ᠨᠢᠭᠡᠳᠤᠭᠡᠷ ᠤᠯᠡᠷᠢᠯ ᠳᠤ ᠪᠦᠭᠦ ᠬᠤᠳᠠ ᠶᠢᠨ ᠲᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭᠠᠰᠤᠨ ᠤ ᠠᠵᠤ ᠦᠢᠯᠡᠰ ᠤᠨ ᠦᠢᠯᠡᠳᠭᠦᠨ ᠤ ᠶᠡᠷᠦᠩᠭᠡᠢ ᠦᠷᠳᠡᠭ 8.7 ᠳ᠋ᠦᠡᠭᠰᠢᠭᠤᠷ ᠲᠦᠭᠦᠷᠢᠭ ᠲᠤ ᠭᠦᠷᠪᠡ
ᠨᠡᠶᠢᠲᠡᠯᠡᠭᠰᠡᠨ ᠴᠠᠭ᠄
2023/5/29
    ᠨᠢᠭᠡᠳᠦᠭᠡᠷ ᠤᠯᠠᠷᠢᠯ ᠳᠤ᠂ ᠪᠥᠬᠦ ᠬᠤᠲᠠ ᠶᠢᠨ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠤ ᠠᠵᠤ ᠦᠢᠯᠡᠰ ᠤᠨ ᠦᠢᠯᠡᠳᠭᠦᠨ ᠤ ᠶᠠᠷᠦᠩᠭᠡᠢ ᠥᠷᠲᠡᠭ 8.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.6 % ᠪᠠᠷ ᠨᠡᠮᠡᠭᠳᠡᠪᠡ᠃     ᠤᠶᠢᠷᠠᠳᠬᠠᠨ᠂ ᠵᠡᠭᠦᠨᠭᠠᠷ ᠬᠤᠰᠢᠭᠤᠨ ᠤ ᠱᠢ ᠡᠯ ᠯᠢᠶᠡᠨ ᠴᠸᠡᠭ ᠰᠢᠶᠠᠩ ᠤᠨ ᠰᠢᠩ ᠱᠸᠡᠭ ᠳ᠋ᠢᠶᠡᠨ ᠲᠤᠰᠬᠤᠨ ᠤ ᠠᠷᠠᠳ ᠸᠠᠩ ᠵᠠᠨ ᠰᠤ᠋ ᠬᠦᠯᠡᠮᠵᠢ ᠳᠡᠭᠡᠨ ᠲᠠᠷᠢᠭᠰᠠᠨ ᠠᠮᠲᠠᠲᠤ ᠬᠡᠮᠬᠡ ᠪᠠᠨ ᠬᠤᠳᠠᠯᠳᠤᠬᠤ ᠪᠠᠷ ᠶᠠᠭᠠᠷᠠᠵᠤ ᠪᠠᠶᠢᠯ᠎ᠠ᠃ ᠡᠨᠡ ᠵᠢᠯ᠂ ᠲᠡᠷᠡ ᠨᠡᠶᠢᠲᠡ 3000 ᠠᠮᠲᠠᠲᠤ ᠬᠡᠮᠬᠡ ᠶᠢᠨ ᠴᠢᠬᠢ ᠳᠠᠷᠢᠵᠤ᠂ 4500 ᠭᠠᠷᠤᠶ ᠵᠢᠩ ᠠᠮᠲᠠᠲᠤ ᠬᠡᠮᠬᠡ ᠬᠤᠷᠢᠶᠠᠬᠰᠠᠨ ᠪᠠᠶᠢᠨ᠎ᠠ᠃     ᠨᠢᠭᠡᠳᠦᠭᠡᠷ ᠤᠯᠠᠷᠢᠯ ᠳᠤ᠂ ᠵᠡᠭᠦᠨᠭᠠᠷ ᠬᠤᠰᠢᠭᠤᠨ ᠤ ᠲᠠᠷᠢᠮᠠᠯ ᠤᠨ ᠶᠡᠷᠦᠩᠬᠡᠶ ᠲᠠᠯᠠᠪᠠᠶ 84 ᠲᠦᠮᠡᠨ ᠮᠥ ᠳᠤ ᠬᠦᠷᠴᠤ᠂ ᠡᠭᠦᠨ ᠳᠤ ᠠᠮᠤ ᠪᠤᠳᠠᠭᠠᠨ ᠤ ᠳᠠᠷᠢᠮᠠᠯ ᠤᠨ ᠲᠠᠯᠠᠪᠠᠶ 65 ᠲᠦᠮᠡᠨ ᠮᠥ᠂ ᠠᠵᠤ ᠠᠬᠤᠶ ᠶᠢᠨ ᠲᠠᠷᠢᠮᠠᠯ ᠤᠨ ᠲᠠᠯᠠᠪᠠᠶ 2 ᠲᠦᠮᠡᠨ ᠮᠥ᠂ ᠪᠤᠰᠤᠳ ᠲᠠᠷᠢᠮᠠᠯ ᠤᠨ ᠲᠠᠯᠠᠪᠠᠶ 17 ᠲᠦᠮᠡᠨ ᠮᠥ ᠳᠤ ᠭᠦᠷᠴᠡᠢ᠃ ᠠᠮᠤ ᠪᠤᠳᠠᠭᠠᠨ ᠤ ᠤᠨᠠᠯᠲᠠ ᠨᠢ ᠵᠢᠱᠢᠯᠲᠡ ᠪᠠᠷ 4.81 ᠳ᠋ᠦᠩᠰᠢᠭᠤᠷ ᠵᠢᠩ ᠠᠴᠠ ᠳᠡᠭᠡᠭᠰᠢ ᠪᠤᠯᠵᠤ᠂ ᠢᠳᠡᠰᠢᠨ ᠨᠣᠭᠤᠭ᠎ᠠ ᠶᠢᠨ ᠤᠨᠠᠯᠲᠠ ᠨᠢ ᠵᠢᠱᠢᠯᠲᠡ ᠪᠠᠷ 3 ᠲᠦᠮᠡᠨ ᠲᠣᠨ ᠳᠤ ᠬᠦᠷᠴᠦ᠂ ᠭᠤᠸᠠ ᠵᠢᠮᠢᠰ ᠤᠨ ᠤᠨᠠᠯᠳᠠ ᠨᠢ ᠵᠢᠱᠢᠯᠲᠡ ᠪᠠᠷ 1.84 ᠲᠦᠮᠡᠨ ᠲᠣᠨ ᠳᠤ ᠬᠦᠷᠬᠦ ᠪᠣᠯᠤᠨ᠎ᠠ᠃     ᠵᠡᠭᠦᠨᠭᠠᠷ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠲᠠᠰᠤᠭ ᠤᠨ ᠳᠠᠷᠤᠭ᠎ᠠ᠄ ︽  ᠬᠡᠪᠴᠢᠶᠡᠵᠢᠭᠦᠯᠤᠨ ᠳᠡᠯᠭᠡᠷᠡᠭᠦᠯᠬᠦ ᠪᠠᠷ ᠠᠷᠭ᠎ᠠ ᠪᠠᠷᠢᠯ ᠪᠣᠯᠭᠠᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠡᠪᠴᠢᠶᠡᠵᠢᠨ ᠬᠥᠭᠵᠢᠬᠦ ᠶᠢ ᠠᠬᠢᠭᠤᠯᠵᠤ᠂ ᠲᠤᠯᠤᠭᠠᠶᠢᠯᠠᠬᠤ ᠠᠵᠤ ᠠᠬᠤᠶᠢᠯᠡᠯ ᠢᠶᠠᠷ ᠳᠠᠶᠢᠴᠢᠯᠠᠨ᠂ ᠮᠠᠯᠴᠢᠨ ᠲᠠᠷᠢᠶᠠᠴᠢᠨ ᠤ ᠠᠰᠢᠭ ᠲᠤᠰᠠ ᠶᠢᠨ ᠬᠤᠯᠪᠣᠭᠠᠳᠤ ᠲᠣᠭᠲᠠᠴᠠ ᠶᠢ ᠪᠠᠬᠢᠵᠢᠭᠦᠯᠵᠤ᠂ ᠣᠷᠣᠨ ᠬᠤᠪᠢᠶᠠᠨ ᠬᠡᠷᠡᠭᠵᠢᠭᠦᠯᠬᠦ ᠪᠠᠷ ᠭᠤᠤᠯᠳᠠᠯᠭ᠎ᠠ ᠪᠣᠯᠭᠠᠵᠤ᠂ ᠤᠨᠴᠠᠯᠢᠬᠳᠤ ᠠᠵᠤ ᠦᠢᠯᠡᠰ ᠢ ᠤᠷᠢᠳ ᠢᠶᠠᠷ ᠬᠥᠭᠵᠢᠭᠦᠯᠵᠤ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠲᠣᠭᠲᠠᠭᠤᠨ ᠢᠶᠠᠷ ᠨᠠᠮᠡᠭᠳᠡᠭᠦᠯᠤᠨ᠎ᠠ︾ ᠭᠡᠵᠤ ᠲᠠᠨᠢᠯᠴᠠᠭᠤᠯᠵᠤ ᠪᠠᠶᠢᠯ᠎ᠠ᠃     ᠡᠨᠡ ᠵᠢᠯ᠂ ᠮᠠᠨ ᠤ ᠬᠤᠲᠠ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠵᠤ᠂ ᠠᠮᠤ ᠪᠤᠳᠠᠭᠠᠨ ᠤ ᠲᠠᠷᠢᠮᠠᠯ ᠤᠨ ᠲᠠᠯᠠᠪᠠᠶ ᠶᠢᠨ ᠬᠦᠢᠴᠡᠳᠭᠡᠯ ᠲᠤᠭ᠎ᠠ ᠶᠢ ᠨᠡᠶᠢᠲᠡ 490 ᠲᠦᠮᠡᠨ ᠮᠥ ᠪᠠᠭᠤᠯᠭᠠᠪᠠ᠃ ᠪᠥᠬᠦ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠠᠷᠢᠶᠠᠯᠠᠩ ᠦᠢᠯᠡᠳᠪᠤᠷᠢᠯᠡᠯ ᠤᠨ ᠬᠡᠷᠡᠭᠰᠡᠯ ᠢ ᠰᠢᠯᠵᠢᠭᠦᠯᠤᠨ ᠲᠡᠭᠡᠭᠡᠪᠦᠷᠢᠯᠡᠬᠦ ᠪᠠ ᠮᠥᠩᠭᠦᠨ ᠬᠦᠢᠯᠭᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠲᠠᠷᠢᠶᠠᠯᠠᠩ ᠦᠢᠯᠡᠳᠪᠤᠷᠢᠯᠡᠯ ᠤᠨ ᠬᠡᠷᠡᠭᠰᠡᠯ ᠢ ᠨᠥᠭᠡᠴᠡᠯᠡᠬᠦ ᠠᠬᠢᠴᠠ ᠶᠡᠷᠦᠩᠬᠡᠶ ᠳᠡᠭᠡᠨ ᠲᠦᠷᠦᠭᠦᠤ ᠵᠢᠯ ᠤᠨ ᠠᠳᠠᠯᠢ ᠬᠤᠭᠤᠴᠠᠭᠠᠨ ᠤ ᠬᠢ ᠠᠴᠠ ᠲᠦᠷᠭᠡᠨ ᠪᠤᠯᠵᠡᠢ᠃ ᠲᠠᠷᠢᠶᠠᠯᠠᠩ ᠤᠨ ᠪᠠᠶᠢᠳᠠᠯ ᠤᠨ ᠲᠣᠬᠢᠷᠠᠭᠤᠯᠤᠯᠲᠠ ᠠᠴᠠ ᠦᠵᠡᠪᠡᠯ᠂ ᠨᠢᠭᠡᠳᠦᠭᠡᠷ ᠤᠯᠠᠷᠢᠯ ᠳᠤ᠂ ᠪᠥᠬᠦ ᠬᠤᠲᠠ ᠶᠢᠨ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠤ ᠠᠵᠤ ᠦᠢᠯᠡᠰ ᠤᠨ ᠦᠢᠯᠡᠳᠭᠦᠨ ᠤ ᠶᠠᠷᠦᠩᠭᠡᠢ ᠥᠷᠲᠡᠭ 8.7 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 7.6% ᠪᠠᠷ ᠨᠡᠮᠡᠭᠳᠡᠵᠡᠶ᠃ ᠡᠭᠦᠨ ᠳᠤ᠂ ᠲᠠᠷᠢᠶᠠᠯᠠᠩ ᠤᠨ ᠦᠢᠯᠡᠳᠭᠦᠨ ᠤ ᠥᠷᠲᠡᠭ 0.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.5% ᠪᠠᠷ ᠨᠡᠮᠡᠭᠳᠡᠪᠡ᠃    
ᠢᠷᠡᠯᠲᠡ᠄ ᠤᠷᠳᠤᠰ ᠤᠨ ᠡᠳᠤᠷ ᠤᠨ ᠰᠤᠨᠢᠨ