​ ᠮᠠᠨ ᠤ ᠬᠤᠳᠠ ᠶᠢᠨ 400 ᠴᠢᠬᠤᠯᠠ ᠶᠡᠭᠡ ᠲᠦᠷᠦᠯ ᠵᠦᠢᠯ ᠠᠵᠢᠯ ᠡᠬᠢᠯᠡᠬᠦᠯᠣᠨ ᠠᠵᠢᠯ ᠢᠶᠠᠨ ᠰᠡᠷᠬᠦᠬᠡᠪᠡ
ᠨᠡᠶᠢᠲᠡᠯᠡᠭᠰᠡᠨ ᠴᠠᠭ᠄
2023/5/4
     ᠤᠢᠢᠷ᠎ᠠ ᠶᠢᠨ ᠡᠳᠦᠷ᠂ ᠥᠪᠥᠷ ᠮᠣᠩᠭᠤᠯ ᠤᠨ ᠪᠦᠦ ᠹᠧᠩ ᠨᠡᠭᠦᠷᠡᠰᠦ ᠪᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠤᠢ ᠲᠠᠯᠠᠪᠠᠢ ᠳᠤ ᠡᠯ᠎ᠡ ᠲᠦᠷᠦᠯ ᠤᠨ ᠦᠢᠯᠡᠳᠪᠦᠷᠢᠯᠡᠯ ᠤᠨ ᠠᠵᠢᠯ ᠮᠠᠰᠢ ᠶᠠᠭᠠᠷᠠᠯᠲᠠᠢ ᠶᠠᠪᠤᠬᠳᠠᠵᠤ ᠪᠠᠶᠢᠪᠠ᠃ ᠲᠤᠰ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 673 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤ 500 ᠲᠦᠮᠡᠨ ᠲᠣᠨ ᠠᠯᠺᠸᠠ ᠦᠢᠯᠡᠳᠪᠦᠷᠢᠯᠡᠬᠦ ᠲᠦᠷᠦᠯ ᠵᠦᠢᠯ ᠢ ᠪᠦᠲᠦᠭᠡᠨ ᠪᠠᠶᠢᠭᠤᠯᠵᠤ᠂ ᠪᠦᠲᠦᠭᠡᠨ ᠪᠠᠶᠢᠭᠤᠯᠤᠭᠰᠠᠨ ᠤ ᠳᠠᠷᠠᠭ᠎ᠠ ᠪᠦᠬᠦ ᠲᠡᠯᠡᠭᠡᠢ ᠶᠢᠨ ᠲᠠᠩ ᠦᠢᠯᠡᠳᠪᠦᠷᠢᠯᠡᠯ ᠤᠨ ᠬᠡᠪᠴᠢᠶᠠᠵᠢᠯ ᠢᠶᠠᠷ ᠬᠠᠮᠤᠭ ᠤᠨ ᠶᠡᠭᠡ ᠨᠡᠭᠦᠷᠡᠰᠦ ᠪᠠᠷ ᠠᠯᠺᠸᠠ ᠦᠢᠯᠡᠳᠪᠦᠷᠢᠯᠡᠬᠦ ᠠᠵᠤ ᠦᠢᠯᠡᠰ ᠤᠨ ᠰᠠᠭᠤᠷᠢᠨ ᠭᠠᠵᠠᠷ ᠪᠣᠯᠬᠤ ᠪᠣᠯᠤᠨ᠎ᠠ᠃     ᠡᠨᠡ ᠵᠢᠯ ᠠᠴᠠ ᠨᠠᠭᠠᠰᠢ᠂ ᠮᠠᠨ ᠤ ᠬᠤᠲᠠ ᠣᠨ ᠤ ᠬᠠᠷᠠᠯᠲᠠ ᠪᠠᠨ ᠴᠢᠩᠭ᠎ᠠ ᠠᠩᠬᠠᠷᠴᠤ᠂ ᠤᠨᠢᠨ ᠳᠡᠭᠡᠷ᠎ᠡ ᠨᠢ ᠬᠦᠴᠦᠯᠡᠨ᠂ ᠪᠦᠬᠦ ᠬᠦᠴᠦᠨ ᠢᠶᠠᠷ ᠢᠶᠠᠨ ᠰᠢᠪᠲᠤᠯᠤᠯᠲᠠ ᠬᠢᠵᠦ᠂ ᠶᠡᠭᠡ ᠲᠦᠷᠦᠯ ᠵᠦᠢᠯ᠂ ᠰᠢᠨ᠎ᠡ ᠲᠦᠷᠦᠯ ᠵᠦᠢᠯ᠂ ᠰᠠᠶᠢᠨ ᠲᠦᠷᠦᠯ ᠵᠦᠢᠯ ᠲᠠᠷᠠᠭᠠᠯᠠᠨ ᠠᠵᠢᠯ ᠢᠶᠠᠨ ᠡᠬᠢᠯᠡᠬᠦᠯᠣᠨ ᠠᠰᠢᠭᠯᠠᠯᠲᠠ ᠳᠤ ᠣᠷᠣᠵᠤ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃     ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠳᠤ᠂ ᠡᠯ᠎ᠡ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠶᠠᠭ ᠡᠷᠴᠢᠮᠲᠠᠢ ᠶᠠᠪᠤᠬᠳᠠᠵᠤ᠂ 42 ᠭᠤᠣᠯᠳᠠᠯᠭ᠎ᠠ ᠲᠠᠢ ᠲᠦᠷᠦᠯ ᠵᠦᠢᠯ ᠢ ᠬᠠᠮᠲᠦ ᠳᠤᠨᠢ ᠪᠦᠲᠦᠭᠡᠨ ᠪᠠᠶᠢᠭᠤᠯᠵᠤ ᠪᠠᠶᠢᠪᠠ᠃ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠵᠡᠭᠦᠨᠭᠠᠷ ᠠᠵᠤ ᠦᠢᠯᠡᠰ ᠤᠨ ᠬᠦᠷᠢᠶᠡᠯᠡᠩ ᠲᠤᠭᠤᠷᠢᠭ ᠤᠨ ᠨᠠᠷᠠᠰᠤᠨ ᠤ ᠤᠰᠤᠲᠥ᠋ᠷᠥᠭᠴᠢ ᠦᠢᠯᠡᠳᠬᠦ ᠠᠵᠤ ᠦᠢᠯᠡᠰ ᠤᠨ ᠲᠠᠭᠤᠷᠢᠶᠠᠯ ᠦᠵᠡᠭᠦᠯᠬᠦ ᠲᠦᠷᠦᠯ ᠵᠦᠢᠯ ᠤᠨ ᠪᠠᠷᠢᠯᠭ᠎ᠠ ᠶᠢᠨ ᠠᠬᠤᠢ ᠲᠠᠯᠠᠪᠠᠢ ᠳᠤ᠂ 400 ᠭᠠᠷᠤᠢ ᠪᠠᠷᠢᠯᠭ᠎ᠠ ᠶᠢᠨ ᠠᠵᠢᠯᠴᠢᠨ ᠨᠢᠭᠡᠳᠦᠭᠡᠷ ᠹᠷᠣᠨᠲ ᠲᠤ ᠴᠢᠷᠮᠠᠶᠢᠨ ᠠᠵᠢᠯᠯᠠᠵᠤ᠂ ᠪᠦᠬᠦ ᠬᠦᠴᠦᠨ ᠢᠶᠠᠷ ᠢᠶᠠᠨ ᠠᠬᠢᠴᠠ ᠶᠢ ᠲᠦᠷᠭᠡᠳᠭᠡᠨ᠂ ᠪᠠᠷᠢᠯᠭ᠎ᠠ ᠶᠢᠨ ᠬᠤᠭᠤᠴᠠᠭ᠎ᠠ ᠶᠢ ᠠᠮᠵᠢᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠭᠡᠪᠡ᠃ ︽ᠣᠳᠣᠬᠠᠨ ᠳᠤ ᠦᠢᠯᠡᠳᠪᠦᠷᠢ ᠶᠢᠨ ᠲᠣᠭᠤᠷᠢᠭ ᠤᠨ ᠭᠤᠣᠯ ᠴᠣᠭᠴᠠ ᠶᠢᠨ ᠪᠠᠷᠢᠯᠭ᠎ᠠ ᠶᠢᠨ 85% ᠶᠢ ᠨᠢᠭᠡᠨᠲᠡ ᠪᠡᠶᠡᠯᠡᠭᠦᠯᠵᠦ᠂ ᠪᠤᠯᠤᠳ ᠪᠦᠲᠦᠴᠡ ᠶᠢᠨ 30% ᠶᠢ ᠪᠡᠶᠡᠯᠡᠭᠦᠯᠣᠬᠡᠳ᠂ 6 ᠰᠠᠷ᠎ᠠ ᠶᠢᠨ ᠰᠡᠭᠦᠯᠴᠢ ᠪᠠᠷ ᠠᠩᠬ᠎ᠠ ᠠᠯᠬᠤᠮ ᠠᠰᠢᠭᠯᠠᠯᠲᠠ ᠳᠤ ᠣᠷᠣᠭᠤᠯᠬᠤ ᠪᠠᠷ ᠪᠠᠶᠢᠨ᠎ᠠ︾ ᠭᠡᠵᠦ ᠲᠦᠷᠦᠯ ᠵᠦᠢᠯ ᠤᠨ ᠬᠠᠷᠢᠭᠤᠴᠠᠯᠭᠠᠲᠠᠨ ᠹᠠᠨ ᠰᠢ ᠲᠠᠨᠢᠯᠴᠠᠭᠤᠯᠪᠠ᠃        ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠤᠢ ᠲᠠᠯᠠᠪᠠᠢ ᠪᠣᠯ ᠳᠠᠷᠤᠢ ᠠᠵᠤ ᠠᠬᠤᠢ ᠶᠢᠨ ᠬᠥᠭᠵᠢᠯᠲᠡ ᠶᠢᠨ ᠨᠢᠭᠡᠳᠦᠭᠡᠷ ᠳᠠᠶᠢᠯᠠᠯᠳᠤᠭᠠᠨ ᠤ ᠲᠠᠯᠠᠪᠤᠷ ᠪᠤᠯᠤᠨ᠎ᠠ᠃ ᠮᠠᠨ ᠤ ᠬᠤᠲᠠ ᠴᠢᠬᠤᠯᠠ ᠶᠡᠭᠡ ᠲᠦᠷᠦᠯ ᠵᠦᠢᠯ ᠤᠳ ᠢ ᠪᠦᠯᠣᠭ᠌ ᠪᠦᠯᠣᠭ᠌ ᠢᠶᠠᠷ ᠴᠢᠷᠮᠠᠶᠢᠨ ᠪᠦᠲᠦᠭᠡᠨ ᠪᠠᠶᠢᠭᠤᠯᠵᠤ᠂ ᠠᠵᠤ ᠦᠢᠯᠡᠰ ᠤᠨ ᠰᠦᠷᠦᠭᠵᠢᠯ ᠤᠳ ᠤᠨ ᠬᠥᠭᠵᠢᠯᠲᠡ ᠶᠢ ᠲᠦᠷᠭᠡᠳᠭᠡᠵᠦ ᠪᠠᠶᠢᠨ᠎ᠠ᠃ ᠤᠳᠤᠭ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠴᠢ ᠫᠠᠨ ᠵᠢᠩ ᠠᠵᠤ ᠦᠢᠯᠡᠰ ᠤᠨ ᠬᠦᠷᠢᠶᠡᠯᠡᠩ ᠲᠤᠭᠤᠷᠢᠭ ᠲᠤ᠂ ᠥᠪᠥᠷ ᠮᠣᠩᠭᠤᠯ ᠤᠨ ᠪᠦᠦ ᠰᠢᠨ ᠪᠤᠬᠢᠷᠳᠤᠯ ᠦᠬᠡᠢ ᠡᠨᠧᠷᠭᠢ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠰᠢᠨ᠎ᠡ ᠡᠨᠧᠷᠭᠢ ᠶᠢᠨ ᠳᠡᠭᠡᠳᠦ ᠲᠡᠰ ᠤᠨ ᠣᠶᠤᠨᠴᠢ ᠲᠤᠨᠤᠬᠯᠠᠯ ᠦᠢᠯᠡᠳᠬᠦ ᠲᠦᠷᠦᠯ ᠵᠦᠢᠯ ᠶᠠᠭ ᠬᠥᠭᠵᠢᠶᠡᠨᠲᠡᠢ ᠶᠠᠪᠤᠭᠳᠠᠵᠤ ᠪᠤᠢ᠃ ᠲᠣᠰ ᠲᠥᠷᠥᠯ ᠵᠦᠢᠯ ᠢ ᠡᠨᠡ ᠵᠢᠯ ᠤᠨ 3 ᠰᠠᠷ᠎ᠠ ᠳᠤ ᠡᠬᠢᠯᠡᠨ ᠪᠦᠲᠦᠭᠡᠨ ᠪᠠᠶᠢᠭᠤᠯᠵᠤ᠂ ᠠᠩᠬᠠᠳᠤᠭᠠᠷ ᠬᠤᠭᠤᠴᠠᠭᠠᠨ ᠤ ᠪᠠᠷᠢᠯᠭ᠎ᠠ ᠶᠢᠨ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 22.7 ᠳ᠋ᠦᠩᠰᠢᠭᠤᠷ ᠲᠥᠭᠦᠷᠢᠭ ᠲᠤ ᠬᠦᠷᠴᠦ᠂ ᠠᠩᠬᠠᠳᠤᠭᠠᠷ ᠬᠤᠭᠤᠴᠠᠭᠠᠨ ᠤ ᠲᠦᠷᠦᠯ ᠵᠦᠢᠯ ᠢ ᠪᠦᠲᠦᠭᠡᠨ ᠪᠠᠶᠢᠭᠤᠯᠵᠤ ᠳᠠᠭᠤᠰᠤᠭᠰᠠᠨ ᠤ ᠳᠠᠷᠠᠭ᠎ᠠ 34.5 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠦᠷᠲᠡᠭ ᠢ ᠡᠭᠦᠳᠴᠦ᠂ 700 ᠰᠢᠬᠠᠮ ᠠᠵᠢᠯ ᠤᠨ ᠪᠠᠶᠢᠷᠢ ᠬᠠᠨᠭ᠍ᠭᠠᠵᠤ᠂ ᠳᠡᠭᠡᠳᠦ ᠳᠤᠤᠷᠠᠳᠤ ᠤᠷᠤᠰᠬᠠᠯ ᠤᠨ ᠵᠠᠭᠤᠨ ᠳ᠋ᠦᠩᠰᠢᠭᠤᠷ ᠰᠢᠬᠠᠮ ᠠᠵᠤ ᠦᠢᠯᠡᠰ ᠤᠨ ᠢᠵᠢ ᠪᠦᠷᠢᠳᠦᠭᠦᠯᠬᠦ ᠶᠢ ᠳᠠᠶᠢᠴᠢᠯᠠᠬᠤ ᠪᠣᠯᠤᠨ᠎ᠠ᠃    ᠡᠨᠡ ᠵᠢᠯ ᠤᠨ ᠬᠤᠶᠠᠳᠤᠭᠠᠷ ᠤᠯᠠᠷᠢᠯ ᠪᠣᠯ ᠪᠦᠬᠦ ᠵᠢᠯ ᠤᠨ ᠬᠥᠭᠵᠢᠯᠲᠡ ᠶᠢᠨ ᠰᠠᠭᠤᠷᠢ ᠶᠢ ᠲᠠᠯᠪᠢᠬᠤ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠮᠠᠨ ᠤ ᠬᠤᠲᠠ ᠶᠢᠨ ᠡᠯ᠎ᠡ ᠭᠠᠵᠠᠷ ᠤᠨ ᠬᠢᠨ ᠴᠠᠭ ᠤᠨ ᠰᠠᠶᠢᠬᠠᠨ ᠢ ᠠᠮᠵᠢᠵᠦ᠂ ᠲᠥᠷᠥᠯ ᠵᠦᠢᠯ ᠢ ᠰᠦᠪᠡᠭᠴᠢᠯᠡᠬᠦ ᠲᠠᠯ᠎ᠠ ᠪᠠᠷ ᠬᠦᠴᠦ ᠣᠷᠣᠭᠤᠯᠤᠨ᠂ ᠲᠥᠷᠥᠯ ᠵᠦᠢᠯ ᠢ ᠣᠷᠣᠭᠤᠯᠬᠤ ᠲᠠᠯ᠎ᠠ ᠪᠠᠷ ᠰᠢᠪᠲᠤᠯᠤᠯᠲᠠ ᠭᠠᠷᠭᠠᠵᠤ᠂ ᠲᠥᠷᠥᠯ ᠵᠦᠶ᠋ᠯ ᠢ ᠬᠥᠭᠵᠢᠭᠦᠯᠬᠦ ᠲᠠᠯ᠎ᠠ ᠪᠠᠷ ᠪᠣᠳᠠᠲᠤ ᠦᠷ᠎ᠡ ᠪᠦᠲᠦᠮᠵᠢ ᠭᠠᠷᠭᠠᠬᠤ ᠶᠢ ᠴᠢᠬᠤᠯᠠᠴᠢᠯᠠᠨ᠂ ᠲᠥᠷᠥᠯ ᠵᠦᠢᠯ ᠢ ᠲᠥᠯᠣᠪᠵᠢᠭᠦᠯᠣᠨ ᠨᠥᠭᠡᠴᠡᠯᠡᠬᠦ ᠶᠢ ᠴᠢᠩᠭᠠᠳᠬᠠᠵᠤ᠂ ᠬᠢᠨᠠᠨ ᠵᠥᠪᠰᠢᠶᠡᠷᠡᠬᠦ ᠵᠠᠮ ᠮᠦᠷ ᠢ ᠰᠠᠭᠠᠳ ᠥᠬᠡᠶ ᠨᠡᠪᠲᠡᠷᠡᠭᠦᠯᠣᠨ᠂ ᠲᠥᠷᠥᠯ ᠵᠦᠢᠯ ᠤᠨ ᠤᠷᠴᠢᠨ ᠲᠤᠭᠤᠷᠢᠨ ᠤ ᠬᠠᠮᠠᠭᠠᠯᠠᠯᠳᠠ᠂ ᠪᠦᠳᠤᠬᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠨᠠᠩ ᠣᠯᠠᠨ ᠰᠤᠯᠠ ᠭᠠᠵᠠᠷ ᠢ ᠲᠥᠷᠥᠯ ᠵᠦᠢᠯ ᠤᠨ ᠪᠠᠷᠢᠯᠭ᠎ᠠ ᠶᠢᠨ ᠭᠠᠵᠠᠷ ᠪᠣᠯᠭᠠᠵᠤ᠂ ᠨᠠᠩ ᠣᠯᠠᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠢ ᠦᠢᠯᠡᠳᠪᠤᠷᠢᠯᠡᠯ ᠤᠨ ᠠᠵᠤ ᠠᠬᠤᠶᠢᠯᠠᠯ ᠪᠣᠯᠭᠠᠨ ᠬᠤᠪᠢᠷᠠᠭᠤᠯᠪᠠ᠃ ᠡᠨᠡ ᠵᠢᠯ᠂ ᠮᠠᠨ ᠤ ᠬᠤᠲᠠ ᠵᠠᠰᠠᠭ ᠤᠨ ᠣᠷᠳᠣᠨ ᠤ ᠪᠠᠯᠠ ᠣᠷᠣᠭᠤᠯᠤᠯᠲᠠ 5000 ᠲᠦᠮᠡᠨ ᠲᠥᠭᠦᠷᠢᠭ ᠠᠴᠠ ᠳᠡᠭᠡᠭᠰᠢᠬᠢ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 472 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠣᠪᠯᠡᠵᠦ᠂ ᠶᠡᠷᠦᠩᠬᠡᠶ ᠪᠠᠯᠠ ᠣᠷᠣᠭᠤᠯᠤᠯᠲᠠ ᠨᠢ 7404 ᠳ᠋ᠦᠩᠰᠢᠭᠤᠷ ᠲᠥᠭᠦᠷᠢᠭ ᠲᠤ ᠬᠦᠷᠬᠦ ᠪᠣᠯᠤᠨ᠎ᠠ᠃      ᠣᠳᠣᠬᠠᠨ ᠳᠤ᠂ 400 ᠴᠢᠬᠤᠯᠠ ᠶᠡᠭᠡ ᠲᠥᠷᠥᠯ ᠵᠦᠢᠯ ᠠᠵᠢᠯ ᠡᠬᠢᠯᠡᠬᠦᠯᠤᠨ ᠠᠵᠢᠯ ᠢᠶᠠᠨ ᠰᠡᠷᠬᠦᠭᠡᠵᠦ᠂ ᠠᠵᠢᠯ ᠡᠬᠢᠯᠡᠭᠦᠯᠣᠭ᠍ᠰᠡᠨ ᠪᠠ ᠰᠡᠷᠭᠦᠭᠡᠭᠰᠡᠨ ᠨᠣᠷᠮ᠎ᠠ 84.7% ᠪᠠᠶᠢᠵᠤ᠂ 325.2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠣᠭ᠍ᠰᠡᠨ ᠪᠠᠶᠢᠨ᠎ᠠ᠃  
ᠢᠷᠡᠯᠲᠡ᠄ ᠤᠷᠳᠤᠰ ᠤᠨ ᠡᠳᠤᠷ ᠤᠨ ᠰᠤᠨᠢᠨ