ᠦᠬᠡᠷ ᠤᠨ ᠠᠷᠠᠰᠤᠨ ᠤ ᠵᠠᠩᠭᠢᠯᠠᠭᠠᠲᠤ ᠡᠪᠡᠳᠴᠢᠨ ᠢ ᠪᠠᠰᠠ ᠦᠬᠡᠷ ᠤᠨ ᠠᠷᠠᠰᠤᠨ ᠤ ᠭᠦᠪᠲᠦᠷᠦᠦ ᠡᠪᠡᠳᠴᠢᠨ ᠭᠡᠳᠡᠭ᠂ ᠡᠨᠡ ᠪᠣᠯ ᠨᠢᠭᠡ ᠵᠦᠢᠯ ᠤᠨ | ᠪᠤᠳᠤ ᠶᠢᠨ ᠰᠠᠯᠠᠭᠠᠨ ᠤ ᠬᠤᠨᠢᠨ ᠤ ᠪᠤᠳᠤ ᠶᠢᠨ ᠸᠢᠷᠦ᠋ᠰ ᠤᠨ ᠲᠦᠷᠦᠯ ᠤᠨ DNA ᠶᠢᠨ ᠸᠢᠷᠦ᠋ᠰ ᠠᠴᠠ ᠪᠣᠯᠤᠭᠰᠠᠨ ᠡᠪᠡᠳᠴᠢᠨ ᠶᠤᠮ᠂ ᠲᠡᠷᠡ ᠨᠢ ᠠᠷᠠᠰᠤᠨ ᠤ | ᠭᠦᠪᠲᠦᠷᠦᠦ ᠡᠪᠡᠳᠴᠢᠨ ᠤ ᠸᠢᠷᠦ᠋ᠰ ᠠᠴᠠ ᠡᠭᠦᠰᠦᠭᠰᠡᠨ ᠨᠢᠭᠡ ᠵᠦᠢᠯ ᠤᠨ ᠲᠦᠷᠭᠡᠨ ᠴᠢᠨᠠᠷᠲᠠᠢ᠂ ᠳᠡᠳ᠋ ᠲᠦᠷᠭᠡᠨ ᠴᠢᠨᠠᠷᠲᠠᠢ ᠪᠤᠶᠤ ᠤᠳᠠᠭᠠᠨ ᠴᠢᠨᠠᠷᠲᠠᠢ | ᠬᠠᠯᠳᠠᠪᠤᠷᠢᠲᠤ ᠡᠪᠡᠳᠴᠢᠨ ᠪᠣᠯᠣᠨ᠎ᠠ᠃ ᠲᠤᠰ ᠡᠪᠡᠳᠴᠢᠨ ᠤ ᠡᠪᠡᠳᠴᠢᠯᠡᠬᠦ ᠨᠤᠷᠮ᠎ᠠ ᠨᠢ 5% ᠠᠴᠠ 45% ᠶᠢᠨ ᠬᠤᠭᠤᠷᠣᠨᠳᠤ ᠪᠠᠶᠢᠵᠤ᠂ ᠦᠬᠦᠬᠦ ᠨᠤᠷᠮ᠎ᠠ ᠨᠢ | ᠬᠠᠮᠤᠭ ᠥᠨᠳᠥᠷ ᠲᠡᠭᠡᠨ 10% ᠳᠤ ᠬᠦᠷᠳᠡᠭ᠃ ᠬᠤᠰᠲ ᠤᠨ ᠡᠵᠡᠨ ᠨᠢ ᠦᠬᠡᠷ᠂ ᠡᠭᠦᠨ ᠳᠤ ᠭᠤᠣᠯᠳᠠᠭᠤ ᠰᠢᠷ᠎ᠠ ᠦᠬᠡᠷ᠂ ᠪᠡᠲᠡᠭᠢ ᠶᠢᠨ ᠦᠬᠡᠷ ᠪᠠ | ᠲᠡᠵᠢᠭᠡᠪᠦᠷᠢ ᠠᠽᠢᠶ᠎ᠠ ᠶᠢᠨ ᠤᠰᠤᠨ ᠦᠬᠡᠷ ᠪᠠᠭᠲᠠᠨ᠎ᠠ᠃ ᠲᠤᠰ ᠡᠪᠡᠳᠴᠢᠨ ᠤ ᠬᠠᠮᠤᠭ ᠤᠨ ᠭᠤᠣᠯ ᠬᠠᠯᠳᠠᠪᠤᠷᠢᠯᠠᠬᠤ ᠬᠡᠯᠪᠡᠷᠢ ᠪᠣᠯ ᠦᠶᠡᠲᠦ ᠬᠥᠯᠲᠡᠨ ᠤ ᠮᠧᠬᠠᠨᠢᠭ | ᠴᠢᠨᠠᠷᠲᠠᠢ ᠲᠠᠷᠬᠠᠬᠤ ᠪᠠ ᠠᠮᠢᠲᠠᠨ ᠤ ᠬᠤᠭᠤᠷᠣᠨᠳᠤ ᠰᠢᠭᠤᠳ ᠬᠦᠷᠦᠯᠴᠡᠵᠦ ᠲᠠᠷᠬᠠᠳᠠᠭ᠃ | ᠡᠪᠡᠳᠴᠢᠨ ᠤ ᠢᠯᠡᠷᠡᠯ ᠨᠢ ᠬᠠᠯᠠᠭᠤᠷᠠᠵᠤ᠂ ᠪᠡᠶ᠎ᠡ ᠶᠢᠨ ᠬᠠᠯᠠᠭᠤᠨ ᠨᠢ 41℃ ᠢ ᠳᠠᠪᠠᠭ᠋ᠤ ᠪᠥᠭᠡᠳ ᠨᠢᠭᠡ ᠭᠠᠷᠠᠭ ᠦᠷᠭᠦᠯᠵᠢᠯᠡᠨ᠎ᠡ᠃ ᠬᠠᠮᠠᠷ ᠤᠨ | ᠦᠷᠪᠢᠰᠦᠯ᠂ ᠨᠡᠶᠢᠯᠡᠮᠡᠯ ᠪᠦᠷᠬᠦᠪᠴᠢ ᠶᠢᠨ ᠦᠷᠪᠢᠰᠦᠯ ᠤᠨ ᠰᠢᠨᠵᠢ ᠢᠯᠡᠷᠡᠨ᠂ ᠰᠢᠯᠦᠰᠦ ᠠᠷᠪᠢᠨ ᠭᠤᠭᠤᠵᠢᠭᠤᠯᠳᠠᠭ᠃ ᠰᠦ ᠱᠦᠭᠦᠷᠡᠭᠦᠯᠬᠦ ᠦᠨᠢᠶ᠎ᠡ ᠶᠢᠨ ᠰᠦᠨ ᠤ | ᠭᠠᠷᠤᠯᠲᠠ ᠮᠡᠳᠡᠭᠳᠡᠮ᠎ᠡ ᠪᠠᠭᠠᠰᠤᠨ᠎ᠠ︔ ᠪᠦᠬᠦ ᠪᠡᠶ᠎ᠡ ᠳᠤᠨᠢ ᠳ᠋ᠢᠶᠠᠮᠧᠳ᠋ᠷ ᠨᠢ 2-5cm ᠤᠨ ᠭᠦᠪᠲᠦᠷᠦᠦ ᠭᠠᠷᠬᠤ ᠶᠢᠨ ᠬᠠᠮᠲᠤ ᠡᠪᠡᠳᠬᠦ ᠰᠡᠷᠡᠯ ᠳᠠᠭᠠᠯᠳᠤᠳᠠᠭ᠂ | ᠣᠨᠴᠠᠭᠠᠶᠢᠯᠠᠨ ᠨᠡᠷᠪᠡᠭᠳᠡᠭᠰᠡᠨ ᠤ ᠳᠠᠷᠠᠭ᠎ᠠ 7-19 ᠡᠳᠦᠷ ᠤᠨ ᠬᠤᠭᠤᠷᠣᠨᠳᠤ ᠠᠮᠢᠲᠠᠨ ᠤ ᠲᠣᠯᠣᠭᠠᠢ᠂ ᠬᠦᠵᠦᠭᠦᠦ᠂ ᠬᠥᠬᠦ ᠪᠠ ᠪᠡᠯᠭᠡ ᠶᠢᠨ ᠬᠡᠰᠡᠭ ᠲᠤ ᠦᠷᠭᠦᠯᠵᠢ | ᠬᠠᠷᠠᠭᠳᠠᠳᠠᠭ᠂ ᠭᠦᠪᠲᠦᠷᠦᠦ ᠨᠢ ᠭᠠᠳᠠᠷ ᠬᠠᠯᠢᠰᠤ ᠪᠠ ᠵᠢᠩᠬᠢᠨᠢ ᠠᠷᠠᠰᠤᠨ ᠳᠤ ᠬᠠᠯᠳᠠᠵᠤ᠂ ᠡᠬᠢᠨ ᠤ ᠬᠤᠭᠤᠴᠠᠭᠠᠨ ᠳᠤ ᠰᠢᠩᠭᠡᠨ ᠰᠢᠬᠦᠰᠦ ᠨᠡᠪᠴᠢᠵᠦ᠂ 2 | ᠭᠠᠷᠠᠭ ᠤᠨ ᠳᠠᠷᠠᠭ᠎ᠠ ᠵᠠᠷᠢᠮ ᠭᠦᠪᠲᠦᠷᠦᠦ ᠨᠢ ᠦᠬᠦᠵᠢᠭᠰᠡᠨ ᠰᠢᠭᠢᠳᠦᠭᠡᠰᠦ ᠪᠣᠯᠵᠤ ᠬᠤᠪᠢᠷᠠᠭᠠᠳ ᠪᠦᠬᠦ᠋ᠢᠯᠡ ᠠᠷᠠᠰᠤᠨ ᠳᠠᠪᠬᠤᠷᠭ᠎ᠠ ᠳᠤ ᠨᠡᠪᠲᠡᠷᠡᠳᠡᠭ᠃ ᠠᠮᠠᠨ | ᠬᠥᠨᠳᠡᠢ᠂ ᠰᠢᠩᠭᠡᠭᠡᠯᠲᠡ ᠶᠢᠨ ᠵᠠᠮ ᠤᠨ ᠰᠠᠯᠢᠰᠤᠲᠤ ᠪᠦᠷᠬᠦᠪᠴᠢ᠂ ᠮᠥᠭᠡᠷᠰᠦᠨ ᠬᠤᠭᠤᠯᠠᠢ ᠪᠠ ᠠᠭᠤᠰᠬᠢᠨ ᠤ ᠬᠡᠰᠡᠭ ᠲᠤ ᠪᠤᠳᠤ ᠶᠢᠨ ᠴᠢᠨᠠᠷᠲᠠᠢ ᠡᠪᠡᠳᠴᠢᠨ ᠤ | ᠬᠤᠪᠢᠷᠠᠯᠲᠠ ᠭᠠᠷᠴᠤ᠂ ᠡᠭᠦᠨ ᠤ ᠤᠯᠠᠮ ᠠᠴᠠ ᠠᠩᠬᠠᠳᠠᠭᠴᠢ ᠴᠢᠨᠠᠷᠲᠠᠢ ᠪᠤᠶᠤ ᠬᠤᠶᠠᠳᠠᠭᠴᠢ ᠴᠢᠨᠠᠷᠲᠠᠢ ᠠᠭᠤᠰᠬᠢᠨ ᠦᠷᠪᠢᠰᠦᠯ ᠢ ᠡᠭᠦᠰᠬᠡᠳᠡᠭ︔ ᠤᠷᠮ᠎ᠠ | ᠮᠠᠭᠤᠲᠠᠬᠤ᠂ ᠬᠤᠭᠤᠯᠠ ᠭᠤᠯᠣᠬᠤ᠂ ᠰᠦ ᠦᠭᠡᠢ ᠪᠣᠯᠬᠤ᠂ ᠡᠴᠡᠵᠦ ᠲᠤᠷᠠᠬᠤ ᠵᠡᠷᠭᠡ ᠡᠪᠡᠳᠴᠢᠨ ᠤ ᠰᠢᠨᠵᠢ ᠢᠯᠡᠷᠡᠨ᠎ᠡ︔ ᠪᠤᠢ ᠪᠦᠬᠦᠢ ᠭᠦᠢᠬᠡᠨ ᠯᠢᠮᠹᠠ ᠶᠢᠨ | ᠵᠠᠩᠭᠢᠯᠠᠭ᠎ᠠ ᠬᠠᠪᠤᠳᠴᠤ ᠲᠣᠮᠤᠷᠠᠨᠠ᠃ | ᠲᠤᠰ ᠡᠪᠡᠳᠴᠢᠨ ᠢ ᠭᠤᠣᠯᠳᠠᠭᠤ ᠤᠷᠢᠳᠴᠢᠯᠠᠨ ᠰᠡᠷᠭᠡᠶᠢᠯᠡᠬᠦ ᠠᠴᠠ ᠪᠢᠰᠢ ᠣᠨᠴᠠᠭᠠᠶ ᠵᠠᠰᠠᠬᠤ ᠠᠷᠭ᠎ᠠ ᠭᠡᠵᠦ ᠪᠠᠶᠢᠬᠤ ᠦᠭᠡᠢ᠃ ᠡᠮᠨᠡᠨ ᠵᠠᠰᠠᠬᠤ ᠳᠤ | ᠸᠢᠷᠦ᠋ᠰ ᠢ ᠡᠰᠡᠷᠭᠦᠴᠡᠬᠦ ᠪᠠ ᠬᠦᠴᠦᠲᠡᠢ ᠨᠢᠶᠠᠨ ᠳᠠᠷᠤᠭᠴᠢ ᠪᠠᠷ ᠡᠮᠨᠡᠨ ᠵᠠᠰᠠᠵᠤ ᠦᠷᠭᠦᠯᠵᠢᠯᠡᠨ ᠬᠠᠯᠳᠠᠪᠤᠷᠢᠯᠠᠬᠤ ᠠᠴᠠ ᠵᠠᠶᠢᠯᠠᠰᠬᠢᠨ᠎ᠡ᠃ | |