| ᠨᠢᠭᠡ᠂ ᠲᠡᠵᠢᠭᠡᠯ ᠪᠣᠷᠳᠤᠭ᠎ᠠ ᠪᠠᠨ ᠭᠦᠢᠴᠡᠳ ᠪᠡᠯᠡᠳᠬᠡᠬᠦ ᠬᠡᠷᠡᠭᠲᠡᠢ᠃ ᠡᠪᠦᠯ ᠤᠨ ᠤᠯᠠᠷᠢᠯ ᠳᠤ᠂ ᠬᠡᠭᠡᠷ᠎ᠡ ᠭᠠᠳᠠᠨᠠᠬᠢ ᠬᠤᠨᠢᠨ ᠤ ᠢᠳᠡᠰᠢ ᠶᠢ ᠬᠠᠩᠭᠠᠬᠤ | ᠪᠡᠯᠴᠢᠭᠡᠷ ᠴᠥᠭᠡᠨ ᠪᠥᠭᠡᠳ ᠬᠤᠪᠠᠭ᠋ᠠᠢ ᠡᠪᠡᠰᠦᠨ ᠤ ᠡᠨᠧᠷᠭᠢ ᠪᠠ ᠰᠢᠮ᠎ᠡ ᠲᠡᠵᠢᠭᠡᠯ ᠤᠨ ᠥᠷᠲᠡᠭ ᠨᠢ ᠴᠦ ᠮᠠᠰᠢ ᠠᠨᠠᠢ ᠪᠠᠶᠢᠵᠤ᠂ ᠬᠤᠨᠢ ᠡᠪᠦᠯᠵᠢᠬᠦ | ᠬᠤᠭᠤᠴᠠᠭᠠᠨ ᠳᠤ ᠰᠠᠶᠢᠨ ᠢᠳᠡᠵᠦ ᠳᠡᠶᠢᠯᠬᠦ ᠦᠭᠡᠢ᠂ ᠢᠳᠡᠵᠦ ᠴᠠᠳᠬᠤ ᠦᠭᠡᠢ ᠪᠣᠯ ᠲᠠᠷᠭᠤ ᠨᠢ ᠠᠮᠠᠷᠬᠠᠨ ᠪᠠᠭᠤᠷᠠᠳᠠᠭ᠃ ᠲᠡᠷᠡ ᠮᠥᠷᠲᠡᠭᠡᠨ ᠡᠪᠦᠯ ᠤᠨ | ᠤᠯᠠᠷᠢᠯ ᠳᠤ ᠣᠯᠠᠩᠬᠢ ᠡᠮ᠎ᠡ ᠬᠤᠨᠢ ᠨᠢ ᠬᠡᠭᠡᠯ ᠲᠠᠢ ᠪᠠᠶᠢᠵᠤ᠂ ᠲᠡᠵᠢᠭᠡᠯ ᠪᠣᠷᠳᠤᠭ᠎ᠠ ᠶᠢᠨ ᠬᠠᠩᠭᠠᠯᠭ᠎ᠠ ᠬᠦᠷᠦᠯᠴᠡᠬᠦ ᠦᠭᠡᠢ ᠪᠣᠯ ᠬᠡᠭᠡᠯ ᠤᠨ ᠪᠤᠶᠢᠵᠢᠯᠲᠠ ᠶᠢ ᠬᠦᠨᠳᠦ | ᠨᠣᠴᠢᠲᠠᠢ ᠨᠥᠯᠥᠭᠡᠯᠡᠨ᠎ᠡ᠃ ᠡᠶᠢᠮᠦ ᠠᠴᠠ ᠡᠪᠦᠯᠵᠢᠬᠦ ᠡᠪᠡᠰᠦ ᠪᠣᠷᠳᠤᠭ᠎ᠠ ᠪᠠᠨ ᠭᠦᠢᠴᠡᠳ ᠪᠡᠯᠡᠳᠬᠡᠨ᠂ ᠬᠤᠨᠢᠨ ᠳᠤ ᠲᠡᠵᠢᠭᠡᠯ ᠪᠣᠷᠳᠤᠭ᠎ᠠ ᠨᠥᠬᠦᠬᠦ ᠨᠢ ᠲᠦᠢᠯ ᠤᠨ | ᠴᠢᠬᠤᠯᠠ ᠶᠤᠮ᠃ | ᠬᠤᠶᠠᠷ᠂ ᠬᠤᠨᠢᠨ ᠰᠦᠷᠦᠭ ᠢ ᠴᠡᠭᠴᠡᠯᠡᠬᠦ ᠬᠡᠷᠡᠭᠲᠡᠢ᠃ ᠵᠤᠨ ᠨᠠᠮᠤᠷ ᠤᠨ ᠪᠡᠯᠴᠢᠭᠡᠷᠯᠡᠭᠦᠯᠬᠦ ᠪᠠᠷ ᠳᠠᠮᠵᠢᠭᠠᠳ ᠪᠣᠳᠠᠭᠠᠯᠢ ᠪᠡᠶ᠎ᠡ ᠶᠢᠨ ᠬᠦᠨᠳᠦ ᠶᠢᠨ | ᠨᠡᠮᠡᠭᠳᠡᠯ ᠤᠨ ᠪᠠᠶᠢᠳᠠᠯ ᠨᠢ ᠠᠳᠠᠯᠢ ᠦᠭᠡᠢ ᠪᠠᠶᠢᠳᠠᠭ᠂ ᠬᠡᠷᠪᠡ ᠣᠨᠴᠠ ᠵᠠᠷᠢᠮ ᠬᠤᠨᠢᠨ ᠤ ᠪᠡᠶ᠎ᠡ ᠨᠢ ᠮᠠᠭᠤ᠂ ᠬᠦᠨᠳᠦ ᠶᠢᠨ ᠨᠡᠮᠡᠭᠳᠡᠯ ᠤᠨ ᠬᠡᠮᠵᠢᠶ᠎ᠡ ᠨᠢ ᠪᠠᠭ᠎ᠠ᠂ ᠮᠥᠨ | ᠯᠡ ᠲᠠᠷᠭᠤ ᠮᠠᠭᠤᠲᠠᠢ ᠪᠠᠶᠢᠪᠠᠯ ᠬᠠᠬᠢᠷ ᠬᠦᠢᠲᠡᠨ ᠡᠪᠦᠯ ᠤᠨ ᠤᠯᠠᠷᠢᠯ ᠢ ᠥᠩᠭᠡᠷᠡᠭᠡᠬᠦ ᠳᠤ ᠲᠤᠩ ᠬᠦᠴᠢᠷ ᠲᠠᠢ ᠶᠤᠮ᠃ ᠡᠶᠢᠮᠦ ᠠᠴᠠ ᠬᠦᠢᠲᠡᠷᠡᠬᠦ ᠠᠴᠠ ᠡᠮᠦᠨ᠎ᠡ | ᠪᠦᠬᠦ᠋ᠢᠯᠡ ᠬᠤᠨᠢᠨ ᠰᠦᠷᠦᠭ ᠲᠤ ᠪᠠᠨ ᠪᠠᠶᠢᠴᠠᠭᠠᠯᠲᠠ ᠬᠢᠵᠦ᠂ ᠡᠪᠦᠯᠵᠢᠬᠦ ᠳᠤ ᠬᠦᠴᠢᠷᠲᠡᠢ ᠬᠥᠭᠰᠢᠨ ᠬᠤᠨᠢ᠂ ᠨᠣᠣᠯᠣᠭᠤᠷ ᠤᠨ ᠭᠠᠷᠤᠯᠲᠠ ᠨᠢ ᠪᠠᠭ᠎ᠠ᠂ ᠵᠢᠯ | ᠳᠠᠷᠠᠭᠠᠯᠠᠨ ᠰᠤᠪᠠᠶᠢᠷᠠᠭᠰᠠᠨ ᠡᠮ᠎ᠡ ᠬᠤᠨᠢ ᠵᠢᠴᠢ ᠪᠤᠶᠢᠵᠢᠯᠲᠠ ᠪᠠᠷ ᠠᠨᠠᠢ ᠨᠠᠰᠤ ᠭᠦᠢᠴᠡᠭᠰᠡᠨ ᠬᠤᠨᠢ ᠶᠢ ᠵᠣᠬᠢᠬᠤ ᠬᠡᠮᠵᠢᠶ᠎ᠡ ᠪᠠᠷ ᠰᠢᠭᠰᠢᠵᠦ ᠪᠣᠯᠣᠨ᠎ᠠ᠃ | ᠡᠪᠦᠯᠵᠢᠭᠦᠯᠬᠦ ᠪᠠᠷ ᠦᠯᠡᠳᠡᠭᠡᠭᠰᠡᠨ ᠬᠤᠨᠢ ᠪᠠᠨ ᠰᠢᠮ᠎ᠡ ᠲᠡᠵᠢᠭᠡᠯ ᠤᠨ ᠪᠠᠶᠢᠳᠠᠯ ᠢ ᠨᠢ ᠦᠨᠳᠦᠰᠦᠯᠡᠨ ᠰᠦᠷᠦᠭ ᠬᠤᠪᠢᠶᠠᠵᠤ᠂ ᠠᠳᠠᠯᠢ ᠪᠤᠰᠤ ᠪᠠᠶᠢᠳᠠᠯ ᠢ ᠨᠢ | ᠦᠨᠳᠦᠰᠦᠯᠡᠵᠦ᠂ ᠠᠳᠠᠯᠢ ᠪᠤᠰᠤ ᠶᠢᠨ ᠪᠡᠯᠴᠢᠭᠡᠷᠯᠡᠭᠦᠯᠬᠦ᠂ ᠲᠡᠵᠢᠭᠡᠯ ᠨᠥᠬᠦᠪᠦᠷᠢᠯᠡᠬᠦ ᠬᠠᠮᠢᠶᠠᠷᠤᠯᠲᠠ ᠶᠠᠪᠤᠭᠤᠯᠤᠨ᠎ᠠ᠃ | ᠭᠤᠷᠪᠠ᠂ ᠬᠦᠢᠲᠡᠨ ᠢ ᠰᠡᠷᠭᠡᠶᠢᠯᠡᠵᠦ ᠳᠤᠯᠠᠭᠠᠨ ᠢ ᠬᠠᠮᠠᠭᠠᠯᠠᠬᠤ ᠬᠡᠷᠡᠭᠲᠡᠢ᠃ ᠡᠪᠦᠯ ᠣᠷᠣᠬᠤ ᠠᠴᠠ ᠡᠮᠦᠨ᠎ᠡ ᠬᠠᠰᠢᠶ᠎ᠠ ᠰᠠᠷᠠᠪᠴᠢ ᠳᠤ ᠪᠠᠨ ᠨᠢᠭᠡ ᠤᠳᠠᠭ᠎ᠠ | ᠪᠠᠶᠢᠴᠠᠭᠠᠯᠲᠠ ᠬᠢᠵᠦ᠂ ᠤᠩᠭᠤᠷᠬᠠᠢ ᠬᠠᠭᠠᠷᠬᠠᠢ ᠶᠢ ᠨᠢ ᠵᠠᠰᠠᠨ ᠨᠥᠬᠦᠵᠦ᠂ ᠬᠤᠯᠠᠭᠠᠢ ᠰᠠᠯᠬᠢ ᠪᠠ ᠪᠣᠷᠣᠭᠠᠨ ᠴᠠᠰᠤ ᠶᠢ ᠬᠠᠯᠬᠠᠯᠠᠵᠤ᠂ ᠬᠠᠰᠢᠶᠠᠨ ᠳᠣᠲᠣᠷ᠎ᠠ | ᠬᠠᠭᠤᠷᠠᠢ ᠳᠤᠯᠠᠭᠠᠨ ᠪᠠᠶᠢᠬᠤ ᠶᠢ ᠪᠠᠲᠤᠯᠠᠬᠤ ᠬᠡᠷᠡᠭᠲᠡᠢ᠃ ᠬᠦᠢᠲᠡᠨ ᠤᠷᠤᠰᠬᠠᠯ ᠢᠷᠡᠬᠦ ᠦᠶ᠎ᠡ ᠳᠤ ᠬᠡᠪᠲᠡᠷᠢ ᠶᠢ ᠨᠢ ᠵᠤᠵᠠᠭᠠᠯᠠᠪᠠᠯ ᠵᠣᠬᠢᠨ᠎ᠠ᠃ ᠡᠭᠦᠨ ᠠᠴᠠ | ᠭᠠᠳᠠᠨ᠎ᠠ᠂ ᠬᠤᠨᠢᠨ ᠬᠠᠰᠢᠶᠠᠨ ᠳᠤ ᠭᠠᠯ ᠬᠥᠭᠵᠢᠭᠡᠨ ᠳᠤᠯᠠᠭᠠᠯᠠᠵᠤ ᠶᠠᠭᠠᠬᠢᠭᠰᠠᠨ ᠴᠤ ᠪᠣᠯᠬᠤ ᠦᠭᠡᠢ᠂ ᠤᠲᠤᠭ᠎ᠠ ᠠᠴᠠ ᠪᠣᠯᠵᠤ ᠬᠤᠨᠢᠨ ᠤ ᠠᠭᠤᠰᠬᠢᠨ | ᠦᠷᠪᠢᠰᠦᠯ ᠳᠤ ᠨᠡᠷᠪᠡᠭᠳᠡᠬᠦ ᠠᠴᠠ ᠰᠡᠷᠭᠡᠶᠢᠯᠡᠬᠦ ᠬᠡᠷᠡᠭᠲᠡᠢ᠃ ᠬᠦᠢᠲᠡᠨ ᠢ ᠰᠡᠷᠭᠡᠶᠢᠯᠡᠨ ᠳᠤᠯᠠᠭᠠᠯᠠᠬᠤ ᠳᠤ ︽ᠨᠢᠭᠡ ᠶᠢ ᠪᠠᠲᠤᠯᠠᠬᠤ᠂ ᠬᠤᠶᠠᠷ ᠢ ᠬᠡᠷᠡᠭᠯᠡᠬᠦ᠂ ᠭᠤᠷᠪᠠᠨ | ᠦᠭᠡᠢ᠂ ᠳᠦᠷᠪᠡᠨ ᠢᠯᠡᠭᠦᠬᠡᠨ︾ ᠢ ᠪᠡᠶᠡᠯᠡᠭᠦᠯᠬᠦ ᠬᠡᠷᠡᠭᠲᠡᠢ᠃ ᠨᠢᠭᠡ ᠶᠢ ᠪᠠᠲᠤᠯᠠᠬᠤ ᠭᠡᠳᠡᠭ ᠨᠢ ᠬᠠᠰᠢᠶ᠎ᠠ ᠰᠠᠷᠠᠪᠴᠢ ᠶᠢᠨ ᠠᠷᠢᠭᠤᠨ ᠴᠡᠪᠡᠷ᠂ ᠬᠠᠭᠤᠷᠠᠢ ᠳᠤᠯᠠᠭᠠᠬᠠᠨ | ᠪᠠᠶᠢᠬᠤ ᠶᠢ ᠪᠠᠲᠤᠯᠠᠬᠤ ᠪᠣᠯᠣᠨ᠎ᠠ᠃ ᠬᠤᠶᠠᠷ ᠢ ᠬᠡᠷᠡᠭᠯᠡᠬᠦ ᠭᠡᠳᠡᠭ ᠨᠢ ᠪᠦᠯᠢᠶᠡᠨ ᠤᠰᠤ ᠪᠠᠷ ᠤᠰᠤᠯᠠᠬᠤ᠂ ᠬᠠᠭᠤᠷᠠᠢ ᠡᠪᠡᠰᠦ ᠪᠠᠷ ᠬᠡᠪᠲᠡᠷᠢ ᠬᠢᠬᠦ ᠪᠣᠯᠣᠨ᠎ᠠ᠃ | ᠭᠤᠷᠪᠠᠨ ᠦᠭᠡᠢ ᠭᠡᠳᠡᠭ ᠨᠢ ᠬᠠᠰᠢᠶ᠎ᠠ ᠰᠠᠷᠠᠪᠴᠢ ᠳᠤ ᠰᠠᠯᠬᠢ ᠣᠷᠣᠬᠤ ᠦᠭᠡᠢ᠂ ᠪᠣᠷᠣᠭᠠᠨ ᠭᠤᠭᠤᠵᠢᠬᠤ ᠦᠭᠡᠢ᠂ ᠴᠢᠭᠢᠭ ᠨᠦᠢᠲᠠᠨ ᠦᠭᠡᠢ᠃ ᠲᠦᠷᠪᠡᠨ | ᠢᠯᠡᠭᠦᠬᠡᠨ ᠭᠡᠳᠡᠭ ᠨᠢ ᠬᠠᠰᠢᠶ᠎ᠠ ᠰᠠᠷᠠᠪᠴᠢᠨ ᠳᠤ ᠢᠯᠡᠭᠦᠬᠡᠨ ᠡᠪᠡᠰᠦ ᠳᠡᠪᠢᠰᠬᠦ᠂ ᠡᠪᠡᠰᠦ ᠶᠢ ᠨᠢ ᠢᠯᠡᠭᠦᠬᠡᠨ ᠰᠣᠯᠢᠬᠤ᠂ ᠢᠯᠡᠭᠦᠬᠡᠨ ᠴᠡᠪᠡᠷᠯᠡᠬᠦ᠂ ᠪᠠᠭᠠᠰᠤ ᠶᠢ ᠨᠢ | ᠢᠯᠡᠭᠦᠬᠡᠨ ᠠᠷᠢᠯᠭᠠᠬᠤ ᠶᠢ ᠬᠡᠯᠡᠵᠦ ᠪᠠᠶᠢᠨ᠎ᠠ᠃ | ᠳᠥᠷᠪᠡ᠂ ᠵᠦᠢ ᠵᠣᠬᠢᠰᠲᠠᠢ ᠪᠠᠷ ᠪᠡᠯᠴᠢᠭᠡᠷᠯᠡᠭᠦᠯᠬᠦ ᠪᠠ ᠬᠠᠰᠢᠶᠠᠯᠠᠨ ᠪᠣᠷᠳᠣᠬᠤ᠃ ᠡᠪᠦᠯ ᠤᠨ ᠤᠯᠠᠷᠢᠯ ᠳᠤ ᠪᠡᠯᠴᠢᠭᠡᠷᠯᠡᠭᠦᠯᠬᠦ ᠳᠤ ᠪᠠᠨ ᠶᠡᠷᠦᠳᠡ ᠶᠢᠨ | ᠪᠠᠶᠢᠳᠠᠯ ᠳᠤ ᠰᠠᠯᠬᠢᠨ ᠠᠴᠠ ᠪᠤᠷᠤᠭᠤᠯᠠᠨ ᠨᠡᠷᠡᠨ ᠵᠦᠭ ᠬᠠᠨᠳᠤᠭᠰᠠᠨ᠂ ᠭᠠᠵᠠᠷ ᠤᠨ ᠪᠠᠶᠢᠴᠠ ᠨᠢ ᠥᠨᠳᠥᠷ ᠬᠠᠭᠤᠷᠠᠢ ᠥᠪᠥᠷ ᠬᠥᠲᠥᠯ ᠤᠨ ᠬᠤᠲᠣᠭᠤᠷ ᠭᠠᠵᠠᠷ ᠢ | ᠰᠣᠩᠭᠤᠬᠤ ᠬᠡᠷᠡᠭᠲᠡᠢ᠃ ᠡᠪᠦᠯ ᠤᠨ ᠡᠬᠢᠨ ᠳᠤ ᠣᠷᠣᠢ ᠪᠡᠯᠴᠢᠭᠡᠷ ᠲᠤ ᠭᠠᠷᠭᠠᠵᠤ ᠡᠷᠲᠡ ᠬᠤᠲᠠᠯᠠᠨᠠ᠂ ᠲᠤᠩᠭᠠᠯᠠᠭ ᠡᠳᠦᠷ ᠤᠨ ᠦᠳᠡ ᠶᠢᠨ ᠳᠤᠯᠠᠭᠠᠨ ᠳᠤ | ᠪᠡᠯᠴᠢᠭᠡᠷᠯᠡᠭᠦᠯᠬᠦ ᠶᠢ ᠠᠩᠬᠠᠷᠴᠤ᠂ ᠬᠤᠨᠢ ᠶᠢ ᠴᠢᠳᠠᠬᠤ ᠶᠢᠨ ᠬᠢᠷᠢ ᠪᠠᠷ ᠢᠯᠡᠭᠦᠬᠡᠨ ᠰᠢᠭ ᠡᠪᠡᠰᠦ ᠢᠳᠡᠭᠦᠯᠦᠨ᠎ᠡ᠂ ᠭᠡᠪᠡᠴᠦ ᠬᠤᠨᠢᠨ ᠳᠤ ᠬᠢᠷᠠᠭᠤ ᠲᠠᠢ ᠡᠪᠡᠰᠦ ᠶᠢ | ᠢᠳᠡᠭᠦᠯᠬᠦ ᠪᠤᠶᠤ ᠮᠥᠰᠥ ᠲᠠᠢ ᠤᠰᠤ ᠤᠤᠭᠤᠯᠭᠠᠵᠤ ᠪᠣᠯᠬᠤ ᠦᠭᠡᠢ᠂ ᠬᠡᠷᠪᠡ ᠬᠤᠨᠢ ᠪᠡᠯᠴᠢᠭᠡᠷ ᠲᠤ ᠭᠠᠷᠤᠭᠠᠳ ᠴᠠᠳᠤᠭᠰᠠᠨ ᠦᠭᠡᠢ ᠪᠣᠯ ᠬᠤᠲᠠᠯᠠᠭᠰᠠᠨ ᠤ | ᠳᠠᠷᠠᠭ᠎ᠠ ᠲᠡᠵᠢᠭᠡᠯ ᠨᠥᠬᠦᠪᠦᠷᠢᠯᠡᠬᠦ ᠬᠡᠷᠡᠭᠲᠡᠢ᠃ | ᠲᠠᠪᠤ᠂ ᠠᠷᠢᠭᠤᠨ ᠴᠡᠪᠡᠷ ᠪᠠ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠡᠪᠦᠯ ᠤᠨ ᠤᠯᠠᠷᠢᠯ ᠳᠤ ᠬᠠᠰᠢᠶ᠎ᠠ ᠰᠠᠷᠠᠪᠴᠢ ᠪᠠᠨ ᠦᠷᠭᠦᠯᠵᠢ | ᠪᠠᠶᠢᠴᠠᠭᠠᠬᠤ ᠬᠡᠷᠡᠭᠲᠡᠢ᠂ ᠬᠠᠰᠢᠶ᠎ᠠ ᠰᠠᠷᠠᠪᠴᠢ᠂ ᠳᠡᠪᠢᠰᠬᠡᠷ ᠮᠠᠲ᠋ᠧᠷᠢᠶᠠᠯ᠂ ᠤᠰᠤ ᠤᠮᠳᠠ᠂ ᠡᠪᠡᠰᠦ ᠪᠣᠷᠳᠤᠭ᠎ᠠ ᠶᠢᠨ ᠠᠷᠢᠭᠤᠨ ᠴᠡᠪᠡᠷ ᠢ ᠪᠠᠲᠤᠯᠠᠵᠤ᠂ ᠴᠢᠬᠤᠯᠠ ᠲᠠᠢ | ᠦᠶ᠎ᠡ ᠳᠤ ᠬᠠᠰᠢᠶ᠎ᠠ ᠪᠠᠨ ᠲᠦᠢᠯᠪᠤᠷᠢᠲᠠᠢ ᠠᠷᠢᠭᠤᠳᠬᠠᠵᠤ᠂ ᠬᠤᠨᠢᠨ ᠤ ᠪᠡᠶ᠎ᠡ ᠶᠢᠨ ᠠᠷᠢᠭᠤᠨ ᠴᠡᠪᠡᠷ ᠢ ᠴᠠᠭ ᠲᠤᠬᠠᠢ ᠳᠤ ᠨᠢ ᠪᠠᠲᠤᠯᠠᠬᠤ ᠶᠢᠨ ᠬᠠᠮᠲᠤ ᠬᠤᠨᠢᠨ ᠤ | ᠡᠪᠡᠳᠴᠢᠨ ᠢ ᠰᠡᠷᠭᠡᠶᠢᠯᠡᠨ ᠡᠪᠡᠳᠴᠢᠨ ᠢ ᠤᠰᠠᠳᠬᠠᠬᠤ ᠠᠵᠢᠯ ᠢ ᠰᠠᠶᠢᠲᠤᠷ ᠠᠳᠬᠤᠵᠤ᠂ ᠢᠯᠭᠠᠳᠠᠰᠤ ᠶᠢ ᠨᠢ ᠦᠷᠭᠦᠯᠵᠢ ᠴᠡᠪᠡᠷᠯᠡᠵᠦ᠂ ᠬᠤᠨᠢᠨ ᠤ ᠡᠪᠡᠳᠴᠢᠨ ᠢ | ᠰᠡᠷᠭᠡᠶᠢᠯᠡᠨ ᠵᠠᠰᠠᠬᠤ ᠪᠠ ᠬᠤᠷᠣᠬᠠᠢ ᠬᠥᠭᠡᠭᠡᠬᠦ ᠠᠵᠢᠯ ᠢ ᠰᠠᠶᠢᠲᠤᠷ ᠬᠢᠵᠦ᠂ ᠣᠨᠴᠠᠭᠠᠶᠢᠯᠠᠨ ᠬᠤᠨᠢᠨ ᠤ ᠴᠢᠴᠠᠭ᠎ᠠ ᠠᠯᠳᠠᠬᠤ᠂ ᠪᠦᠳᠦᠭᠦᠨ ᠭᠡᠳᠡᠰᠦᠨ ᠤ ᠰᠠᠪᠬᠠᠨᠴᠢᠷ | ᠪᠠᠺᠲ᠋ᠧᠷᠢ ᠶᠢᠨ ᠡᠪᠡᠳᠴᠢᠨ᠂ ᠬᠤᠨᠢᠨ ᠤ ᠭᠢᠨᠵᠢᠯᠢᠭ ᠪᠥᠮᠪᠥᠭᠡᠨ ᠪᠠᠺᠲ᠋ᠧᠷᠢ ᠶᠢᠨ ᠡᠪᠡᠳᠴᠢᠨ ᠵᠢᠴᠢ ᠲᠠᠭᠰᠢᠭᠤᠷ ᠤᠨ ᠡᠪᠡᠳᠴᠢᠨ ᠢ ᠰᠡᠷᠭᠡᠶᠢᠯᠡᠨ ᠵᠠᠰᠠᠬᠤ ᠶᠢ | ᠰᠠᠶᠢᠲᠤᠷ ᠠᠳᠬᠤᠬᠤ ᠶᠢᠨ ᠬᠠᠮᠲᠤ ᠦᠷᠭᠦᠯᠵᠢ ᠬᠤᠷᠣᠬᠠᠢ ᠬᠥᠭᠡᠭᠡᠬᠦ ᠡᠮ ᠢᠶᠠᠷ ᠬᠤᠨᠢᠨ ᠤ ᠪᠡᠶ᠎ᠡ ᠶᠢᠨ ᠡᠷᠡᠭᠦᠯ ᠴᠢᠭᠢᠷᠠᠭ ᠢ ᠪᠠᠲᠤᠯᠠᠵᠤ᠂ ᠬᠠᠬᠢᠷ ᠬᠦᠢᠲᠡᠨ ᠤ | ᠳᠠᠭᠠᠷᠢᠯᠲᠠ ᠶᠢ ᠡᠰᠡᠷᠭᠦᠴᠡᠬᠦ ᠬᠡᠷᠡᠭᠲᠡᠢ᠃ | |