ᠠᠵᠤ ᠦᠢᠯᠡᠰ ᠤᠨ ᠲᠦᠷᠦᠯ ᠵᠦᠢᠯ ᠢ ᠲᠤᠪᠤᠶᠢᠮ᠎ᠡ ᠰᠠᠶᠢᠲᠤᠷ ᠠᠳᠬᠤᠵᠤ᠂ ︽ | ᠬᠤᠶᠠᠷ ᠢ ᠤᠷᠢᠵᠤ ᠬᠤᠶᠠᠷ ᠢ ᠤᠷᠤᠭᠤᠯᠤᠨ ᠠᠪᠴᠢᠷᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠡᠯᠡ ᠣᠷᠣᠭᠤᠯᠤᠯᠲᠠ ᠶᠢ ᠪᠠᠲᠤᠳᠬᠠᠬᠤ ᠤᠭᠢ ᠰᠠᠶᠢᠨ | ᠨᠡᠮᠡᠭᠳᠡᠯ ᠤᠨ ᠬᠠᠨᠳᠤᠰᠢ ᠶᠢ ᠪᠠᠲᠤᠯᠠᠬᠤ ᠬᠡᠷᠡᠭᠲᠡᠢ᠃ ᠭᠡᠪ ᠠᠴᠠ ᠳᠠᠪᠠᠭᠰᠠᠨ ᠠᠷᠭ᠎ᠠ ᠭᠡᠮᠵᠢᠶ᠎ᠠ ᠪᠠᠷ ᠰᠢᠨ᠎ᠡ ᠡᠨᠧᠷᠭᠢ ᠶᠢᠨ ᠲᠤᠮᠤ ᠰᠠᠭᠤᠷᠢᠨ ᠭᠠᠵᠠᠷ ᠤᠨ ᠪᠦᠳᠦᠭᠡᠨ | ᠪᠠᠶᠢᠭᠤᠯᠤᠯᠲᠠ ᠶᠢ ᠠᠬᠢᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠭᠤᠣᠯᠳᠠᠯᠭ᠎ᠠ ᠲᠠᠢ ᠲᠦᠷᠦᠯ ᠵᠦᠢᠯ ᠢ | ᠲᠦᠷᠭᠡᠨ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠰᠣᠶᠣᠯ ᠪᠡ ᠵᠤᠭᠠᠴᠠᠯ᠂ ᠭᠡᠷ ᠪᠠᠶᠢᠰᠢᠩ ᠭᠠᠵᠠᠷ ᠭᠦᠷᠦᠩᠭᠡ᠂ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ | ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠲᠠᠸᠠᠷ ᠤᠨ ᠬᠡᠷᠡᠭᠯᠡᠭᠡ ᠶᠢ ᠪᠦᠬᠦ ᠲᠠᠯ᠎ᠠ ᠪᠠᠷ ᠠᠬᠢᠭᠤᠯᠵᠤ᠂ ᠬᠡᠷᠡᠭᠯᠡᠭᠡᠨ ᠤ ᠰᠢᠨ᠎ᠡ ᠳᠠᠯᠳᠠ | ᠬᠦᠴᠦᠨ ᠢ ᠭᠦᠢᠴᠡᠳ ᠪᠠᠳᠠᠷᠠᠭᠤᠯᠬᠤ ᠬᠡᠷᠡᠭᠲᠡᠶ᠃ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠰᠶᠢᠳᠪᠤᠷᠢᠯᠡᠭᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠵᠤ | ᠠᠬᠤᠶᠢᠯᠠᠯ ᠳᠤ ᠠᠰᠢᠭ ᠬᠦᠷᠲᠡᠭᠡᠬᠦ ᠪᠠᠷ ᠠᠮᠠᠯᠳᠠᠭᠰᠠᠨ ᠲᠦᠷᠦ ᠶᠢᠨ ᠪᠤᠳᠤᠯᠭ᠎ᠠ ᠶᠢᠨ ᠪᠡᠶᠡᠯᠡᠭᠦᠯᠵᠤ ᠪᠤᠯᠬᠤ ᠶᠢ ᠨᠢ ᠪᠡᠶᠡᠯᠡᠭᠦᠯᠵᠤ᠂ ᠠᠵᠤ ᠠᠬᠤᠶᠢᠯᠠᠯ ᠤᠨ | ᠬᠦᠴᠢᠷᠳᠡᠯ ᠤᠨ ᠬᠠᠪᠰᠤᠷᠴᠦ ᠲᠠᠶᠢᠯᠭᠦ ᠶᠢ ᠨᠢ ᠬᠠᠪᠰᠤᠷᠤᠨ ᠰᠶᠢᠳᠪᠤᠷᠢᠯᠠᠵᠤ᠂ ᠠᠵᠤ ᠠᠬᠤᠶᠢᠯᠠᠯ ᠤᠨ ᠦᠢᠯᠡᠳᠪᠤᠷᠢᠯᠡᠯ ᠢ ᠨᠡᠮᠡᠭᠳᠡᠭᠦᠯᠣᠨ ᠦᠷ᠎ᠡ ᠠᠰᠢᠭ ᠢ | ᠨᠡᠮᠡᠭᠳᠡᠭᠦᠯᠬᠦ ᠳᠤ ᠦᠨᠡᠨ ᠬᠦ ᠬᠦᠴᠦ ᠨᠡᠮᠡᠷᠢᠯᠡᠬᠦ ᠬᠡᠷᠡᠭᠲᠡᠢ ᠭᠡᠪᠡ᠃ | ᠳ᠋ᠦ᠋ ᠬᠤᠢ ᠯᠢᠶᠠᠩ ᠠᠶᠤᠯ ᠦᠭᠡᠢ ᠦᠢᠯᠡᠳᠪᠦᠷᠢᠯᠡᠯ᠂ ᠥᠷᠢ ᠰᠢᠷᠢ ᠶᠢ ᠢᠯᠭᠠᠷᠠᠭᠤᠯᠬᠤ ᠶᠠᠪᠤᠳᠠᠯ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠵᠡᠷᠭᠡ | ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠣᠪᠵᠢᠭᠦᠯᠣᠨ ᠰᠠᠶᠢᠲᠤᠷ ᠠᠳᠬᠤᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ | ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠬᠠᠯᠠᠨ ᠰᠠᠶᠢᠵᠢᠷᠠᠭᠤᠯᠬᠤ ᠠᠵᠢᠯ ᠢ ᠲᠣᠭᠲᠠᠭᠰᠠᠨ ᠬᠤᠭᠤᠴᠠᠭᠠᠨ ᠳᠤ ᠲᠤᠭᠤᠰᠢᠳᠠᠢ ᠪᠡᠶᠡᠯᠡᠭᠦᠯᠵᠦ᠂ ︽ᠬᠦᠰᠡᠯ | ᠱᠠᠭᠠᠷᠳᠠᠯᠭ᠎ᠠ ᠶᠢ ᠬᠦᠯᠢᠶᠡᠨ ᠠᠪᠤᠮᠠᠬᠴᠠ ᠰᠢᠢᠳᠪᠦᠷᠢᠯᠡᠬᠦ︾ ᠶᠢ ᠥᠨᠳᠥᠷ ᠪᠦᠲᠦᠮᠵᠢᠲᠡᠢ ᠰᠠᠶᠢᠲᠤᠷ ᠬᠢᠵᠦ᠂ ︽ᠲᠠᠪᠦ ᠶᠢ ᠲᠦᠢᠯᠪᠤᠷᠢᠳᠠᠢ ᠪᠠᠶᠢᠴᠠᠭᠠᠬᠤ︾ ᠶᠢ | ᠯᠠᠪᠳᠠᠭᠤᠨ ᠪᠠᠲᠤᠲᠠᠢ ᠠᠬᠢᠭᠤᠯᠵᠤ᠂ ᠡᠯ᠎ᠡ ᠲᠦᠷᠦᠯ ᠤᠨ ᠠᠵᠢᠯ ᠤᠨ ︽ᠴᠠᠭ ᠬᠤᠭᠤᠴᠠᠭ᠎ᠠ ᠬᠠᠭᠠᠰᠯᠠᠵᠤ᠂ ᠡᠭᠦᠷᠭᠡ ᠬᠠᠭᠠᠰᠯᠠᠬᠤ︾ ᠶᠢ ᠪᠡᠶᠡᠯᠡᠭᠦᠯᠬᠦ ᠶᠢ ᠪᠠᠲᠤᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠳᠠ ᠶᠢᠨ ᠤᠳᠤᠷᠢᠳᠤᠯᠭ᠎ᠠ ᠵᠢᠶᠠᠩ ᠪᠥᠸᠧ᠂ ᠺᠦᠩ ᠹᠠᠨ ᠹᠸᠢ᠂ ᠮᠢᠶᠣᠣ ᠴᠧᠩ ᠢᠦᠢ᠂ ᠵᠢᠷᠤᠮᠳᠤ᠂ ᠦ᠋ ᠵᠢᠶᠠᠨ ᠰᠢᠶᠦ᠋ᠨ ᠬᠤᠷᠠᠯ ᠳᠤ ᠣᠷᠣᠯᠴᠠᠪᠡ᠃ | |