20 ᠲᠦᠮᠡᠨ ᠠᠷᠪᠠᠰ ᠤᠨ ᠨᠤᠤᠯᠤᠭᠤᠷ ᠤᠨ ᠴᠠᠭᠠᠨ ᠢᠮᠠᠭ᠎ᠠ ᠲᠡᠵᠢᠭᠡᠬᠦ ᠲᠥᠷᠥᠯ ᠵᠦᠢᠯ ᠪᠠᠷᠢᠯᠭ᠎ᠠ ᠡᠬᠢᠯᠡᠪᠡ
ᠨᠡᠶᠢᠲᠡᠯᠡᠭᠰᠡᠨ ᠴᠠᠭ᠄
2023/5/4
                      ᠥᠪᠥᠷ ᠮᠣᠩᠭᠤᠯ ᠤᠨ ᠬᠤᠸᠠ ᠰᠢᠶᠠᠩ ᠲᠠᠷᠢᠶᠠᠯᠠᠩ ᠤᠢ ᠰᠢᠭᠤᠢ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠬᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠮᠠᠯ ᠠᠵᠤ ᠠᠬᠤᠢ ᠲᠠᠷᠢᠶᠠᠯᠠᠩ ᠤᠨ ᠶᠡᠷᠦᠩᠬᠡᠢᠯᠡᠭᠰᠡᠨ ᠴᠣᠭᠴᠠ ᠶᠢᠨ ᠰᠢᠨᠡᠴᠢᠷᠭ᠎ᠠ ᠮᠠᠯᠵᠢᠯ ᠤᠨ ᠲᠠᠯᠠᠪᠠᠶ᠂ ᠰᠠᠶᠢᠠᠤᠰᠤ ᠨᠢᠭᠡᠳᠦᠭᠡᠷ ᠮᠠᠯᠵᠢᠯ ᠤᠨ ᠲᠠᠯᠠᠪᠠᠶ ᠪᠠ ᠬᠤᠶᠠᠳᠤᠭᠠᠷ ᠮᠠᠯᠵᠢᠯ ᠤᠨ ᠲᠠᠯᠠᠪᠠᠶ ᠶᠢᠨ 20 ᠲᠦᠮᠡᠨ ᠠᠷᠪᠠᠰ ᠤᠨ ᠨᠤᠤᠯᠤᠭᠤᠷ ᠤᠨ ᠴᠠᠭᠠᠨ ᠢᠮᠠᠭ᠎ᠠ ᠲᠡᠵᠢᠭᠡᠬᠦ ᠲᠥᠷᠥᠯ ᠵᠦᠢᠯ ᠵᠢᠴᠢ ᠵᠢᠯ ᠤᠨ 100 ᠲᠦᠮᠡᠨ ᠲᠣᠨ ᠤ ᠡᠪᠡᠰᠦ ᠪᠣᠷᠳᠤᠭ᠎ᠠ ᠪᠤᠯᠪᠠᠰᠤᠷᠠᠭᠤᠯᠬᠤ ᠲᠥᠷᠥᠯ ᠵᠦᠢᠯ ᠣᠶᠢᠷ᠎ᠠ ᠳᠤ ᠪᠠᠷᠢᠯᠭ᠎ᠠ ᠡᠬᠢᠯᠡᠪᠡ᠃     ᠣᠶᠢᠯᠠᠭᠠᠭᠰᠠᠨ ᠢᠶᠠᠷ᠂ ᠳᠤᠰ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠨᠢ ᠠᠷᠪᠠᠰ ᠤᠨ ᠨᠤᠤᠯᠤᠭᠤᠷ ᠤᠨ ᠴᠠᠭᠠᠨ ᠢᠮᠠᠭ᠎ᠠ ᠳᠡᠵᠢᠬᠡᠨ ᠦᠷᠨᠢᠬᠦᠯᠬᠦ ᠪᠠ ᠠᠷᠪᠠᠰ ᠤᠨ ᠨᠤᠤᠯᠤᠭᠤᠷ ᠤᠨ ᠴᠠᠭᠠᠨ ᠢᠮᠠᠭᠠᠨ ᠤ ᠠᠰᠢᠭ ᠰᠢᠮ᠎ᠠ ᠶᠢ ᠡᠳ᠋ᠰᠢᠬᠦᠯᠦᠨ ᠪᠤᠷᠤᠯᠠᠭᠤᠯᠬᠤ᠂ ᠡᠪᠡᠰᠤ ᠪᠤᠷᠳᠤᠭ᠎ᠠ ᠲᠠᠷᠢᠵᠤ ᠪᠤᠯᠪᠠᠰᠤᠷᠠᠭᠤᠯᠬᠤ ᠵᠡᠷᠭᠡ ᠶᠢ ᠪᠠᠭᠳᠠᠭᠠᠭᠰᠠᠨ ᠠᠷᠪᠠᠰ ᠤᠨ ᠨᠤᠤᠯᠤᠭᠤᠷ ᠤᠨ ᠴᠠᠭᠠᠨ ᠢᠮᠠᠭ᠎ᠠ ᠶᠢᠨ ᠪᠦᠷᠢᠨ ᠪᠦᠳᠦᠨ ᠠᠵᠤ ᠦᠢᠯᠡᠰ ᠤᠨ ᠬᠡᠯᠬᠢᠶ᠎ᠠ ᠶᠢ ᠴᠤᠭᠴᠠᠯᠠᠬᠤ ᠪᠤᠯᠤᠨ᠎ᠠ᠃ ᠲᠦᠷᠦᠯ ᠵᠦᠢᠯ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠪᠠᠷ ᠭᠠᠷᠳᠠᠴᠠ ᠪᠣᠯᠭᠠᠵᠤ᠂ ᠤᠲᠤᠭ ᠬᠤᠰᠢᠭᠤᠨ ᠤ ᠠᠷᠪᠠᠰ ᠤᠨ ᠨᠤᠤᠯᠤᠭᠤᠷ ᠤᠨ ᠴᠠᠭᠠᠨ ᠢᠮᠠᠭᠠᠨ ᠤ ᠭᠤᠣᠯ ᠭᠠᠷᠤᠯᠲᠠ ᠶᠢᠨ ᠣᠷᠣᠨ ᠤ ᠦᠪᠡᠷᠮᠢᠴᠡ ᠳᠠᠪᠠᠭᠤᠯᠢᠭ ᠢ ᠠᠰᠢᠭᠯᠠᠨ᠂ ᠮᠠᠯ ᠠᠵᠤ ᠠᠬᠤᠢ ᠲᠠᠷᠢᠶᠠᠯᠠᠩ ᠤᠨ ᠶᠡᠷᠦᠩᠬᠡᠶᠢᠯᠡᠭᠰᠡᠨ ᠡᠵᠡᠩᠨᠡᠯᠳᠡ ᠶᠢᠨ ᠴᠣᠭᠴᠠ ᠶᠢ ᠪᠠᠶᠢᠭᠤᠯᠬᠤ ᠪᠠᠷ ᠬᠠᠷᠠᠯᠳᠠ ᠪᠠᠨ ᠪᠤᠯᠭᠠᠵᠤ᠂ ᠠᠷᠪᠠᠰ ᠤᠨ ᠨᠤᠤᠯᠤᠭᠤᠷ ᠤᠨ ᠴᠠᠭᠠᠨ ᠢᠮᠠᠭ᠎ᠠ ᠲᠡᠵᠢᠭᠡᠨ ᠦᠷᠡᠵᠢᠭᠦᠯᠬᠦ ᠰᠢᠨ᠎ᠡ ᠠᠷᠭ᠎ᠠ ᠵᠠᠮ ᠢ ᠰᠦᠪᠡᠭᠴᠢᠯᠡᠨ᠂ ︽ᠠᠵᠤ ᠠᠬᠤᠶᠢᠯᠠᠯ + ᠭᠠᠴᠠᠭ᠎ᠠ ᠲᠣᠰᠬᠤᠨ ᠤ ᠬᠠᠮᠲᠤ ᠨᠡᠶᠢᠲᠡ + ᠲᠤᠰᠬᠠᠢ ᠬᠤᠷᠰᠢᠶ᠎ᠠ + ᠮᠠᠯᠵᠢᠬᠤ ᠲᠠᠷᠢᠶᠠᠯᠠᠬᠤ ᠡᠷᠦᠬᠡ︾ ᠶᠢᠨ ᠡᠵᠡᠩᠨᠡᠯᠲᠡ ᠶᠢᠨ ᠵᠠᠭᠪᠤᠷ ᠢ ᠰᠢᠨ᠎ᠡ ᠪᠠᠷ ᠪᠠᠶᠢᠭᠤᠯᠬᠤ ᠪᠤᠯᠤᠨ᠎ᠠ᠃      ᠳᠤᠰ ᠲᠦᠷᠦᠯ ᠵᠦᠢᠯ ᠤᠨ ᠶᠡᠷᠦᠩᠬᠡᠢ ᠪᠡᠯᠡ ᠤᠷᠤᠭᠤᠯᠤᠯᠳᠠ ᠨᠢ 11.84 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤ 20 ᠳᠦᠮᠡᠨ ᠠᠷᠪᠠᠰ ᠤᠨ ᠨᠤᠤᠯᠤᠭᠤᠷ ᠤᠨ ᠴᠠᠭᠠᠨ ᠢᠮᠠᠭ᠎ᠠ ᠳᠡᠵᠢᠭᠡᠨ 100 ᠲᠦᠮᠡᠨ ᠲᠣᠨ ᠡᠪᠡᠰᠦ ᠪᠣᠷᠳᠤᠭ᠎ᠠ ᠪᠤᠯᠪᠠᠰᠤᠷᠠᠭᠤᠯᠬᠤ ᠠᠴᠠ ᠭᠠᠳᠠᠨ᠎ᠠ ᠪᠠᠰᠠ ᠬᠦᠢᠲᠡᠨ ᠬᠡᠯᠬᠢᠶᠡᠳᠤ ᠡᠳ᠋ ᠪᠠᠷᠠᠭᠠᠨ ᠤ ᠭᠦᠢᠯᠭᠡᠭᠡ᠂ ᠨᠢᠳᠤᠯᠤᠨ ᠪᠤᠯᠪᠠᠰᠤᠷᠠᠭᠤᠯᠬᠤ᠂ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ᠂ ᠦᠨᠳᠡᠭᠡᠨ ᠳᠠᠬᠢᠶ᠎ᠠ ᠲᠡᠵᠢᠭᠡᠬᠦ᠂ ᠲᠡᠵᠢᠭᠡᠯ ᠪᠣᠷᠳᠤᠭ᠎ᠠ ᠪᠤᠯᠪᠠᠰᠤᠷᠠᠭᠤᠯᠬᠤ ᠪᠠ ᠤᠷᠭᠠᠨᠢᠭ ᠪᠣᠷᠳᠣᠭᠤᠷ ᠦᠢᠯᠡᠳᠪᠦᠷᠢᠯᠡᠬᠦ ᠵᠡᠷᠭᠡ ᠶᠢ ᠨᠢᠭᠡ ᠴᠣᠭᠴᠠᠵᠢᠭᠤᠯᠬᠤ ᠪᠠᠷ ᠪᠤᠢ᠃ ᠤᠳᠤᠬᠠᠨ ᠳᠤ ᠬᠤᠸᠠ ᠰᠢᠶᠠᠩ ᠺᠤᠮᠫᠠᠨᠢ ᠨᠢᠬᠡᠨᠳᠡ ᠠᠷᠪᠠᠰ ᠤᠨ ᠨᠤᠤᠯᠤᠭᠤᠷ ᠤᠨ ᠴᠠᠭᠠᠨ ᠢᠮᠠᠭ᠎ᠠ ᠳᠤ ᠲᠣᠬᠢᠷᠠᠬᠤ ᠮᠥᠬᠦᠯᠢᠭᠲᠦ ᠪᠣᠷᠳᠤᠭ᠎ᠠ ᠶᠢ ᠠᠮᠵᠢᠯᠲᠠ ᠲᠠᠢ ᠰᠤᠳᠤᠯᠤᠨ ᠭᠠᠷᠭᠠᠪᠠ᠃ ᠳᠤᠰ ᠲᠦᠷᠦᠯ ᠵᠦᠢᠯ ᠠᠰᠢᠭᠯᠠᠯᠳᠠ ᠳᠤ ᠤᠷᠤᠭᠰᠠᠨ ᠤ ᠳᠠᠷᠠᠭ᠎ᠠ᠂ ᠠᠷᠪᠠᠰ ᠤᠨ ᠨᠤᠤᠯᠤᠭᠤᠷ ᠤᠨ ᠴᠠᠭᠠᠨ ᠢᠮᠠᠭᠠᠨ ᠤ ᠥᠰᠦᠯᠲᠡ ᠶᠢᠨ ᠵᠢᠮ᠎ᠡ ᠶᠣᠰᠣ ᠶᠢ ᠦᠨᠳᠦᠰᠦᠯᠡᠨ ᠬᠠᠰᠢᠶᠠᠯᠠᠨ ᠳᠡᠵᠢᠬᠡᠬᠦ ᠪᠠ ᠪᠡᠯᠴᠢᠭᠡᠷᠯᠡᠬᠦᠯᠦᠨ ᠮᠠᠯᠵᠢᠬᠤ ᠶᠢ ᠤᠶᠠᠯᠳᠤᠭᠤᠯᠬᠤ ᠶᠢᠨ ᠬᠠᠮᠳᠤ ᠪᠠᠰᠠ ᠠᠷᠪᠠᠰ ᠤᠨ ᠨᠤᠤᠯᠤᠭᠤᠷ ᠤᠨ ᠴᠠᠭᠠᠨ ᠢᠮᠠᠭᠠᠨ ᠤ ᠨᠤᠤᠯᠤᠭᠤᠷ ᠰᠠᠭᠤᠬᠤ ᠤᠨᠴᠠᠯᠢᠭ ᠲᠤ ᠳᠤᠬᠢᠷᠠᠭᠤᠯᠤᠨ ᠬᠠᠰᠢᠶᠠᠯᠠᠨ ᠲᠡᠵᠢᠭᠡᠬᠦ ᠪᠠ ᠰᠤᠯᠠ ᠲᠡᠵᠢᠭᠡᠬᠦ ᠶᠢ ᠬᠠᠷᠢᠯᠴᠠᠨ ᠤᠶᠠᠯᠳᠤᠭᠤᠯᠵᠤ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠵᠦ ᠠᠷᠪᠠᠰ ᠤᠨ ᠨᠤᠤᠯᠤᠭᠤᠷ ᠤᠨ ᠴᠠᠭᠠᠨ ᠢᠮᠠᠭᠠᠨ ᠤ ᠠᠰᠢᠭ ᠰᠢᠮ᠎ᠠ ᠶᠢᠨ ᠭᠠᠷᠤᠯᠳᠠ ᠶᠢ ᠨᠡᠮᠡᠭᠳᠡᠬᠦᠯᠦᠨ ᠦᠷ᠎ᠠ ᠠᠰᠢᠭ ᠢ ᠶᠡᠭᠡ ᠪᠠᠷ ᠳᠡᠭᠡᠭᠰᠢᠯᠡᠭᠦᠯᠬᠦ ᠪᠤᠯᠤᠨ᠎ᠠ᠃ 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ