| ᠰᠢᠨᠬᠤᠸᠠ ᠬᠤᠷᠢᠶᠠᠨ ᠤ ᠪᠡᠭᠡᠵᠢᠩ ᠤᠨ 5 ᠳ᠋ᠤᠭᠠᠷ ᠰᠠᠷ᠎ᠠ ᠶᠢᠨ 5 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ ᠯᠢ ᠴᠢᠶᠠᠩ 5 ᠳ᠋ᠤᠭᠠᠷ ᠰᠠᠷ᠎ᠠ ᠶᠢᠨ 5 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ | ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠢ ᠲᠦᠷᠭᠡᠪᠴᠢᠯᠡᠨ ᠬᠥᠭᠵᠢᠭᠦᠯᠬᠦ ᠲᠤᠬᠠᠢ ᠰᠠᠨᠠᠯ ᠢ ᠬᠢᠨᠠᠨ ᠵᠥᠪᠯᠡᠵᠦ ᠪᠠᠲᠤᠯᠠᠪᠠ︔ ᠴᠠᠬᠢᠯᠭᠠᠨ ᠴᠡᠨᠡᠭᠯᠡᠬᠦ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠥᠳᠡᠭᠡ ᠪᠠᠭᠤᠯᠭᠠᠬᠤ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠨᠡᠩ ᠰᠠᠶᠢᠲᠤᠷ ᠳᠡᠮᠵᠢᠬᠦ ᠲᠤᠬᠠᠢ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠢ ᠬᠥᠭᠵᠢᠭᠦᠯᠬᠦ ᠪᠣᠯ ᠠᠵᠤ ᠦᠢᠯᠡᠰ ᠤᠨ ᠳᠤᠮᠳᠠ ᠳᠡᠭᠡᠳᠦ | ᠲᠦᠪᠰᠢᠨ ᠲᠡᠶᠢᠰᠢ ᠳᠡᠪᠰᠢᠬᠦ ᠶᠢ ᠠᠬᠢᠭᠤᠯᠬᠤ᠂ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠣᠯᠣᠨ ᠠᠮᠤᠷ | ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠣᠨ᠎ᠠ᠃ ᠡᠨᠡ ᠨᠢ ᠬᠠᠮᠵᠢᠯᠴᠠᠨ ᠰᠢᠨ᠎ᠡ ᠶᠢ ᠡᠭᠦᠳᠬᠦ᠂ ᠴᠢᠳᠠᠪᠤᠷᠢᠲᠠᠨ ᠢ ᠴᠤᠭᠯᠠᠷᠠᠭᠤᠯᠬᠤ | ᠂ ᠥᠪᠡᠷ ᠤᠨ ᠦᠷᠳᠡᠭ ᠢ ᠪᠠᠭᠤᠷᠠᠭᠤᠯᠵᠤ ᠦᠷ᠎ᠡ ᠠᠰᠢᠭ ᠢ ᠨᠡᠮᠡᠭᠳᠡᠭᠦᠯᠬᠦ ᠵᠡᠷᠭᠡ ᠬᠡᠪᠴᠢᠶᠡᠵᠢᠭᠰᠡᠨ ᠨᠥᠯᠥᠭᠡ ᠦᠢᠯᠡᠳᠦᠯ ᠪᠣᠯᠣᠨ ᠥᠷᠢᠰᠦᠯᠳᠦᠭᠡᠨ ᠤ ᠳᠠᠪᠠᠭᠤᠯᠢᠭ ᠢ | ᠪᠦᠷᠢᠯᠳᠦᠭᠦᠯᠬᠦ ᠳᠤ ᠠᠰᠢᠭᠲᠠᠢ ᠶᠤᠮ᠃ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠢ ᠬᠥᠭᠵᠢᠭᠦᠯᠬᠦ ᠶᠢ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠪᠦᠬᠦ | ᠤᠯᠤᠰ ᠢᠶᠠᠷ ᠢᠶᠠᠨ ᠨᠢᠭᠡ ᠬᠥᠯᠭᠡ ᠰᠢᠲᠠᠷ᠎ᠠ ᠮᠡᠲᠦ ᠪᠠᠶᠢᠬᠤ ᠶᠢ ᠪᠠᠷᠢᠮᠲᠠᠯᠠᠵᠤ᠂ ᠡᠯ᠎ᠡ ᠭᠠᠵᠠᠷ ᠤᠨ ᠬᠢᠨ ᠢ ᠬᠥᠲᠥᠯᠥᠨ ᠵᠢᠯᠤᠭᠤᠳᠴᠤ ᠪᠠᠶᠢᠭᠠᠳ ᠬᠠᠷᠢᠴᠠᠩᠭᠤᠢ | ᠳᠠᠪᠠᠭᠤᠯᠢᠭ ᠢᠶᠠᠨ ᠪᠠᠳᠠᠷᠠᠭᠤᠯᠵᠤ᠂ ᠲᠤᠰᠬᠠᠶᠢᠵᠢᠭᠤᠯᠬᠤ᠂ ᠵᠦᠷᠢᠶᠡᠵᠢᠬᠦᠯᠬᠦ᠂ ᠣᠨᠴᠠᠯᠢᠬᠵᠢᠭᠤᠯᠬᠤ ᠲᠠᠯ᠎ᠠ ᠪᠠᠷ ᠬᠦᠴᠦ ᠲᠠᠯᠪᠢᠵᠤ᠂ ᠬᠢᠬᠦ ᠴᠢᠬᠤᠯᠠᠲᠠᠢ ᠶᠢ ᠨᠢ ᠬᠢᠵᠦ | ᠴᠢᠬᠤᠯᠠ ᠦᠭᠡᠢ ᠶᠢ ᠨᠢ ᠦᠯᠦ ᠬᠢᠬᠦ ᠶᠢ ᠭᠦᠢᠴᠡᠳᠬᠡᠬᠦ ᠬᠡᠷᠡᠭᠲᠡᠢ᠃ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ ᠪᠠ ᠰᠢᠨ᠎ᠡ ᠪᠠᠷ | ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠮᠡᠷᠭᠡᠵᠢᠯ ᠤᠨ ᠰᠢᠨᠡᠴᠢᠯᠡᠯᠲᠡ ᠬᠢᠬᠦ ᠪᠠ | ᠤᠯᠠᠷᠢᠭᠤᠯᠤᠨ ᠬᠡᠷᠡᠭᠯᠡᠬᠦ ᠶᠢ ᠠᠬᠢᠭᠤᠯᠵᠤ᠂ ᠳᠡᠭᠡᠳᠦ ᠲᠡᠰ ᠤᠨ᠂ ᠣᠶᠤᠨᠴᠢᠯᠠᠭᠰᠠᠨ᠂ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ | ᠴᠢᠨᠠᠷ ᠰᠠᠶᠢᠲᠠᠢ ᠠᠵᠤ ᠠᠬᠤᠶᠢᠯᠠᠯ ᠤᠨ ᠬᠠᠮᠲᠤᠯᠢᠭ ᠢ ᠪᠤᠵᠠᠭᠠᠶᠢᠷᠠᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠬᠤ | ᠬᠡᠷᠡᠭᠲᠡᠢ᠃ ᠪᠦᠲᠦᠮᠵᠢᠲᠡᠢ ᠵᠠᠬ᠎ᠠ ᠳᠡᠯᠭᠡᠭᠦᠷ ᠪᠣᠯᠣᠨ ᠠᠵᠢᠯ ᠦᠢᠯᠡᠰᠴᠢ ᠵᠠᠰᠠᠭ ᠤᠨ ᠣᠷᠳᠣᠨ ᠢ ᠨᠡᠩ ᠰᠠᠶᠢᠲᠤᠷ ᠤᠶᠠᠯᠳᠤᠭᠤᠯᠬᠤ ᠶᠢ ᠪᠠᠷᠢᠮᠲᠠᠯᠠᠵᠤ᠂ ᠠᠵᠤ | ᠦᠢᠯᠡᠰ ᠤᠨ ᠬᠥᠭᠵᠢᠯᠲᠡ ᠶᠢᠨ ᠰᠠᠶᠢᠨ ᠰᠠᠶᠢᠬᠠᠨ ᠠᠮᠢ ᠠᠬᠤᠢ ᠶᠢ ᠬᠦᠴᠦᠯᠡᠨ ᠪᠤᠢ ᠪᠣᠯᠭᠠᠬᠤ ᠬᠡᠷᠡᠭᠲᠡᠢ ᠭᠡᠵᠡᠢ᠃ ᠬᠤᠷᠠᠯ ᠠᠴᠠ᠂ ᠬᠥᠳᠡᠭᠡ ᠲᠣᠰᠬᠤᠨ ᠤ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠣᠷᠣᠨ ᠵᠠᠢ ᠥᠷᠭᠡᠨ ᠠᠭᠤᠳᠠᠮ ᠪᠠᠶᠢᠵᠤ᠂ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠨᠢ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠴᠤ ᠬᠡᠷᠡᠭᠯᠡᠬᠦ ᠶᠢ ᠠᠬᠢᠭᠤᠯᠵᠤ᠂ ᠬᠥᠳᠡᠭᠡ ᠲᠣᠰᠬᠤᠨ ᠤ | ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠬᠤ ᠳᠤ ᠠᠰᠢᠭᠲᠠᠢ ᠪᠠᠷ ᠪᠠᠷᠠᠬᠤ ᠦᠭᠡᠢ ᠬᠥᠳᠡᠭᠡ ᠲᠣᠰᠬᠤᠨ ᠤ ᠵᠢᠭᠤᠯᠴᠢᠯᠠᠯ ᠵᠡᠷᠭᠡ ᠰᠢᠨ᠎ᠡ ᠡᠵᠡᠩᠨᠡᠯᠲᠡ ᠶᠢᠨ | ᠬᠡᠯᠪᠡᠷᠢ ᠶᠢ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠳᠤ ᠠᠰᠢᠭᠲᠠᠢ ᠶᠤᠮ ᠭᠡᠵᠦ | ᠵᠢᠭᠠᠵᠤ ᠭᠠᠷᠭᠠᠪᠠ᠃ | ᠬᠤᠷᠠᠯ ᠠᠴᠠ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ | ᠲᠡᠷᠭᠡ ᠶᠢ ᠬᠥᠳᠡᠭᠡ ᠪᠠᠭᠤᠯᠭᠠᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠡᠩ ᠰᠠᠶᠢᠲᠤᠷ ᠳᠡᠮᠵᠢᠬᠦ ᠲᠤᠬᠠᠢ ᠬᠡᠷᠡᠭᠵᠢᠭᠦᠯᠬᠦ ᠰᠠᠨᠠᠯ ᠢ ᠬᠢᠨᠠᠨ | ᠵᠥᠪᠯᠡᠵᠦ ᠪᠠᠲᠤᠯᠠᠪᠠ᠃ ᠬᠤᠷᠠᠯ ᠠᠴᠠ ᠪᠠᠰᠠ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠥᠳᠡᠭᠡ ᠪᠠᠭᠤᠯᠭᠠᠬᠤ ᠶᠢ ᠬᠢᠵᠠᠭᠠᠷᠯᠠᠵᠤ ᠪᠠᠶᠢᠭ᠎ᠠ ᠲᠣᠪᠤᠶᠢᠮ᠎ᠠ ᠪᠣᠭᠤᠮᠢ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢ ᠵᠣᠬᠢᠬᠤ ᠬᠡᠮᠵᠢᠶ᠎ᠡ ᠪᠠᠷ ᠤᠷᠢᠳᠴᠢᠯᠠᠨ ᠪᠦᠲᠦᠭᠡᠨ | ᠪᠠᠶᠢᠭᠤᠯᠵᠤ᠂ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ᠂ ᠠᠵᠢᠯᠯᠠᠭᠤᠯᠤᠨ ᠡᠵᠡᠩᠨᠡᠬᠦ᠂ ᠠᠷᠠᠴᠢᠯᠠᠨ ᠬᠠᠮᠠᠭᠠᠯᠠᠬᠤ ᠵᠠᠭᠪᠤᠷ ᠲᠤ | ᠰᠢᠨ᠎ᠡ ᠶᠢ ᠡᠭᠦᠳᠴᠦ᠂ ︽ᠪᠠᠶᠢᠭᠤᠯᠬᠤ ᠬᠥᠮᠥᠨ ᠲᠠᠢ᠂ ᠬᠠᠮᠢᠶᠠᠷᠬᠤ ᠬᠥᠮᠥᠨ ᠲᠠᠢ᠂ ᠦᠷᠭᠦᠯᠵᠢᠯᠡᠭᠦᠯᠵᠤ ᠴᠢᠳᠠᠬᠤ︾ ᠶᠢ ᠪᠠᠲᠤᠯᠠᠬᠤ ᠬᠡᠷᠡᠭᠲᠡᠢ᠃ ᠠᠵᠤ | ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠪᠣᠷᠤᠯᠠᠭᠤᠯᠭ᠎ᠠ ᠶᠢᠨ ᠦᠢᠯᠡᠴᠢᠯᠡᠭᠡᠨ ᠤ ᠰᠦᠯᠵᠢᠶ᠎ᠡ ᠶᠢ ᠳᠣᠷᠣᠭᠰᠢ ᠪᠠᠭᠤᠯᠭᠠᠵᠤ᠂ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠶᠢᠨ ᠬᠥᠳᠡᠭᠡ ᠲᠣᠰᠬᠤᠨ ᠳᠤ ᠬᠠᠨᠳᠤᠭᠤᠯᠤᠨ ᠵᠠᠰᠠᠪᠤᠷᠢ ᠠᠷᠠᠴᠢᠯᠠᠭᠠᠨ ᠤ ᠮᠡᠷᠭᠡᠵᠢᠯᠲᠡᠨ ᠬᠥᠮᠥᠵᠢᠭᠦᠯᠬᠦ ᠶᠢ ᠵᠣᠷᠢᠭᠵᠢᠭᠤᠯᠵᠤ᠂ | ᠲᠠᠰᠤᠷᠠᠯᠲᠠ ᠦᠭᠡᠢ ᠨᠡᠮᠡᠭᠳᠡᠵᠦ ᠪᠠᠶᠢᠭ᠎ᠠ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠬᠡᠷᠡᠭᠴᠡᠭᠡ ᠶᠢ ᠬᠠᠩᠭᠠᠬᠤ ᠬᠡᠷᠡᠭᠲᠡᠢ᠃ | ᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠤᠳᠠᠯᠳᠤᠨ ᠠᠪᠴᠤ ᠬᠡᠷᠡᠭᠯᠡᠬᠦ ᠶᠢ ᠳᠡᠮᠵᠢᠬᠦ ᠲᠦᠷᠦ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠤ | ᠠᠬᠤᠶᠢᠯᠠᠯ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠠᠩᠭᠠᠯᠭ᠎ᠠ ᠪᠠᠨ ᠪᠠᠶᠠᠯᠢᠭᠵᠢᠭᠤᠯᠬᠤ ᠶᠢ ᠵᠣᠷᠢᠭᠵᠢᠭᠤᠯᠬᠤ ᠶᠢᠨ ᠬᠠᠮᠲᠤ ᠠᠶᠤᠯ ᠦᠭᠡᠢ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |