ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 5 ᠰᠠᠷ᠎ᠠ ᠶᠢᠨ 29 ᠤ ᠦᠳᠡ ᠶᠢᠨ ᠬᠤᠶᠢᠨ᠎ᠠ ᠰᠤᠷᠭᠠᠨ ᠬᠥᠮᠦᠵᠢᠯ ᠤᠨ | ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠤᠬᠠᠢ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ᠂ ᠰᠤᠷᠭᠠᠨ ᠬᠥᠮᠦᠵᠢᠯ ᠬᠥᠭᠵᠢᠪᠡᠯ ᠤᠯᠤᠰ ᠮᠠᠨᠳᠤᠵᠤ᠂ ᠰᠤᠷᠭᠠᠨ ᠬᠥᠮᠦᠵᠢᠯ | ᠬᠦᠴᠦᠷᠬᠡᠭᠵᠢᠪᠡᠯ ᠤᠯᠤᠰ ᠬᠦᠴᠦᠷᠬᠡᠭᠵᠢᠨ᠎ᠡ᠃ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ ᠨᠡᠶᠢᠭᠡᠮ ᠵᠢᠷᠤᠮᠲᠤ | ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠪᠠᠶᠢᠯᠳᠤᠬᠤ ᠪᠣᠳᠣᠯᠭ᠎ᠠ ᠶᠢᠨ ᠵᠠᠮᠴᠢᠯᠠᠭᠴᠢ ᠮᠥᠨ᠂ ᠥᠨᠳᠥᠷ ᠲᠦᠪᠰᠢᠨ | ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠶᠢᠨ ᠴᠢᠬᠤᠯᠠ ᠲᠤᠯᠭᠠᠭᠤᠷᠢᠯᠠᠯ ᠮᠥᠨ᠂ | ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠠᠬᠢᠭᠤᠯᠬᠤ ᠶᠢᠨ ᠪᠦᠲᠦᠮᠵᠢᠲᠡᠢ ᠠᠷᠭ᠎ᠠ ᠵᠠᠮ ᠮᠥᠨ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠰᠠᠭᠤᠷᠢ ᠢᠨᠵᠧᠨᠧᠷᠢᠩ ᠮᠥᠨ᠃ | ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠨ ᠰᠤᠷᠭᠠᠨ ᠬᠥᠮᠦᠵᠢᠯ ᠢ | ᠬᠥᠭᠵᠢᠭᠦᠯᠬᠦ ᠶᠢ ᠪᠠᠷᠢᠮᠲᠠᠯᠠᠨ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠪᠠᠶᠢᠷᠢᠰᠢᠭᠤᠯᠵᠤ᠂ ᠬᠤᠪᠢᠰᠤᠯᠲᠠ ᠶᠢ ᠬᠦᠴᠦᠲᠡᠢ ᠠᠷᠭᠠᠴᠠᠭᠠᠵᠤ᠂ ᠰᠢᠨ᠎ᠡ ᠪᠠᠶᠢᠳᠠᠯ ᠢ | ᠬᠦᠴᠦᠯᠡᠨ ᠨᠡᠭᠡᠭᠡᠵᠦ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠰᠤᠷᠭᠠᠨ ᠬᠥᠮᠦᠵᠢᠯ ᠤᠨ ᠬᠦᠴᠦᠨ ᠢᠶᠠᠷ ᠠᠷᠠᠳ ᠲᠦᠮᠡᠨ ᠤ | ᠵᠣᠯ ᠵᠢᠷᠭᠠᠯ ᠤᠨ ᠦᠨᠳᠦᠰᠦ ᠶᠢ ᠪᠠᠲᠤᠳᠬᠠᠵᠤ᠂ ᠰᠤᠷᠭᠠᠨ ᠬᠥᠮᠦᠵᠢᠯ ᠤᠨ ᠬᠦᠴᠦᠷᠬᠡᠭᠵᠢᠯ ᠢᠶᠠᠷ ᠤᠯᠤᠰ ᠣᠷᠣᠨ ᠤ ᠪᠠᠶᠠᠨ ᠬᠦᠴᠦᠷᠬᠡᠭ ᠤᠨ ᠰᠠᠭᠤᠷᠢ ᠶᠢ | ᠪᠠᠬᠢᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠲᠦᠯᠬᠢᠨ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ | ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠴᠢᠩᠬᠤᠸᠠ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ | ᠴᠢᠦ ᠶᠦᠩ ᠡᠨᠡ ᠬᠦ ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ ᠳᠤᠷᠠᠳᠪᠠ᠃ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ | ᠨᠥᠬᠦᠳ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃ | ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ ᠨᠠᠮ ᠤᠨ ᠲᠥᠪ ᠬᠤᠷᠢᠶ᠎ᠠ ᠰᠤᠷᠭᠠᠨ ᠬᠥᠮᠦᠵᠢᠯ ᠢ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠪᠤᠯᠭᠠᠬᠤ ᠶᠢ ᠪᠠᠷᠢᠮᠲᠠᠯᠠᠵᠤ᠂ | ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠬᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠭᠠᠷᠭᠠᠵᠤ᠂ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠣᠯᠬᠤ᠂ ᠪᠠᠶᠢᠷᠢᠰᠢᠯ ᠤᠨ | ᠴᠢᠨᠠᠷᠲᠠᠢ ᠬᠤᠪᠢᠷᠠᠯᠲᠠ ᠭᠠᠷᠬᠤ ᠶᠢ ᠠᠬᠢᠭᠤᠯᠪᠠ᠃ ᠮᠠᠨ ᠤ ᠤᠯᠤᠰ ᠨᠢᠭᠡᠨᠲᠡ ᠳᠡᠯᠡᠬᠡᠢ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ ᠰᠤᠷᠭᠠᠨ ᠬᠥᠮᠦᠵᠢᠯ ᠤᠨ | ᠰᠢᠰᠲ᠋ᠧᠮ ᠢ ᠪᠠᠶᠢᠭᠤᠯᠵᠤ᠂ ᠰᠤᠷᠭᠠᠨ ᠬᠥᠮᠦᠵᠢᠯ ᠤᠨ ᠣᠳᠣᠬᠢᠴᠢᠯᠠᠭᠰᠠᠨ ᠬᠥᠭᠵᠢᠯᠲᠡ ᠶᠢᠨ ᠶᠡᠷᠦᠩᠬᠡᠢ ᠲᠦᠪᠰᠢᠨ ᠳᠡᠯᠡᠬᠡᠢ ᠶᠢᠨ ᠳᠤᠮᠳᠠ ᠳᠡᠭᠡᠳᠦ ᠤᠯᠤᠰ ᠤᠨ | ᠡᠩᠨᠡᠭᠡᠨ ᠳᠤ ᠣᠷᠣᠪᠠ᠃ ᠵᠢᠱᠢᠵᠦ ᠪᠤᠳᠣᠬᠰᠠᠨ ᠢᠶᠠᠷ ᠮᠠᠨ ᠤ ᠤᠯᠤᠰ ᠤᠨ ᠣᠳᠣᠬᠠᠨ ᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠭᠦᠢᠴᠡᠳᠬᠡᠯ ᠲᠤᠭ᠎ᠠ | ᠪᠦᠭᠦ ᠳᠡᠯᠡᠬᠡᠢ ᠶᠢᠨ 23 ᠳ᠋ᠤᠭᠠᠷ ᠲᠤ ᠣᠷᠣᠵᠤ᠂ 2012 ᠣᠨ ᠤ ᠬᠢ ᠠᠴᠠ 26 ᠪᠠᠶᠢᠷᠢ ᠡᠮᠦᠨᠡᠰᠢᠯᠡᠵᠦ᠂ ᠳᠠᠪᠰᠢᠯᠲᠠ ᠪᠠᠷ ᠬᠠᠮᠤᠭ ᠤᠨ ᠲᠦᠷᠭᠡᠨ ᠤᠯᠤᠰ | ᠪᠣᠯᠵᠠᠢ᠃ ᠡᠨᠡ ᠨᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠵᠠᠮ ᠪᠣᠯ ᠪᠦᠷᠢᠮᠦᠰᠦᠨ ᠵᠥᠪ | ᠪᠤᠯᠬᠤ ᠶᠢ ᠭᠦᠢᠴᠡᠳ ᠭᠡᠷᠡᠴᠢᠯᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠪᠢᠳᠠ ᠤ ᠪᠦᠲᠦᠭᠡᠨ ᠪᠠᠶᠢᠭᠤᠯᠬᠤ ᠭᠡᠵᠦ ᠪᠠᠶᠢᠭ᠎ᠠ ᠰᠤᠷᠭᠠᠨ ᠬᠥᠮᠦᠵᠢᠯ ᠤᠨ ᠬᠦᠴᠦᠷᠬᠡᠭ ᠤᠯᠤᠰ ᠪᠣᠯ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠮᠥᠨ᠂ ᠡᠷᠬᠡᠪᠰᠢ ᠰᠤᠷᠭᠠᠨ ᠬᠥᠮᠦᠵᠢᠯ ᠤᠨ ᠦᠢᠯᠡᠰ ᠲᠠᠬᠢ ᠨᠠᠮ ᠤᠨ ᠪᠦᠭᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠠᠷ ᠦᠨᠳᠦᠰᠦᠨ ᠪᠠᠲᠤᠯᠠᠭ᠎ᠠ ᠪᠤᠯᠭᠠᠵᠤ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠪᠠᠷ ᠦᠨᠳᠦᠰᠦᠨ | ᠡᠭᠦᠷᠭᠡ ᠪᠤᠯᠭᠠᠵᠤ᠂ ᠨᠠᠮ ᠤᠨ ᠲᠥᠯᠥᠭᠡ ᠬᠥᠮᠥᠨ ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠥᠵᠢᠭᠦᠯᠬᠦ ᠪᠠᠷ ᠦᠨᠳᠦᠰᠦᠨ ᠬᠠᠷᠠᠯᠲᠠ ᠪᠤᠯᠭᠠᠵᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠦᠢᠯᠡᠴᠢᠯᠡᠬᠦ ᠪᠠᠷ ᠴᠢᠬᠤᠯᠠ ᠡᠭᠦᠷᠭᠡ ᠪᠤᠯᠭᠠᠵᠤ᠂ ᠰᠤᠷᠭᠠᠨ ᠬᠥᠮᠦᠵᠢᠯ ᠤᠨ | ᠣᠶᠢᠯᠠᠭᠠᠭᠳᠠᠬᠤᠨ᠂ ᠰᠢᠰᠲ᠋ᠧᠮ᠂ ᠳᠦᠷᠢᠮ᠂ ᠠᠭᠤᠯᠭ᠎ᠠ᠂ ᠠᠷᠭ᠎ᠠ᠂ ᠵᠠᠰᠠᠯᠲᠠ ᠶᠢᠨ ᠣᠳᠣᠬᠢᠴᠢᠯᠠᠯᠲᠠ ᠪᠠᠷ ᠦᠨᠳᠦᠰᠦᠨ ᠠᠷᠭ᠎ᠠ ᠵᠠᠮ ᠪᠤᠯᠭᠠᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠤᠯᠭᠠᠭᠤᠷᠢᠯᠠᠨ ᠬᠥᠲᠥᠯᠥᠨ ᠳᠠᠭᠠᠭᠤᠯᠬᠤ ᠪᠠᠷ ᠭᠤᠣᠯ ᠦᠢᠯᠡᠳᠦᠯ ᠴᠢᠳᠠᠪᠤᠷᠢ ᠪᠤᠯᠭᠠᠬᠤ ᠬᠡᠷᠡᠭᠲᠡᠢ ᠪᠠᠶᠢᠵᠤ᠂ | ᠡᠴᠦᠰ ᠤᠨ ᠬᠠᠷᠠᠯᠲᠠ ᠪᠣᠯ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠭᠦ ᠶᠠᠪᠤᠳᠠᠯ ᠪᠣᠯᠣᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠶᠠᠮᠠᠷ ᠬᠥᠮᠥᠨ ᠢ ᠬᠥᠮᠥᠵᠢᠭᠦᠯᠬᠦ᠂ ᠬᠥᠮᠥᠨ ᠢ ᠬᠡᠷᠬᠢᠨ ᠬᠥᠮᠥᠵᠢᠭᠦᠯᠬᠦ᠂ ᠬᠡᠨ ᠤ ᠲᠥᠯᠥᠭᠡ ᠬᠥᠮᠥᠵᠢᠭᠦᠯᠬᠦ ᠪᠣᠯ ᠰᠤᠷᠭᠠᠨ | ᠬᠥᠮᠦᠵᠢᠯ ᠤᠨ ᠦᠨᠳᠦᠰᠦᠨ ᠠᠰᠠᠭᠤᠳᠠᠯ ᠪᠣᠯᠣᠨ᠎ᠠ᠂ ᠪᠠᠰᠠ ᠴᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠭᠤᠣᠯ ᠰᠡᠳᠦᠪ ᠪᠣᠯᠣᠨ᠎ᠠ | ᠃ ᠮᠠᠨ ᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠵᠣᠷᠢᠯᠭ᠎ᠠ ᠪᠣᠯ ᠳᠠᠷᠤᠢ ᠶᠣᠰᠣ ᠰᠤᠷᠲᠠᠬᠤᠨ ᠤᠶᠤᠨ ᠤᠬᠠᠭᠠᠨ ᠪᠡᠶ᠎ᠡ | ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠦᠶ᠎ᠡ ᠦᠶ᠎ᠡ ᠶᠢᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ | ᠵᠠᠯᠭᠠᠮᠵᠢᠯᠠᠭᠴᠢ ᠶᠢ ᠬᠥᠮᠥᠵᠢᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠶᠡᠭᠡ ᠬᠡᠷᠡᠭᠴᠡᠭᠡ ᠲᠠᠢ᠂ ᠬᠦᠨᠳᠦ ᠡᠭᠦᠷᠭᠡ ᠶᠢ | ᠡᠭᠦᠷᠭᠡᠯᠡᠵᠦ ᠳᠡᠶᠢᠯᠭᠦ ᠲᠤᠯᠭᠠᠭᠤᠷᠢ ᠬᠦᠴᠦᠨ ᠪᠤᠯᠬᠤ ᠦᠶ᠎ᠡ ᠦᠶ᠎ᠡ ᠶᠢᠨ ᠴᠢᠳᠠᠪᠤᠷᠢᠲᠠᠨ ᠢ ᠬᠥᠮᠥᠵᠢᠭᠦᠯᠵᠦ᠂ ᠨᠠᠮ ᠤᠨ ᠦᠢᠯᠡᠰ ᠪᠠ ᠨᠡᠶᠢᠭᠡᠮ ᠵᠢᠷᠤᠮ ᠤᠨ | ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠵᠠᠯᠭᠠᠮᠵᠢᠯᠠᠭᠴᠢ ᠲᠠᠢ ᠪᠠᠶᠢᠬᠤ ᠶᠢ ᠦᠨᠡᠨ ᠬᠦ ᠪᠠᠲᠤᠯᠠᠬᠤ ᠶᠠᠪᠤᠳᠠᠯ ᠪᠣᠯᠣᠨ᠎ᠠ᠃ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠥᠨ ᠢ ᠬᠥᠮᠥᠵᠢᠭᠦᠯᠬᠦ ᠶᠢ | ᠴᠥᠬᠦᠷᠡᠰᠢ ᠦᠭᠡᠢ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠬᠥᠮᠦᠵᠢᠯ ᠢ ᠬᠦᠴᠦᠯᠡᠨ ᠴᠢᠩᠭᠠᠳᠬᠠᠵᠤ᠂ ᠰᠤᠷᠤᠬᠴᠢᠳ ᠢ | ᠬᠥᠲᠥᠯᠥᠨ ᠵᠢᠯᠤᠭᠤᠳᠴᠤ ᠡᠷᠡᠰ ᠪᠠᠲᠤ ᠬᠦᠰᠡᠯᠡᠩ ᠢᠲᠡᠭᠡᠯ ᠪᠢᠰᠢᠷᠡᠯ ᠲᠠᠢ ᠪᠤᠯᠭᠠᠵᠤ᠂ ᠡᠭᠦᠷᠢᠳᠡ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ᠂ ᠤᠯᠤᠰ | ᠪᠣᠯᠣᠨ ᠠᠷᠠᠳ ᠲᠦᠮᠡᠨ ᠳᠡᠭᠡᠨ ᠬᠤᠪᠢ ᠨᠡᠮᠡᠷᠢ ᠦᠵᠡᠭᠦᠯᠭᠦ ᠪᠠᠷ ᠵᠣᠷᠢᠭ ᠰᠢᠭᠤᠳᠬᠤ ᠪᠤᠯᠭᠠᠬᠤ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ | ᠪᠠᠷᠢᠮᠲᠠᠯᠠᠵᠤ᠂ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ | ᠠᠬᠢᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠬᠠᠨᠳᠤᠯᠭᠠᠲᠤ ᠴᠢᠨᠠᠷ ᠪᠠ ᠲᠠᠲᠠᠬᠤ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ ᠰᠦᠯᠵᠢᠶ᠎ᠡ ᠪᠠᠷ | ᠬᠥᠮᠥᠨ ᠬᠥᠮᠥᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠢᠨᠲ᠋ᠧᠷ ᠰᠦᠯᠵᠢᠶᠡᠨ ᠤ ᠴᠠᠭ ᠦᠶ᠎ᠡ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ | ᠠᠵᠢᠯ ᠪᠠ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠪᠠᠷ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠦᠵᠢᠯ ᠤᠨ ᠠᠮᠢᠨ ᠰᠤᠳᠠᠰᠤ ᠪᠤᠯᠭᠠᠬᠤ ᠶᠢ | ᠪᠠᠷᠢᠮᠲᠠᠯᠠᠵᠤ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ | ᠪᠦᠲᠦᠭᠡᠨ ᠪᠠᠶᠢᠭᠤᠯᠬᠤ ᠶᠢᠨ ᠦᠨᠳᠦᠰᠦᠨ ᠴᠡᠭ ᠨᠢ ᠰᠠᠭᠤᠷᠢ ᠰᠤᠷᠭᠠᠨ ᠬᠥᠮᠦᠵᠢᠯ ᠳᠤ ᠪᠤᠢ᠃ ᠰᠠᠭᠤᠷᠢ ᠰᠤᠷᠭᠠᠨ ᠬᠥᠮᠦᠵᠢᠯ ᠢ ᠬᠡᠳᠦᠢ ᠯᠠᠪᠳᠠᠭᠤᠨ ᠪᠠᠲᠤᠲᠠᠢ ᠬᠢᠬᠦ | ᠲᠤᠲᠤᠮ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠠᠯᠬᠤᠴᠠ ᠲᠡᠳᠦᠢ ᠯᠠᠪᠳᠠᠭᠤᠨ ᠪᠣᠯᠵᠤ᠂ ᠨᠥᠭᠡᠴᠡ ᠬᠦᠴᠦᠨ ᠨᠢ ᠲᠡᠳᠦᠢ ᠲᠡᠭᠦᠯᠳᠡᠷ ᠪᠣᠯᠣᠨ᠎ᠠ᠃ | ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠲᠠᠢ ᠠᠮᠤᠷ ᠲᠦᠪᠰᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠭᠦᠯᠬᠦ ᠪᠠ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠶᠢ | ᠠᠬᠢᠭᠤᠯᠬᠤ ᠬᠡᠷᠡᠭᠲᠡᠢ᠃ ᠰᠠᠭᠤᠷᠢ ᠰᠤᠷᠭᠠᠨ ᠬᠥᠮᠦᠵᠢᠯ ᠨᠢ ᠰᠤᠷᠤᠬᠴᠢᠳ ᠤᠨ ᠮᠡᠳᠡᠯᠭᠡ ᠶᠢᠨ ᠰᠠᠭᠤᠷᠢ ᠶᠢ ᠪᠠᠬᠢᠵᠢᠭᠦᠯᠬᠦ ᠪᠠᠷ ᠪᠠᠷᠠᠬᠤ ᠦᠭᠡᠢ ᠪᠠᠰᠠ | ᠰᠤᠷᠤᠬᠴᠢᠳ ᠤᠨ ᠰᠢᠨᠵᠢᠯᠡᠬᠦ ᠤᠬᠠᠭᠠᠨ ᠢ ᠡᠷᠭᠢᠮᠯᠡᠭᠦ᠂ ᠥᠯᠥ ᠮᠡᠳᠡᠬᠦ ᠵᠦᠢᠯ ᠢ ᠰᠡᠳᠬᠢᠨ ᠰᠦᠪᠡᠭᠴᠢᠯᠡᠬᠦ ᠳᠤᠷ᠎ᠠ ᠰᠣᠨᠢᠷᠬᠠᠯ ᠢ ᠬᠥᠭᠵᠢᠭᠡᠵᠦ᠂ ᠲᠡᠳᠡᠨ ᠤ ᠰᠡᠳᠬᠢᠨ | ᠰᠦᠪᠡᠭᠴᠢᠯᠡᠬᠦ ᠴᠢᠨᠠᠷᠲᠠᠢ᠂ ᠰᠢᠨ᠎ᠡ ᠶᠢ ᠡᠭᠦᠳᠬᠦ ᠴᠢᠨᠠᠷᠲᠠᠢ ᠰᠡᠳᠬᠢᠬᠦᠢ ᠶᠢᠨ ᠬᠡᠪ ᠴᠢᠨᠠᠷ ᠢ ᠬᠥᠮᠥᠵᠢᠭᠦᠯᠦᠨ᠎ᠡ᠃ ᠨᠡᠶᠢᠭᠡᠮ ᠳᠠᠶᠠᠭᠠᠷ ᠲᠤ ᠰᠢᠨᠵᠢᠯᠡᠬᠦ ᠤᠬᠠᠭᠠᠨᠴᠢ | ᠴᠢᠳᠠᠪᠤᠷᠢᠲᠠᠨ ᠤ ᠦᠵᠡᠯᠲᠡ᠂ ᠴᠢᠳᠠᠪᠤᠷᠢᠲᠠᠨ ᠪᠤᠯᠬᠤ ᠦᠵᠡᠯᠲᠡ᠂ ᠰᠤᠷᠭᠠᠨ ᠬᠥᠮᠦᠵᠢᠯ ᠤᠨ ᠦᠵᠡᠯᠲᠡ ᠶᠢ ᠪᠤᠢ ᠪᠤᠯᠭᠠᠵᠤ᠂ ᠰᠤᠷᠭᠠᠨ ᠬᠥᠮᠦᠵᠢᠯ ᠤᠨ ᠠᠰᠢᠭ | ᠬᠠᠷᠠᠬᠤ ᠬᠡᠯᠪᠡᠷᠢᠯ ᠢ ᠲᠦᠷᠭᠡᠪᠴᠢᠯᠡᠨ ᠬᠤᠪᠢᠷᠠᠭᠤᠯᠵᠤ᠂ ᠰᠤᠷᠭᠠᠨ ᠬᠥᠮᠦᠵᠢᠯ ᠤᠨ ᠡᠷᠡᠭᠦᠯ ᠰᠠᠷᠠᠭᠤᠯ ᠣᠷᠴᠢᠨ ᠨᠥᠬᠦᠴᠡᠯ ᠪᠠ ᠠᠮᠢ ᠠᠬᠤᠢ ᠶᠢ ᠪᠤᠢ ᠪᠤᠯᠭᠠᠬᠤ | ᠬᠡᠷᠡᠭᠲᠡᠢ᠃ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ᠂ ᠳᠠᠭᠠᠭᠤᠯᠤᠭᠴᠢ ᠨᠢ ᠳᠡᠭᠡᠳᠦ ᠵᠡᠷᠭᠡ ᠶᠢᠨ ᠰᠤᠷᠭᠠᠨ ᠬᠥᠮᠦᠵᠢᠯ ᠪᠣᠯᠣᠨ᠎ᠠ | ᠃ ᠳᠤᠮᠳᠠᠳᠤ ᠤᠯᠤᠰ ᠤᠨ ᠣᠨᠴᠠᠯᠢᠭ ᠲᠠᠢ᠂ ᠳᠡᠯᠡᠬᠡᠢ ᠶᠢᠨ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠪᠠ ᠳᠠᠪᠠᠭᠤᠯᠢᠭ ᠰᠢᠨᠵᠢᠯᠡᠭᠡᠨ ᠤ ᠰᠠᠯᠠᠭ᠎ᠠ ᠶᠢ ᠲᠦᠷᠭᠡᠳᠬᠡᠨ | ᠪᠠᠶᠢᠭᠤᠯᠬᠤ ᠶᠢ ᠴᠢᠬᠤᠯᠠ ᠠᠴᠠ ᠴᠢᠬᠤᠯᠠ ᠵᠦᠢᠯ ᠪᠤᠯᠭᠠᠵᠤ᠂ ᠰᠠᠭᠤᠷᠢ ᠰᠢᠨᠵᠢᠯᠡᠭᠡᠨ ᠤ ᠰᠠᠯᠠᠭ᠎ᠠ᠂ ᠰᠢᠨ᠎ᠡ ᠪᠠᠷ ᠬᠥᠭᠵᠢᠭᠰᠡᠨ ᠰᠢᠨᠵᠢᠯᠡᠭᠡᠨ ᠤ ᠰᠠᠯᠠᠭ᠎ᠠ᠂ | ᠰᠣᠯᠪᠢᠴᠠᠭᠰᠠᠨ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠶᠡᠭᠡ ᠪᠠᠷ ᠴᠢᠩᠭᠠᠳᠬᠠᠨ᠂ ᠳᠡᠯᠡᠬᠡᠢ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ | ᠬᠤᠰᠢᠭᠤᠷᠠᠯ ᠪᠠ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠳᠤ ᠴᠢᠭᠯᠡᠭᠦᠯᠦᠨ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ | ᠡᠭᠦᠳᠦᠯᠲᠡ ᠶᠢ ᠠᠬᠢᠭᠤᠯᠵᠤ᠂ ᠠᠩᠬᠠᠨ ᠤ ᠰᠢᠨ᠎ᠡ ᠶᠢ ᠡᠭᠦᠳᠬᠦ ᠴᠢᠳᠠᠪᠤᠷᠢ ᠪᠠ ᠴᠢᠳᠠᠪᠤᠷᠢᠲᠠᠨ ᠢ ᠬᠥᠮᠥᠵᠢᠭᠦᠯᠬᠦ ᠶᠠᠰᠤ ᠴᠢᠨᠠᠷ ᠢ ᠲᠠᠰᠤᠷᠠᠯᠳᠠ ᠦᠭᠡᠢ | ᠳᠡᠭᠡᠭᠰᠢᠯᠡᠭᠦᠯᠭᠦ ᠬᠡᠷᠡᠭᠲᠡᠢ᠃ ᠪᠦᠭᠦ ᠠᠷᠠᠳ ᠢᠶᠠᠷ ᠢᠶᠠᠨ ᠨᠠᠰᠤᠨ ᠲᠤᠷᠰᠢᠲᠠ ᠰᠤᠷᠤᠯᠴᠠᠬᠤ ᠰᠤᠷᠤᠯᠴᠠᠬᠤ ᠭᠡᠯᠪᠡᠷᠢ ᠶᠢᠨ ᠨᠡᠶᠢᠭᠡᠮ᠂ ᠰᠤᠷᠤᠯᠴᠠᠬᠤ ᠭᠡᠯᠪᠡᠷᠢ ᠶᠢᠨ ᠲᠣᠮᠣ | ᠤᠯᠤᠰ ᠢ ᠪᠦᠲᠦᠭᠡᠨ ᠪᠠᠶᠢᠭᠤᠯᠵᠤ᠂ ᠬᠥᠮᠥᠨ ᠪᠦᠭᠦᠨ ᠰᠤᠷᠤᠯᠴᠠᠬᠤ᠂ ᠭᠠᠵᠠᠷ ᠪᠣᠯᠭᠠᠨ ᠳᠤ ᠰᠤᠷᠤᠯᠴᠠᠵᠤ ᠳᠡᠶᠢᠯᠭᠦ᠂ ᠴᠠᠭ ᠢᠮᠠᠭᠲᠠ ᠰᠤᠷᠤᠯᠴᠠᠵᠤ ᠪᠤᠯᠬᠤ ᠶᠢ | ᠠᠬᠢᠭᠤᠯᠵᠤ᠂ ᠠᠷᠠᠳ ᠢᠷᠭᠡᠳ ᠤᠨ ᠰᠤᠷᠭᠠᠨ ᠬᠥᠮᠦᠵᠢᠯ ᠭᠦᠷᠲᠡᠭᠦ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠢ | ᠨᠡᠭᠡᠭᠡᠨ ᠬᠥᠭᠵᠢᠭᠦᠯᠬᠦ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠬᠥᠮᠥᠨ ᠤ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠶᠢ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ | ᠴᠢᠬᠤᠯᠠ ᠡᠭᠦᠷᠭᠡ ᠪᠤᠯᠭᠠᠬᠤ ᠬᠡᠷᠡᠭᠲᠡᠢ᠃ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ᠂ | ᠴᠢᠳᠠᠪᠤᠷᠢᠲᠠᠨ ᠤ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠳᠣᠲᠣᠭᠠᠳᠤ ᠨᠢᠭᠡᠳᠦᠯᠲᠦ ᠴᠢᠨᠠᠷ ᠪᠠ ᠬᠠᠷᠢᠯᠴᠠᠨ ᠲᠤᠯᠭᠠᠭᠤᠷᠢᠯᠠᠬᠤ ᠴᠢᠨᠠᠷ ᠲᠠᠢ ᠪᠠᠶᠢᠳᠠᠭ᠂ | ᠡᠨᠡ ᠭᠤᠷᠪᠠ ᠶᠢ ᠣᠷᠭᠠᠨᠢᠭ ᠢᠶᠠᠷ ᠤᠶᠠᠯᠳᠤᠭᠤᠯᠵᠤ᠂ ᠨᠢᠭᠡ ᠴᠣᠭᠴᠠᠵᠢᠭᠤᠯᠤᠨ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠬᠤᠪᠢ ᠳᠠᠭᠢᠨ ᠦᠢᠯᠡᠳᠦᠯ ᠢ ᠪᠦᠷᠢᠯᠳᠦᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ᠂ ᠢᠨᠵᠧᠨᠧᠷᠢᠩ ᠤᠨ ᠰᠤᠷᠭᠠᠨ ᠬᠥᠮᠦᠵᠢᠯ ᠢ | ᠴᠢᠨᠠᠭᠰᠢᠳᠠ ᠴᠢᠩᠭᠠᠳᠬᠠᠵᠤ᠂ ᠰᠢᠨ᠎ᠡ ᠶᠢ ᠡᠭᠦᠳᠬᠦ ᠣᠷᠦ᠋ᠢᠯᠠᠭᠰᠠᠨ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠥᠵᠢᠭᠦᠯᠬᠦ ᠶᠢ ᠴᠢᠩᠭᠠᠳᠬᠠᠵᠤ᠂ ᠮᠠᠨ ᠤ | ᠤᠯᠤᠰ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ᠃ ᠮᠠᠨ ᠤ | ᠤᠯᠤᠰ ᠤᠨ ᠡᠯ᠎ᠡ ᠲᠠᠯ᠎ᠠ ᠶᠢᠨ ᠴᠢᠳᠠᠪᠤᠷᠢᠲᠠᠨ ᠤ ᠬᠥᠭᠵᠢᠯᠲᠡ ᠶᠢᠨ ᠬᠠᠨᠳᠤᠰᠢ ᠵᠢᠴᠢ ᠳᠤᠲᠠᠭᠤᠳᠠᠯ ᠤᠨ ᠪᠠᠶᠢᠳᠠᠯ ᠢ ᠰᠢᠰᠲ᠋ᠧᠮ ᠲᠠᠢ ᠵᠠᠳᠠᠯᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠢᠨᠵᠢᠯᠡᠭᠡᠨ ᠤ ᠰᠠᠯᠠᠭ᠎ᠠ ᠶᠢᠨ ᠲᠣᠬᠢᠷᠠᠭᠤᠯᠤᠯᠲᠠ ᠶᠢ ᠬᠥᠳᠡᠯᠦᠩᠭᠦᠢ ᠪᠠᠷ ᠲᠣᠬᠢᠷᠠᠭᠤᠯᠤᠨ | ᠰᠢᠯᠢᠳᠡᠭᠵᠢᠭᠦᠯᠵᠦ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠪᠠ ᠪᠠᠴᠢᠮ ᠬᠡᠷᠡᠭᠴᠡᠭᠡ ᠲᠠᠢ ᠲᠤᠲᠠᠭᠳᠠᠵᠤ ᠪᠠᠶᠢᠭ᠎ᠠ ᠴᠢᠳᠠᠪᠤᠷᠢᠲᠠᠨ ᠢ | ᠬᠠᠷᠠᠯᠲᠠ ᠲᠠᠢ ᠪᠠᠷ ᠬᠥᠮᠥᠵᠢᠭᠦᠯᠵᠦ᠂ ᠰᠤᠷᠭᠠᠨ ᠬᠥᠮᠦᠵᠢᠯ ᠠᠴᠠ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠭᠦ ᠲᠤᠯᠭᠠᠭᠤᠷᠢᠯᠠᠬᠤ ᠬᠦᠴᠦᠨ ᠪᠠ ᠬᠤᠪᠢ ᠨᠡᠮᠡᠷᠢ | ᠦᠵᠡᠭᠦᠯᠭᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠦᠷᠭᠦᠯᠵᠢᠯᠡᠯ | ᠰᠤᠷᠭᠠᠨ ᠬᠥᠮᠦᠵᠢᠯ ᠢ ᠨᠢᠭᠡᠳᠦᠯᠲᠡᠢ ᠲᠥᠯᠥᠪᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠡᠩ ᠤᠨ ᠰᠤᠷᠭᠠᠨ ᠬᠥᠮᠦᠵᠢᠯ ᠢ ᠠᠭᠤᠰᠤᠯᠴᠠᠭᠤᠯᠬᠤ᠂ | ᠦᠢᠯᠡᠳᠪᠦᠷᠢᠯᠡᠯ ᠪᠠ ᠰᠤᠷᠭᠠᠨ ᠬᠥᠮᠦᠵᠢᠯ ᠢ ᠤᠶᠠᠯᠳᠤᠭᠤᠯᠬᠤ᠂ ᠰᠢᠨᠵᠢᠯᠡᠬᠦ ᠤᠬᠠᠭᠠᠨ ᠪᠠ ᠰᠤᠷᠭᠠᠨ ᠬᠥᠮᠦᠵᠢᠯ ᠢ ᠬᠠᠮᠵᠢᠯᠴᠠᠭᠤᠯᠬᠤ ᠶᠢ ᠠᠬᠢᠭᠤᠯᠵᠤ᠂ ᠥᠨᠳᠥᠷ | ᠬᠡᠪ ᠪᠣᠯᠪᠠᠰᠤᠷᠠᠯ ᠲᠠᠢ ᠮᠡᠷᠭᠡᠵᠢᠯ ᠤᠷ᠎ᠠ ᠴᠢᠳᠠᠪᠤᠷᠢ ᠶᠢᠨ ᠴᠢᠳᠠᠪᠤᠷᠢᠲᠠᠨ᠂ ᠶᠡᠭᠡ ᠤᠯᠤᠰ ᠤᠨ ᠤᠷᠠᠨ ᠳᠠᠷᠬᠠᠨ᠂ ᠮᠡᠷᠭᠡᠰᠢᠭᠰᠡᠨ ᠳᠠᠷᠬᠠᠨ ᠢ ᠲᠠᠰᠤᠷᠠᠯᠲᠠ ᠦᠭᠡᠢ | ᠬᠥᠮᠥᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠰᠤᠷᠭᠠᠨ ᠬᠥᠮᠦᠵᠢᠯ ᠤᠨ ᠲᠣᠮᠣ ᠤᠯᠤᠰ ᠠᠴᠠ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠪᠤᠯᠬᠤ ᠨᠢ ᠰᠢᠰᠲ᠋ᠧᠮᠲᠦ ᠴᠢᠨᠠᠷᠲᠠᠢ ᠳᠠᠪᠠᠯᠲᠠ ᠪᠠ ᠴᠢᠨᠠᠷ ᠤᠨ ᠬᠤᠪᠢᠷᠠᠯᠲᠠ ᠪᠠᠶᠢᠵᠤ᠂ ᠡᠷᠬᠡᠪᠰᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ | ᠬᠥᠳᠡᠯᠭᠡᠬᠦ ᠬᠦᠴᠦᠨ ᠪᠤᠯᠭᠠᠬᠤ ᠬᠡᠷᠡᠭᠲᠡᠢ᠃ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠬᠥᠮᠥᠨ ᠬᠥᠮᠥᠵᠢᠭᠦᠯᠬᠦ ᠭᠡᠯᠪᠡᠷᠢ᠂ ᠰᠤᠷᠭᠠᠭᠤᠯᠢ ᠡᠷᠭᠢᠯᠡᠭᠦ ᠵᠠᠭᠪᠤᠷ᠂ | ᠬᠠᠮᠢᠶᠠᠷᠤᠯᠲᠠ ᠶᠢᠨ ᠪᠠᠶᠢᠭᠤᠯᠤᠮᠵᠢ᠂ ᠪᠠᠲᠤᠯᠠᠭ᠎ᠠ ᠶᠢᠨ ᠲᠣᠭᠲᠠᠴᠠ ᠶᠢᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠤᠷᠭᠠᠨ | ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠯᠢᠪᠠ ᠦᠵᠡᠯ ᠰᠠᠨᠠᠭ᠎ᠠ ᠣᠶᠢᠯᠠᠭᠠᠭᠳᠠᠬᠤᠨ ᠤ ᠬᠦᠯᠢᠶᠡᠰᠦᠯᠡᠯ ᠪᠣᠯᠣᠨ ᠪᠠᠶᠢᠭᠤᠯᠤᠮᠵᠢ | ᠲᠣᠭᠲᠠᠴᠠ ᠶᠢᠨ ᠭᠡᠮ ᠠᠷᠬᠠᠭ ᠢ ᠡᠷᠡᠰ ᠠᠷᠢᠯᠭᠠᠵᠤ᠂ ᠰᠤᠷᠭᠠᠨ ᠬᠥᠮᠦᠵᠢᠯ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢᠨ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠬᠤ ᠶᠢ ᠰᠤᠷᠭᠠᠨ | ᠬᠥᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠯ᠎ᠡ ᠲᠠᠯ᠎ᠠ ᠡᠯ᠎ᠡ ᠭᠤᠭᠴᠤᠭ᠎ᠠ ᠳᠤ ᠠᠭᠤᠰᠬᠠᠵᠤ᠂ ᠰᠤᠷᠭᠠᠨ ᠬᠥᠮᠦᠵᠢᠯ ᠤᠨ | ᠬᠤᠳᠠ ᠬᠥᠳᠡᠭᠡ᠂ ᠣᠷᠣᠨ ᠪᠦᠰᠡ᠂ ᠰᠤᠷᠭᠠᠭᠤᠯᠢ᠂ ᠬᠥᠮᠥᠰ ᠤᠨ ᠬᠤᠭᠤᠷᠤᠨᠳᠤᠭᠢ ᠵᠥᠷᠢᠶ᠎ᠡ ᠶᠢ ᠪᠠᠭᠠᠰᠬᠠᠵᠤ᠂ ᠬᠡᠦᠬᠡᠳ ᠨᠢᠭᠡᠪᠦᠷᠢ ᠳᠤ ᠡᠷᠬᠡ ᠲᠡᠭᠰᠢ ᠪᠥᠭᠡᠳ | ᠴᠢᠨᠠᠷ ᠰᠠᠶᠢᠲᠠᠢ ᠰᠤᠷᠭᠠᠨ ᠬᠥᠮᠦᠵᠢᠯ ᠬᠦᠷᠲᠡᠭᠡᠬᠦ ᠪᠠᠷ ᠴᠢᠷᠮᠠᠶᠢᠵᠤ᠂ ᠤᠯᠠᠨ ᠲᠦᠮᠡᠨ ᠤ ︽ᠰᠤᠷᠭᠠᠭᠤᠯᠢ ᠳᠤ ᠰᠠᠭᠤᠬᠤ︾ ᠬᠡᠷᠡᠭᠴᠡᠭᠡ ᠶᠢ ᠨᠡᠩ ᠰᠠᠶᠢᠲᠤᠷ | ᠬᠠᠩᠭᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠠᠨ ᠡᠰᠢᠲᠦ ᠭᠤᠣᠯ | ᠴᠣᠭᠴᠠ ᠶᠢᠨ ᠣᠷᠣᠯᠴᠠᠬᠰᠠᠨ᠂ ᠳᠤᠮᠳᠠᠳᠤ ᠤᠯᠤᠰ ᠤᠨ ᠪᠣᠳᠠᠲᠤ ᠪᠠᠶᠢᠳᠠᠯ ᠳᠤ ᠨᠡᠶᠢᠴᠡᠭᠰᠡᠨ᠂ ᠳᠡᠯᠡᠬᠡᠢ ᠶᠢᠨ ᠲᠦᠪᠰᠢᠨ ᠪᠦᠬᠦᠢ ᠰᠤᠷᠭᠠᠨ ᠬᠥᠮᠦᠵᠢᠯ ᠤᠨ | ᠦᠨᠡᠯᠡᠯᠲᠡ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠵᠥᠪ ᠤᠯᠤᠰ | ᠲᠦᠷᠦ ᠶᠢᠨ ᠴᠢᠭᠯᠡᠯ ᠪᠠ ᠦᠷᠳᠡᠭ ᠤᠨ ᠤᠳᠤᠷᠢᠳᠤᠮᠵᠢ ᠶᠢ ᠪᠠᠲᠤ ᠡᠵᠡᠮᠳᠡᠵᠦ᠂ ᠦᠨᠳᠦᠰᠦ ᠶᠢ ᠪᠤᠶᠢᠵᠢᠭᠤᠯᠵᠤ ᠰᠦᠭ ᠰᠦᠨᠡᠰᠦ ᠶᠢ ᠱᠤᠭᠤᠬᠤ᠂ ᠤᠶᠤᠨ | ᠤᠬᠠᠭᠠᠨ ᠢ ᠰᠡᠩᠬᠡᠷᠡᠭᠦᠯᠦᠨ ᠨᠡᠮᠡᠭᠳᠡᠭᠦᠯᠬᠦ ᠰᠣᠳᠣᠨ ᠵᠢᠭᠠᠬᠤ ᠮᠠᠲ᠋ᠧᠷᠢᠶᠠᠯ ᠢ ᠰᠡᠳᠬᠢᠯ ᠲᠠᠯᠪᠢᠨ ᠵᠣᠬᠢᠶᠠᠬᠤ ᠬᠡᠷᠡᠭᠲᠡᠢ᠃ ᠰᠤᠷᠭᠠᠨ ᠬᠥᠮᠦᠵᠢᠯ ᠤᠨ ᠲᠣᠭᠠᠴᠢᠯᠠᠯᠲᠠ | ᠪᠣᠯ ᠮᠠᠨ ᠤ ᠤᠯᠤᠰ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠰᠢᠨ᠎ᠡ ᠤᠷᠤᠯᠳᠤᠭᠠᠨ ᠤ ᠵᠠᠮ ᠢ ᠨᠡᠭᠡᠭᠡᠬᠦ ᠪᠠ ᠰᠤᠷᠭᠠᠨ ᠬᠥᠮᠦᠵᠢᠯ ᠤᠨ ᠬᠥᠭᠵᠢᠯᠲᠡ ᠶᠢᠨ | ᠰᠢᠨ᠎ᠡ ᠳᠠᠪᠠᠭᠤᠯᠢᠭ ᠢ ᠪᠤᠢ ᠪᠤᠯᠭᠠᠬᠤ ᠴᠢᠬᠤᠯᠠ ᠰᠢᠪᠲᠤᠯᠤᠯᠲᠠ ᠶᠢᠨ ᠴᠡᠭ ᠮᠥᠨ᠃ ᠲᠣᠭᠠᠴᠢᠯᠠᠭᠰᠠᠨ ᠰᠤᠷᠭᠠᠨ ᠬᠥᠮᠦᠵᠢᠯ ᠢ ᠴᠢᠨᠠᠭᠰᠢᠳᠠ ᠠᠬᠢᠭᠤᠯᠵᠤ᠂ | ᠥᠪᠡᠷᠮᠢᠴᠡ ᠣᠨᠴᠠᠯᠢᠭ ᠲᠠᠢ ᠰᠤᠷᠤᠯᠴᠠᠬᠤ᠂ ᠨᠠᠰᠤᠨ ᠲᠤᠷᠰᠢᠲᠠ ᠰᠤᠷᠤᠯᠴᠠᠬᠤ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠮᠤᠷᠬᠤ | ᠬᠡᠪᠴᠢᠶ᠎ᠡ ᠶᠢ ᠥᠷᠭᠡᠳᠬᠡᠬᠦ ᠪᠠ ᠰᠤᠷᠭᠠᠨ ᠬᠥᠮᠦᠵᠢᠯ ᠤᠨ ᠣᠳᠣᠬᠢᠴᠢᠯᠠᠯᠲᠠ ᠳᠤ ᠪᠦᠲᠦᠮᠵᠢᠲᠡᠶ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠤᠷᠭᠠᠨ ᠬᠥᠮᠦᠵᠢᠯ ᠤᠨ ᠭᠠᠳᠠᠭᠠᠳᠤ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢᠨ ᠠᠷᠭ᠎ᠠ ᠪᠣᠳᠣᠯᠭ᠎ᠠ ᠶᠢ ᠲᠡᠭᠦᠯᠳᠡᠷᠵᠢᠭᠦᠯᠵᠦ᠂ ︽ | ᠣᠷᠣᠭᠤᠯᠤᠨ ᠠᠪᠴᠢᠷᠠᠬᠤ︾ ᠪᠠ ︽ᠭᠠᠳᠠᠭᠰᠢ ᠭᠠᠷᠭᠠᠬᠤ︾ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠳᠡᠯᠡᠬᠡᠢ ᠶᠢᠨ | ᠲᠡᠷᠢᠭᠦᠨ ᠤ ᠰᠤᠷᠭᠠᠨ ᠬᠥᠮᠦᠵᠢᠯ ᠤᠨ ᠡᠬᠢ ᠪᠠᠶᠠᠯᠢᠭ ᠪᠣᠯᠣᠨ ᠰᠢᠨ᠎ᠡ ᠶᠢ ᠡᠭᠦᠳᠬᠦ ᠡᠯᠧᠮᠧᠨ᠋ᠲ ᠢ ᠪᠦᠲᠦᠮᠵᠢᠲᠡᠢ ᠠᠰᠢᠭᠯᠠᠵᠤ᠂ ᠮᠠᠨ ᠤ ᠤᠯᠤᠰ ᠢᠶᠠᠨ ᠬᠦᠴᠦᠷᠬᠡᠭ | ᠶᠡᠭᠡ ᠨᠥᠯᠥᠭᠡᠯᠡᠬᠦ ᠬᠦᠴᠦᠨ ᠲᠠᠢ ᠳᠡᠯᠡᠬᠡᠢ ᠶᠢᠨ ᠴᠢᠬᠤᠯᠠ ᠰᠤᠷᠭᠠᠨ ᠬᠥᠮᠦᠵᠢᠯ ᠤᠨ ᠲᠥᠪ ᠪᠤᠯᠭᠠᠬᠤ ᠬᠡᠷᠡᠭᠲᠡᠢ᠃ ᠪᠦᠭᠦ ᠪᠥᠮᠪᠥᠷᠴᠡᠭ ᠤᠨ ᠰᠤᠷᠭᠠᠨ ᠬᠥᠮᠦᠵᠢᠯ ᠤᠨ | ᠵᠠᠰᠠᠯᠲᠠ ᠳᠤ ᠢᠳᠡᠪᠬᠢᠲᠡᠢ ᠣᠷᠣᠯᠴᠠᠵᠤ᠂ ︽ᠭᠠᠳᠠᠭᠠᠳᠤ ᠳᠤ ᠰᠤᠷᠤᠯᠴᠠᠬᠤ ᠳᠤᠮᠳᠠᠳᠤ ᠤᠯᠤᠰ︾ ᠤᠨ ᠲᠦᠷᠦᠯ ᠲᠡᠮᠳᠡᠭ ᠤᠨ ᠪᠠᠶᠢᠭᠤᠯᠤᠯᠲᠠ ᠶᠢ ᠶᠡᠭᠡ ᠪᠠᠷ | ᠠᠬᠢᠭᠤᠯᠵᠤ᠂ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠤᠯᠤᠰ ᠤᠨ ᠲᠤᠷᠰᠢᠯᠭ᠎ᠠ ᠶᠢ ᠳᠠᠮᠵᠢᠭᠤᠯᠵᠤ᠂ ᠳᠤᠮᠳᠠᠳᠤ ᠤᠯᠤᠰ ᠤᠨ ᠳᠠᠭᠤᠨ ᠢ | ᠳᠠᠭᠤᠷᠢᠰᠢᠭᠤᠯᠵᠤ᠂ ᠮᠠᠨ ᠤ ᠤᠯᠤᠰ ᠤᠨ ᠰᠤᠷᠭᠠᠨ ᠬᠥᠮᠦᠵᠢᠯ ᠤᠨ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠪᠠ ᠦᠭᠡ ᠬᠡᠯᠡᠬᠦ ᠡᠷᠬᠡ ᠶᠢ ᠴᠢᠩᠭᠠᠳᠬᠠᠬᠤ ᠬᠡᠷᠡᠭᠲᠡᠢ | ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠰᠤᠷᠭᠠᠨ ᠬᠥᠮᠦᠵᠢᠯ ᠢ ᠬᠦᠴᠦᠷᠬᠡᠭᠵᠢᠭᠦᠯᠬᠦ ᠳᠤ ᠡᠷᠬᠡᠪᠰᠢ ᠤᠷᠢᠳ ᠢᠶᠠᠷ ᠪᠠᠭᠰᠢ ᠶᠢᠨ ᠡᠩᠨᠡᠭᠡ ᠶᠢ ᠬᠦᠴᠦᠷᠬᠡᠭᠵᠢᠭᠦᠯᠬᠦ | ᠬᠡᠷᠡᠭᠲᠡᠢ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠶᠢ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ | ᠬᠠᠮᠤᠭ ᠤᠨ ᠴᠢᠬᠤᠯᠠ ᠰᠠᠭᠤᠷᠢ ᠠᠵᠢᠯ ᠪᠣᠯᠭᠠᠨ ᠠᠳᠬᠤᠵᠤ᠂ ᠳᠤᠮᠳᠠᠳᠤ ᠤᠯᠤᠰ ᠤᠨ ᠣᠨᠴᠠᠯᠢᠭ ᠲᠠᠢ ᠪᠠᠭᠰᠢ ᠶᠢᠨ ᠰᠤᠷᠭᠠᠨ ᠬᠥᠮᠦᠵᠢᠯ ᠤᠨ ᠰᠢᠰᠲ᠋ᠧᠮ ᠢ | ᠪᠦᠷᠢᠨᠰᠢᠭᠦᠯᠵᠦ᠂ ᠡᠷᠬᠢᠮ ᠳᠡᠭᠡᠳᠦ ᠮᠣᠷᠠᠯ ᠲᠠᠢ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠪᠦᠲᠦᠴᠡ ᠵᠣᠬᠢᠰᠲᠠᠢ᠂ ᠠᠮᠢᠵᠢᠷᠠᠯ ᠤᠨ ᠬᠦᠴᠦᠨ ᠢᠶᠠᠷ | ᠪᠢᠯᠬᠠᠭᠰᠠᠨ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠶᠡᠭᠡ ᠪᠠᠷ ᠬᠥᠮᠥᠵᠢᠭᠦᠯᠬᠦ ᠬᠡᠷᠡᠭᠲᠡᠢ᠃ ᠪᠠᠭᠰᠢ ᠶᠢ ᠭᠦᠨᠳᠦᠳᠭᠡᠵᠦ | ᠰᠤᠷᠭᠠᠨ ᠬᠥᠮᠦᠵᠢᠯ ᠢ ᠴᠢᠬᠤᠯᠠᠴᠢᠯᠠᠬᠤ ᠨᠡᠶᠢᠭᠡᠮ ᠤᠨ ᠬᠡᠪ ᠰᠤᠷᠲᠠᠯ ᠢ ᠪᠠᠳᠠᠷᠠᠭᠤᠯᠵᠤ᠂ ᠪᠠᠭᠰᠢ ᠶᠢᠨ ᠤᠯᠤᠰ ᠲᠦᠷᠦ ᠶᠢᠨ ᠪᠠᠶᠢᠷᠢ ᠰᠠᠭᠤᠷᠢ᠂ ᠨᠡᠶᠢᠭᠡᠮ ᠤᠨ ᠪᠠᠶᠢᠷᠢ | ᠰᠠᠭᠤᠷᠢ᠂ ᠠᠵᠢᠯ ᠮᠡᠷᠭᠡᠵᠢᠯ ᠤᠨ ᠪᠠᠶᠢᠷᠢ ᠰᠠᠭᠤᠷᠢ ᠶᠢ ᠳᠡᠭᠡᠭᠰᠢᠯᠡᠭᠦᠯᠵᠦ᠂ ᠪᠠᠭᠰᠢ ᠶᠢ ᠨᠡᠶᠢᠭᠡᠮ ᠤᠨ ᠬᠦᠨᠳᠦᠳᠬᠡᠯ ᠢ ᠬᠠᠮᠤᠭ ᠤᠨ ᠶᠡᠭᠡ ᠣᠯᠣᠭᠰᠠᠨ ᠠᠵᠢᠯ | ᠮᠡᠷᠭᠡᠵᠢᠯ ᠤᠨ ᠨᠢᠭᠡ ᠪᠤᠯᠭᠠᠵᠤ᠂ ᠰᠢᠯᠢᠳᠡᠭ ᠴᠢᠳᠠᠪᠤᠷᠢᠲᠠᠨ ᠤ ᠬᠠᠯᠠᠭᠤᠨ ᠰᠡᠳᠬᠢᠯ ᠢᠶᠠᠷ ᠪᠠᠭᠰᠢᠯᠠᠬᠤ᠂ ᠨᠠᠷᠢᠨ ᠨᠢᠮᠪᠠᠢ ᠪᠠᠭᠰᠢᠯᠠᠬᠤ᠂ ᠤᠷᠳᠤ ᠬᠤᠭᠤᠴᠠᠭ᠎ᠠ ᠪᠠᠷ | ᠪᠠᠭᠰᠢᠯᠠᠬᠤ᠂ ᠨᠠᠰᠤᠨ ᠲᠤᠷᠰᠢᠲᠠ ᠪᠠᠭᠰᠢᠯᠠᠬᠤ ᠶᠢ ᠳᠡᠮᠵᠢᠬᠦ ᠪᠠ ᠲᠠᠲᠠᠬᠤ ᠬᠡᠷᠡᠭᠲᠡᠢ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠵᠤ᠂ ᠥᠷᠭᠡᠨ ᠣᠯᠠᠨ ᠪᠠᠭᠰᠢ ᠶᠢᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠶᠣᠰᠣ ᠰᠤᠷᠲᠠᠬᠤᠨ ᠦᠵᠡᠯ ᠰᠡᠳᠬᠢᠯᠭᠡ ᠪᠠᠨ | ᠪᠤᠯᠪᠠᠰᠤᠷᠠᠭᠤᠯᠵᠤ᠂ ᠯᠠᠪᠳᠠᠭᠤᠨ ᠪᠠᠲᠤᠲᠠᠢ ᠡᠷᠳᠡᠮ ᠮᠡᠳᠡᠯᠭᠡ ᠶᠢ ᠡᠵᠡᠮᠰᠢᠵᠦ᠂ ᠥᠷᠥᠰᠢᠶᠡᠯ ᠬᠠᠶᠢᠷ᠎ᠠ ᠶᠢᠨ ᠰᠡᠳᠬᠢᠯ ᠢᠶᠠᠨ ᠦᠷᠭᠦᠯᠵᠢ ᠵᠠᠰᠠᠵᠤ᠂ ︽ᠰᠤᠷᠭᠠᠨ | ᠬᠥᠮᠦᠵᠢᠯ ᠤᠨ ᠦᠢᠯᠡᠰ ᠲᠤ ᠬᠢᠴᠢᠶᠡᠩᠭᠦ᠋ᠢᠯᠡᠨ ᠵᠢᠳᠬᠦᠵᠦ᠂ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠠᠶᠢᠨ᠎ᠠ︾ ᠭᠡᠬᠦ ᠵᠣᠷᠢᠭ ᠪᠠ ᠬᠦᠰᠡᠯᠡᠩ ᠢ ᠪᠤᠢ ᠪᠤᠯᠭᠠᠵᠤ᠂ | ᠭᠤᠷᠪᠠᠨ ᠲᠣᠬᠤᠢ ᠬᠢᠴᠢᠶᠡᠯ ᠤᠨ ᠲᠠᠶᠢᠰᠠ ᠶᠢ ᠪᠠᠲᠤ ᠰᠠᠬᠢᠵᠤ᠂ ᠨᠢᠭᠡ ᠰᠡᠳᠬᠢᠯ ᠢᠶᠠᠷ ᠪᠢᠴᠢᠭ ᠵᠢᠭᠠᠵᠤ ᠬᠥᠮᠥᠨ ᠬᠥᠮᠥᠵᠢᠭᠦᠯᠬᠦ ᠶᠢ ᠬᠥᠲᠥᠯᠥᠨ ᠵᠢᠯᠤᠭᠤᠳᠬᠤ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ ᠪᠦᠭᠦ ᠨᠠᠮ ᠪᠦᠭᠦ ᠨᠡᠶᠢᠭᠡᠮ ᠤᠨ | ᠬᠠᠮᠲᠤ ᠶᠢᠨ ᠡᠭᠦᠷᠭᠡ ᠮᠥᠨ᠃ ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ | ᠬᠤᠷᠢᠶ᠎ᠠ ᠨᠢᠭᠡᠳᠦᠯᠲᠡᠢ ᠤᠳᠤᠷᠢᠳᠬᠤ᠂ ᠨᠠᠮ ᠵᠠᠰᠠᠭ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ᠂ ᠰᠠᠯᠠᠭ᠎ᠠ ᠮᠥᠴᠢᠷ ᠲᠤᠰ ᠲᠤᠰ ᠤᠨ ᠬᠠᠷᠢᠭᠤᠴᠠᠯᠭ᠎ᠠ ᠪᠠᠨ | ᠭᠦᠢᠴᠡᠳᠬᠡᠬᠦ ᠰᠤᠷᠭᠠᠨ ᠬᠥᠮᠦᠵᠢᠯ ᠤᠨ ᠤᠳᠤᠷᠢᠳᠬᠤ ᠪᠠᠶᠢᠭᠤᠯᠤᠯ ᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠠ | ᠵᠠᠰᠠᠭ ᠤᠨ ᠣᠷᠳᠣᠨ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠶᠢ ᠢᠮᠠᠭᠲᠠ ᠪᠠᠷᠢᠮᠲᠠᠯᠠᠵᠤ᠂ ᠵᠣᠬᠢᠶᠠᠨ ᠪᠠᠶᠢᠭᠤᠯᠵᠤ ᠤᠳᠤᠷᠢᠳᠬᠤ᠂ ᠬᠥᠭᠵᠢᠯᠲᠡ ᠶᠢᠨ | ᠲᠥᠯᠦᠪᠵᠢᠭᠦᠯᠭᠡ᠂ ᠡᠬᠢ ᠪᠠᠶᠠᠯᠢᠭ ᠤᠨ ᠪᠠᠲᠤᠯᠠᠭ᠎ᠠ᠂ ᠵᠠᠷᠤᠳᠠᠯ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠰᠤᠷᠭᠠᠭᠤᠯᠢ᠂ ᠭᠡᠷ ᠪᠦᠯᠢ᠂ | ᠨᠡᠶᠢᠭᠡᠮ ᠨᠢᠭᠲᠠ ᠬᠠᠮᠲᠤᠷᠠᠯᠴᠠᠵᠤ᠂ ᠠᠳᠠᠯᠢ ᠴᠢᠭᠯᠡᠯ ᠢᠶᠠᠷ ᠬᠦᠴᠦᠯᠡᠵᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠦᠢᠯᠡᠳᠦᠯᠭᠡ ᠳᠤ ᠢᠳᠡᠪᠬᠢᠲᠡᠢ | ᠣᠷᠣᠯᠴᠠᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠦᠢᠯᠡᠰ ᠢ ᠬᠠᠮᠲᠤ ᠪᠠᠷ ᠰᠠᠶᠢᠲᠤᠷ ᠡᠷᠭᠢᠯᠡᠭᠦ ᠬᠡᠷᠡᠭᠲᠡᠢ᠃ ᠪᠦᠭᠦ ᠨᠠᠮ ᠪᠦᠭᠦ ᠤᠯᠤᠰ ᠤᠨ ᠠᠷᠠᠳ | ᠲᠦᠮᠡᠨ ᠢᠲᠡᠭᠡᠯ ᠵᠣᠷᠢᠭ ᠢᠶᠠᠨ ᠪᠠᠲᠤᠳᠬᠠᠨ᠂ ᠤᠳᠠᠭᠠᠨ ᠳᠠᠭᠠᠭᠠᠮᠠᠭᠠᠢ ᠵᠢᠳᠬᠦᠵᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠬᠠᠷᠠᠯᠲᠠ ᠶᠢ ᠡᠷᠲᠡᠬᠡᠨ | ᠪᠡᠶᠡᠯᠡᠭᠦᠯᠬᠦ ᠶᠢᠨ ᠲᠥᠯᠥᠭᠡ ᠬᠠᠮᠲᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ | |