ᠭᠠᠩ ᠬᠠᠭᠤᠷᠠᠢ ᠭᠠᠵᠠᠷ ᠮᠣᠳᠣ ᠲᠠᠷᠢᠵᠦ ᠣᠶᠢᠵᠢᠭᠤᠯᠬᠤ ᠳᠤ ᠠᠩᠬᠠᠷᠬᠤ ᠵᠦᠢᠯ
ᠨᠡᠶᠢᠲᠡᠯᠡᠭᠰᠡᠨ ᠴᠠᠭ᠄
2023/5/4
           ᠭᠠᠩ ᠬᠠᠭᠤᠷᠠᠢ ᠭᠠᠵᠠᠷ ᠣᠷᠣᠨ ᠳᠤ ᠮᠣᠳᠣ ᠲᠠᠷᠢᠵᠤ ᠣᠶᠢᠵᠢᠭᠤᠯᠬᠤ ᠳᠠᠭᠠᠨ ᠡᠳᠡᠭᠡᠷᠡᠯᠲᠡ ᠶᠢᠨ ᠨᠣᠷᠮ᠎ᠠ ᠪᠠ ᠤᠷᠭᠤᠯᠲᠠ ᠶᠢᠨ ᠨᠣᠷᠮ᠎ᠠ ᠶᠢ ᠳᠡᠭᠡᠭᠰᠢᠯᠡᠭᠦᠯᠬᠦ ᠳᠤ ᠳᠣᠣᠷᠠᠬᠢ ᠬᠡᠳᠦᠨ ᠲᠠᠯ᠎ᠠ ᠪᠠᠷ ᠠᠩᠬᠠᠷᠬᠤ ᠬᠡᠷᠡᠭᠲᠡᠢ᠃       ⒈ ᠭᠠᠩ ᠬᠠᠭᠤᠷᠠᠢ ᠳᠤ ᠲᠡᠰᠪᠦᠷᠢᠲᠡᠢ ᠮᠣᠳᠣᠨ ᠤ ᠲᠥᠷᠥᠯ ᠢ ᠰᠣᠩᠭᠤᠨ᠎ᠠ᠃ ᠡᠯᠡᠰᠦ ᠮᠠᠩᠬᠠᠨ ᠳᠤ ᠲᠡᠰᠪᠦᠷᠢᠲᠡᠢ᠂ ᠰᠠᠯᠠᠭ᠎ᠠ ᠨᠠᠮᠠᠭ᠎ᠠ ᠨᠢ ᠰᠠᠬᠤᠯᠢᠭ᠂ ᠦᠨᠳᠦᠰᠦᠨ ᠤ ᠰᠢᠰᠲ᠋ᠧᠮ ᠨᠢ ᠬᠥᠭᠵᠢᠭᠰᠡᠨ᠂ ᠡᠪᠡᠳᠴᠢᠨ ᠬᠤᠷᠣᠬᠠᠢ ᠶᠢᠨ ᠬᠤᠣᠷ ᠬᠥᠨᠥᠭᠡᠯ ᠳᠤ ᠲᠠᠭᠠᠭᠠᠴᠢᠲᠠᠢ᠂ ᠤᠷᠭᠤᠬᠤ ᠳᠤ ᠲᠦᠷᠭᠡᠨ ᠪᠠᠶᠢᠳᠠᠭ ᠮᠣᠳᠣᠨ ᠤ ᠲᠥᠷᠥᠯ ᠢ ᠰᠣᠩᠭᠤᠬᠤ ᠬᠡᠷᠡᠭᠲᠡᠢ᠃ ᠵᠢᠱᠢᠶᠡᠯᠡᠪᠡᠯ᠂ ᠤᠯᠢᠶᠠᠰᠤ᠂ ᠬᠠᠶᠢᠯᠠᠰᠤ᠂ ᠪᠤᠲᠠᠯᠢᠭ ᠮᠣᠳᠣ᠂ ᠬᠠᠷᠭᠠᠨ᠎ᠠ ᠵᠡᠷᠭᠡ ᠶᠢᠨ ᠮᠣᠳᠣᠳ ᠢ ᠰᠣᠩᠭᠤᠨ ᠲᠠᠷᠢᠨ᠎ᠠ᠃      ⒉ ᠦᠨᠳᠦᠰᠦ ᠶᠢ ᠠᠰᠢᠭᠯᠠᠨ ᠣᠶᠢᠵᠢᠭᠤᠯᠤᠨ᠎ᠠ᠃ ᠬᠠᠪᠤᠷ ᠲᠠᠭᠠᠨ ᠰᠠᠯᠬᠢᠨ ᠶᠡᠬᠡᠲᠡᠢ᠂ ᠭᠠᠩ ᠬᠠᠭᠤᠷᠠᠢ ᠭᠠᠵᠠᠷ ᠤᠯᠢᠶᠠᠰᠤ᠂ ᠬᠠᠶᠢᠯᠠᠰᠤ ᠵᠡᠷᠭᠡ ᠶᠢᠨ ᠮᠣᠳᠣᠨ ᠤ ᠦᠨᠳᠦᠰᠦ ᠶᠢ ᠠᠰᠢᠭᠯᠠᠵᠤ ᠣᠶᠢᠵᠢᠭᠤᠯᠬᠤ ᠨᠢ ᠴᠢᠬᠢ ᠮᠣᠳᠣ ᠪᠠᠷ ᠣᠶᠢᠵᠢᠭᠤᠯᠬᠤ ᠶᠢ ᠪᠣᠳᠣᠪᠠᠯ ᠮᠣᠳᠣᠨ ᠤ ᠭᠠᠵᠠᠷ ᠳᠡᠭᠡᠷᠡᠬᠢ ᠬᠡᠰᠡᠭ ᠤᠨ ᠤᠰᠤ ᠦᠭᠡᠶᠢᠳᠡᠬᠦ ᠶᠢ ᠪᠠᠭᠠᠰᠬᠠᠳᠠᠭ᠃ ᠴᠢᠬᠢ ᠮᠣᠳᠣ ᠪᠣᠯ ᠡᠳᠡᠭᠡᠷᠡᠯᠲᠡ ᠶᠢᠨ ᠬᠤᠭᠤᠴᠠᠭᠠᠨ ᠳᠠᠭᠠᠨ ᠤᠰᠤ ᠳᠤᠲᠠᠭᠳᠠᠬᠤ ᠠᠴᠠ ᠪᠣᠯᠵᠤ᠂ ᠤᠰᠤᠨ ᠤ ᠰᠣᠯᠢᠯᠴᠠᠭᠠᠨ ᠤ ᠵᠣᠬᠢᠴᠠᠯ ᠢᠶᠠᠨ ᠠᠯᠳᠠᠪᠠᠯ ᠤᠷᠭᠤᠳᠠᠭ ᠦᠭᠡᠢ᠃      ⒊ ︽ᠭᠤᠷᠪᠠᠨ ᠶᠡᠭᠡ ᠨᠢᠭᠡ ᠭᠦᠨ︾ ᠠᠷᠭ᠎ᠠ ᠶᠢ ᠬᠡᠷᠡᠭᠯᠡᠵᠦ ᠣᠶᠢᠵᠢᠭᠤᠯᠤᠨ᠎ᠠ᠃ ᠳᠠᠷᠤᠢ ᠴᠢᠬᠢ ᠮᠣᠳᠣᠨ ᠨᠢ ᠶᠡᠭᠡ᠂ ᠮᠣᠳᠣᠨ ᠤ ᠬᠤᠭᠤᠷᠤᠨᠳᠤᠬᠢ ᠵᠠᠢ ᠨᠢ ᠶᠡᠭᠡ᠂ ᠭᠦᠨ ᠨᠦᠬᠡ ᠮᠠᠯᠲᠠᠵᠤ ᠵᠠᠶᠢᠯᠠᠨ᠎ᠠ᠃      ⒋ ᠰᠤᠪᠠᠭ ᠳᠠᠭᠠᠤ ᠣᠶᠢᠵᠢᠭᠤᠯᠬᠤ ᠪᠠ ᠰᠤᠪᠠᠭ ᠮᠠᠯᠲᠠᠵᠤ ᠣᠶᠢᠵᠢᠭᠤᠯᠬᠤ ᠶᠢ ᠤᠶᠠᠯᠳᠤᠭᠤᠯᠤᠨ᠎ᠠ᠃ ᠭᠠᠮᠰᠢᠭ ᠢ ᠡᠰᠡᠷᠭᠦᠴᠡᠬᠦ ᠪᠦᠲᠦᠭᠡᠨ ᠪᠠᠶᠢᠭᠤᠯᠤᠯᠲᠠ ᠬᠢᠬᠦ ᠳᠤᠮᠳᠠ ᠴᠥᠭᠡᠨ ᠪᠤᠰᠤ ᠭᠠᠵᠠᠷ ᠤᠨ ᠬᠢᠨ ᠬᠠᠯᠬᠠᠪᠴᠢ ᠣᠢ ᠭᠠᠷᠭᠠᠨ ᠰᠤᠪᠠᠭ ᠢᠶᠠᠷ ᠨᠢᠷᠤᠭᠤᠪᠴᠢ ᠪᠣᠯᠭᠠᠵᠤ ᠣᠶᠢᠵᠢᠭᠤᠯᠤᠨ ᠰᠤᠪᠠᠭ ᠨᠢ ᠬᠠᠮᠢᠭ᠎ᠠ ᠬᠦᠷᠪᠡᠯ ᠲᠡᠨᠳᠡ ᠬᠦᠷᠲᠠᠯ᠎ᠠ ᠣᠶᠢᠵᠢᠭᠤᠯᠳᠠᠭ᠃ ᠢᠩᠭᠢᠪᠡᠯ ᠮᠣᠳᠣᠨ ᠤ ᠦᠨᠳᠦᠰᠦ ᠶᠢᠨ ᠰᠢᠰᠲ᠋ᠧᠮ ᠨᠢ ᠤᠰᠤ ᠬᠠᠳᠠᠭᠠᠯᠠᠬᠤ ᠪᠠᠷ ᠰᠠᠶᠢᠨ᠂ ᠡᠳᠡᠭᠡᠷᠡᠯᠲᠡ ᠶᠢᠨ ᠨᠣᠷᠮ᠎ᠠ ᠨᠢ ᠥᠨᠳᠥᠷ᠂ ᠮᠣᠳᠣᠨ ᠮᠠᠲ᠋ᠧᠷᠢᠶᠠᠯ ᠪᠣᠯᠬᠤ ᠨᠢ ᠲᠦᠷᠭᠡᠨ ᠮᠥᠷᠲᠡᠭᠡᠨ ᠬᠠᠯᠬᠠᠪᠴᠢ ᠣᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ ᠴᠢᠳᠠᠳᠠᠭ ᠶᠤᠮ᠃ 
ᠢᠷᠡᠯᠲᠡ᠄ ︽ᠮᠠᠯ ᠲᠠᠷᠢᠶᠠᠠᠯᠠᠩ ᠤᠨ ᠭᠡᠷᠡᠭᠯᠡᠬᠡᠨ ᠤ ᠰᠢᠨ᠎ᠡ ᠮᠡᠷᠭᠡᠵᠢᠯ︾ ᠨᠤᠮ ᠠᠴᠠ ᠪᠠᠭᠤᠯᠭᠠᠪᠠ