ᠡᠷᠳᠡᠨᠢ ᠰᠢᠰᠢ ᠶᠢᠨ ᠦᠶᠡᠯᠡᠬᠦ ᠬᠤᠭᠤᠴᠠᠭᠠᠨ ᠳᠤ ᠨᠠᠪᠴᠢᠨ ᠤ ᠭᠠᠳᠠᠷᠭᠤ ᠳᠤ ᠲᠤᠰᠬᠠᠢ ᠬᠡᠷᠡᠭᠯᠡᠭᠡᠨ ᠤ ᠤᠷᠭᠤᠯᠲᠠ ᠶᠢ ᠲᠣᠬᠢᠷᠠᠭᠤᠯᠬᠤ ᠡᠳ᠋ ᠢ ᠰᠦᠷᠴᠢᠨ | ᠣᠷᠣᠭᠤᠯᠵᠤ ᠬᠢᠮᠢ ᠶᠢᠨ ᠲᠣᠬᠢᠷᠠᠭᠤᠯᠤᠯ ᠡᠵᠡᠮᠳᠡᠯ ᠬᠢᠬᠦ ︵ᠳᠣᠷᠣᠭᠰᠢ ᠬᠢᠮᠢ ᠶᠢᠨ ᠡᠵᠡᠮᠰᠢᠯ ᠭᠡᠵᠦ ᠲᠣᠪᠴᠢᠯᠠᠨ᠎ᠠ︶ ᠨᠢ ᠰᠠᠭᠤᠷᠢ ᠬᠡᠰᠡᠭ ᠤᠨ ᠬᠤᠭᠤᠷᠣᠨᠳᠣᠬᠢ | 1-5 ᠦᠶ᠎ᠡ ᠶᠢᠨ ᠬᠤᠭᠤᠷᠣᠨᠳᠣᠬᠢ ᠣᠷᠳᠣ ᠪᠠ ᠪᠦᠳᠦᠭᠦᠨ ᠡᠰᠢ ᠶᠢᠨ ᠦᠶ᠎ᠡ ᠶᠢ ᠪᠦᠲᠦᠮᠵᠢᠲᠡᠶ ᠪᠠᠭᠤᠷᠠᠭᠤᠯᠵᠤ᠂ ᠦᠨᠳᠦᠰᠦ ᠶᠢᠨ ᠰᠢᠰᠲ᠋ᠧᠮ ᠤᠨ ᠤᠷᠭᠤᠯᠲᠠ ᠶᠢ | ᠠᠬᠢᠭᠤᠯᠤᠨ᠂ ᠡᠰᠢ ᠨᠢᠷᠤᠭᠤᠨ ᠤ ᠳᠠᠭᠠᠭᠠᠴᠠ ᠴᠢᠳᠠᠪᠤᠷᠢ ᠶᠢ ᠳᠡᠭᠡᠭᠰᠢᠯᠡᠭᠦᠯᠵᠦ᠂ ᠨᠢᠭᠲᠠ ᠳᠠᠷᠢᠬᠤ ᠨᠥᠬᠦᠴᠡᠯ ᠳᠣᠣᠷ᠎ᠠ᠂ ᠥᠨᠳᠥᠷ ᠶᠠᠰᠤ ᠴᠢᠨᠠᠷ ᠲᠠᠢ | ᠰᠦᠷᠦᠭᠵᠢᠯ ᠢ ᠪᠠᠶᠢᠭᠤᠯᠵᠤ᠂ ᠥᠨᠳᠥᠷ ᠤᠨᠠᠯᠲᠠ ᠤᠯᠬᠤ ᠶᠢᠨ ᠵᠠᠩᠭᠢᠯᠠᠭ᠎ᠠ ᠶᠢᠨ ᠮᠡᠷᠭᠡᠵᠢᠯ ᠤᠨ ᠠᠷᠭ᠎ᠠ ᠬᠡᠮᠵᠢᠶ᠎ᠡ ᠶᠢᠨ ᠨᠢᠭᠡ ᠪᠣᠯᠣᠨ᠎ᠠ᠃ 图片11111. | png ᠬᠢᠮᠢ ᠶᠢᠨ ᠡᠵᠡᠮᠳᠡᠯ ᠤᠨ ᠭᠠᠵᠠᠷ᠄ ᠡᠷᠳᠡᠨᠢ ᠰᠢᠰᠢ ᠶᠢᠨ ᠮᠦ ᠶᠢᠨ ᠬᠠᠮᠠᠭᠠᠯᠠᠯᠲᠠ ᠶᠢᠨ ᠴᠢᠬᠢ 5000 ᠰᠠᠭᠤᠷᠢ / ᠮᠦ ᠶᠢ ᠳᠠᠪᠠᠭᠰᠠᠨ᠃ | | ᠬᠢᠮᠢ ᠶᠢᠨ ᠡᠵᠡᠮᠰᠢᠯ ᠤᠨ ᠬᠤᠭᠤᠴᠠᠭ᠎ᠠ᠄ ᠡᠷᠳᠡᠨᠢ ᠰᠢᠰᠢ 6 ᠠᠴᠠ 8 ᠨᠠᠪᠴᠢᠨ ᠤ ᠳᠡᠯᠭᠡᠯᠲᠡ ᠶᠢᠨ ᠬᠤᠭᠤᠴᠠᠭ᠎ᠠ᠃ | ᠤᠷᠪᠠᠯᠵᠢ ᠶᠢᠨ ᠨᠠᠶᠢᠷᠠᠯᠭ᠎ᠠ᠄ ᠡᠷᠳᠡᠨᠢ ᠰᠢᠰᠢ ᠶᠢᠨ ᠳᠡᠭᠡᠷ᠎ᠡ ᠲᠡᠮᠳᠡᠭᠯᠡᠭᠦᠯᠦᠭᠰᠡᠨ ᠬᠢᠮᠢ ᠶᠢᠨ ᠡᠵᠡᠮᠰᠢᠯ ᠤᠨ ᠪᠦᠲᠦᠭᠡᠭᠳᠡᠬᠦᠨ᠂ ᠵᠢᠱᠢᠶᠡᠯᠡᠪᠡᠯ ᠠᠮᠢᠨ ᠤ | ᠰᠣᠷᠭᠤᠭ ᠡᠲ᠋ᠢᠯᠧᠡ ᠢ ᠰᠣᠩᠭᠤᠨ ᠬᠡᠷᠡᠭᠯᠡᠵᠦ᠂ ᠪᠦᠲᠦᠭᠡᠭᠳᠡᠬᠦᠨ ᠤ ᠲᠣᠳᠣᠷᠬᠠᠶᠢᠯᠠᠯᠲᠠ ᠶᠢᠨ ᠬᠡᠮᠵᠢᠶ᠎ᠡ ᠪᠠ ᠥᠳᠬᠡᠴᠡ ᠶᠢ ᠴᠢᠩᠭ᠎ᠠ ᠵᠢᠷᠤᠮᠯᠠᠨ ᠡᠮ ᠤᠨ ᠰᠢᠩᠭᠡᠨ ᠢ | ᠨᠠᠶᠢᠷᠠᠭᠤᠯᠤᠨ᠎ᠠ᠂ ᠳᠤᠷ᠎ᠠ ᠪᠠᠷ ᠢᠶᠠᠨ ᠡᠮ ᠤᠨ ᠬᠡᠮᠵᠢᠶ᠎ᠡ ᠪᠠ ᠡᠮ ᠤᠨ ᠰᠢᠩᠭᠡᠨ ᠤ ᠥᠳᠬᠡᠴᠡ ᠶᠢ ᠨᠡᠮᠡᠭᠳᠡᠭᠦᠯᠵᠦ ᠪᠣᠯᠬᠤ ᠦᠭᠡᠢ᠂ ᠡᠮ ᠤᠨ ᠰᠢᠩᠭᠡᠨ ᠢ | ᠨᠠᠶᠢᠷᠠᠭᠤᠯᠬᠤ ᠶᠢᠨ ᠳᠠᠭᠠᠤ ᠬᠡᠷᠡᠭᠯᠡᠬᠦ ᠬᠡᠷᠡᠭᠲᠡᠢ᠂ ᠶᠡᠷᠦ ᠳᠡᠭᠡᠨ ᠪᠤᠰᠤᠳ ᠲᠠᠷᠢᠶᠠᠨ ᠡᠮ ᠪᠠ ᠬᠢᠮᠢ ᠶᠢᠨ ᠪᠣᠷᠳᠣᠭᠤᠷ ᠲᠠᠢ ᠬᠤᠯᠢᠵᠤ ᠬᠡᠷᠡᠭᠯᠡᠵᠦ ᠪᠣᠯᠬᠤ ᠦᠭᠡᠢ᠃ | ᠬᠢᠮᠢ ᠶᠢᠨ ᠡᠵᠡᠮᠰᠢᠯ ᠤᠨ ᠦᠷ᠎ᠡ ᠪᠦᠲᠦᠮᠵᠢ ᠶᠢ ᠪᠠᠲᠤᠯᠠᠵᠤ᠂ ᠤᠰᠤᠨ ᠤ ᠬᠡᠮᠵᠢᠶ᠎ᠡ ᠶᠢ ᠵᠠᠪᠠᠯ ᠭᠦᠢᠴᠡᠳ ᠬᠠᠩᠭᠠᠬᠤ ᠶᠢᠨ ᠲᠥᠯᠥᠭᠡ᠂ ᠶᠡᠷᠦ ᠳᠡᠭᠡᠨ ᠮᠦ ᠪᠦᠷᠢ ᠳᠤ | 30-40 ᠺᠢᠯᠣᠭ᠍ᠷᠠᠮ ᠤᠰᠤ ᠰᠦᠷᠴᠢᠬᠦ ᠶᠢ ᠱᠠᠭᠠᠷᠳᠠᠨ᠎ᠠ᠃ | ᠰᠦᠷᠴᠢᠨ ᠣᠷᠣᠭᠤᠯᠬᠤ ᠠᠷᠭ᠎ᠠ᠄ ᠡᠰᠢᠲᠠᠢ ᠰᠦᠷᠴᠢᠭᠦᠷ ᠢᠶᠠᠷ ᠠᠵᠢᠯᠯᠠᠬᠤ ᠶᠢ ᠰᠠᠨᠠᠭᠤᠯᠵᠤ᠂ ᠰᠦᠷᠴᠢᠨ ᠣᠷᠣᠭᠤᠯᠬᠤ ᠳᠤ ᠵᠢᠭᠳᠡ᠂ ᠠᠬᠠᠳᠠᠭᠤᠯᠬᠤ ᠦᠭᠡᠢ | ᠭᠤᠭᠤᠵᠢᠭᠤᠯᠬᠤ ᠦᠭᠡᠢ ᠪᠠᠶᠢᠯᠭᠠᠬᠤ ᠶᠢ ᠪᠠᠲᠤᠯᠠᠨ᠎ᠠ︔ ᠵᠢᠯᠣᠭᠤᠴᠢ ᠦᠭᠡᠢ ᠨᠢᠰᠬᠡᠯ ᠢᠶᠠᠷ ᠰᠦᠷᠴᠢᠬᠦ ᠶᠢ ᠰᠠᠨᠠᠭᠠᠴᠢᠯᠠᠬᠤ ᠦᠭᠡᠢ᠃ | ᠠᠩᠬᠠᠷᠬᠤ ᠵᠦᠢᠯ᠄ | 1. ᠬᠡᠲᠦ ᠡᠷᠲᠡ ᠪᠤᠶᠤ ᠬᠡᠲᠦ ᠣᠷᠣᠢ ᠬᠢᠮᠢ ᠶᠢᠨ ᠡᠵᠡᠮᠳᠡᠯ ᠬᠢᠵᠦ ᠪᠣᠯᠬᠤ ᠦᠭᠡᠢ᠃ 6 ᠢᠯᠲᠠᠰᠤ ᠨᠠᠪᠴᠢ ᠲᠡᠯᠭᠡᠬᠦ ᠠᠴᠠ ᠡᠮᠦᠨ᠎ᠡ ᠭᠡᠷᠡᠭᠯᠡᠪᠡᠯ ︵ | ᠬᠡᠲᠦᠷᠬᠡᠢ ᠡᠷᠲᠡ ᠬᠥᠭᠵᠢᠬᠦ ᠶᠢ ᠬᠢᠵᠠᠭᠠᠷᠯᠠᠨ᠎ᠠ︶ ᠬᠢᠮᠢ ᠶᠢᠨ ᠡᠵᠡᠮᠳᠡᠯ ᠤᠨ ᠦᠷ᠎ᠡ ᠳ᠋ᠦᠩ ᠢ ᠨᠥᠯᠥᠭᠡᠯᠡᠵᠦ᠂ ᠬᠡᠰᠡᠭ ᠡᠷᠳᠡᠨᠢ ᠰᠢᠰᠢ ᠶᠢᠨ ᠡᠰᠢ ᠨᠢ ᠨᠠᠷᠢᠨ ᠣᠷᠳᠣ | ᠵᠥᠭᠡᠯᠡᠨ ᠪᠠᠭᠤᠷᠠᠢ᠂ ᠬᠡᠰᠡᠭ ᠤᠷᠭᠤᠮᠠᠯ ᠤᠨ ᠥᠰᠦᠯᠲᠡ ᠨᠢ ᠤᠳᠠᠭᠠᠨ᠂ ᠡᠰᠢ ᠨᠢ ᠬᠡᠲᠦ ᠳᠣᠣᠷ᠎ᠠ ᠪᠤᠯᠳᠠᠭ︔ 8 ᠢᠯᠲᠠᠰᠤ ᠨᠠᠪᠴᠢ ᠳᠡᠯᠭᠡᠭᠰᠡᠨ ᠤ ᠳᠠᠷᠠᠭ᠎ᠠ | ᠬᠡᠷᠡᠭᠯᠡᠪᠡᠯ ᠡᠷᠳᠡᠨᠢ ᠰᠢᠰᠢ ᠶᠢ ᠬᠡᠪ ᠤᠨ ᠪᠤᠰᠤ ᠪᠠᠷ ᠠᠭᠰᠢᠭᠤᠯᠬᠤ ᠦᠵᠡᠭᠳᠡᠯ ᠡᠭᠦᠰᠬᠡᠵᠦ᠂ ᠡᠷᠳᠡᠨᠢ ᠰᠢᠰᠢ ᠶᠢᠨ ᠡᠷ᠎ᠡ ᠲᠦᠷᠦᠭᠦᠦ᠂ ᠡᠮ᠎ᠡ ᠲᠦᠷᠦᠭᠦᠦ ᠶᠢᠨ | ᠢᠯᠭᠠᠷᠠᠯ ᠢ ᠨᠥᠯᠥᠭᠡᠯᠡᠨ᠎ᠡ᠃ | 2. ᠰᠠᠯᠬᠢ ᠦᠭᠡᠢ ᠲᠤᠩᠭᠠᠯᠠᠭ ᠦᠳᠡ ᠶᠢᠨ ᠡᠮᠦᠨ᠎ᠡ ᠪᠤᠶᠤ ᠦᠳᠡᠰᠢ ᠶᠢ ᠰᠤᠩᠭᠤᠨ ᠡᠮ ᠰᠦᠷᠴᠢᠨ᠂ ᠶᠡᠭᠡ ᠰᠠᠯᠬᠢ ᠲᠠᠢ ᠡᠳᠦᠷ ᠪᠤᠶᠤ ᠪᠣᠷᠣᠭᠠᠨ ᠲᠠᠢ | ᠡᠳᠦᠷ ᠰᠦᠷᠴᠢᠵᠦ ᠪᠣᠯᠬᠤ ᠦᠭᠡᠢ᠂ ᠵᠢᠭᠳᠡ ᠪᠤᠰᠤ ᠰᠦᠷᠴᠢᠵᠦ ᠶᠡᠭᠡ ᠪᠠᠭ᠎ᠠ ᠴᠢᠬᠢ ᠶᠢ ᠪᠣᠢ ᠪᠣᠯᠭᠠᠬᠤ ᠠᠴᠠ ᠵᠠᠶᠢᠯᠠᠰᠬᠢᠬᠤ ᠬᠡᠷᠡᠭᠲᠡᠢ᠃ | 3. ᠡᠮ ᠰᠦᠷᠴᠢᠬᠦ ᠳᠡᠭᠡᠨ ᠵᠢᠭᠳᠡ ᠰᠦᠷᠴᠢᠵᠦ᠂ ᠴᠢᠳᠠᠬᠤ ᠶᠢᠨ ᠬᠢᠷᠢ ᠪᠠᠷ ᠳᠡᠭᠡᠳᠦ ᠬᠡᠰᠡᠭ ᠤᠨ ᠨᠠᠪᠴᠢᠨ ᠲᠡᠭᠡᠷ᠎ᠡ ᠰᠦᠷᠴᠢᠨ᠎ᠡ᠃ ᠬᠡᠷᠪᠡ | ᠰᠦᠷᠴᠢᠭᠰᠡᠨ ᠤ ᠳᠠᠷᠠᠭ᠎ᠠ 6 ᠴᠠᠭ ᠤᠨ ᠳᠣᠲᠣᠷ᠎ᠠ ᠪᠣᠷᠣᠭᠠᠨ ᠲᠣᠬᠢᠶᠠᠯᠳᠤᠪᠠᠯ᠂ ᠪᠣᠷᠣᠭᠠᠨ ᠤ ᠳᠠᠷᠠᠭ᠎ᠠ ᠪᠠᠶᠢᠳᠠᠯ ᠢ ᠨᠢ ᠦᠵᠡᠵᠦ ᠳᠠᠬᠢᠨ ᠡᠮ ᠤᠨ ᠨᠠᠶᠢᠷᠠᠯᠭ᠎ᠠ ᠶᠢ | ᠰᠦᠷᠴᠢᠵᠦ ᠣᠷᠣᠭᠤᠯᠤᠨ᠎ᠠ᠂ ᠭᠡᠬᠦ ᠳᠡᠭᠡᠨ ᠳᠠᠬᠢᠨ ᠰᠦᠷᠴᠢᠬᠦ ᠬᠡᠮᠵᠢᠶ᠎ᠡ ᠶᠢ ᠬᠠᠭᠠᠰ ᠢᠶᠠᠷ ᠪᠠᠭᠠᠰᠬᠠᠨ᠎ᠠ᠃ ᠥᠨᠳᠥᠷ ᠳᠤᠯᠠᠭᠠᠨ ᠭᠠᠩ ᠬᠠᠭᠤᠷᠠᠢ ᠠᠭᠤᠷ | ᠠᠮᠢᠰᠬᠤᠯ ᠤᠨ ᠨᠥᠬᠦᠴᠡᠯ ᠳᠣᠣᠷ᠎ᠠ ᠬᠢᠮᠢ ᠶᠢᠨ ᠡᠵᠡᠮᠳᠡᠯ ᠤᠨ ᠡᠮ ᠬᠡᠷᠡᠭᠯᠡᠬᠦ ᠬᠡᠮᠵᠢᠶ᠎ᠡ ᠶᠢ ᠵᠣᠬᠢᠬᠤ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ | 4. ᠬᠢᠮᠢ ᠶᠢᠨ ᠡᠵᠡᠮᠳᠡᠯ ᠤᠨ ᠦᠷ᠎ᠡ ᠪᠦᠲᠦᠮᠵᠢ ᠶᠢ ᠪᠠᠲᠤᠯᠠᠬᠤ ᠶᠢᠨ ᠲᠤᠰᠠᠳᠠ᠂ ᠴᠢᠬᠢ ᠶᠢᠨ ᠪᠠᠶᠢᠳᠠᠯ ᠢ ᠦᠨᠳᠦᠰᠦᠯᠡᠨ ᠡᠷᠳᠡᠨᠢ ᠰᠢᠰᠢ ᠶᠢᠨ ᠬᠢᠮᠢ ᠶᠢᠨ | ᠡᠵᠡᠮᠳᠡᠯ ᠤᠨ ᠠᠵᠢᠯ ᠳᠠᠭᠤᠰᠤᠭᠰᠠᠨ ᠤ ᠳᠠᠷᠠᠭ᠎ᠠ 5-10 ᠡᠳᠦᠷ ᠤᠨ ᠳᠣᠲᠣᠷ᠎ᠠ ᠤᠰᠤᠯᠠᠵᠤ ᠪᠣᠷᠳᠣᠭᠤᠷ ᠣᠷᠣᠭᠤᠯᠬᠤ ᠬᠡᠷᠡᠭᠲᠡᠢ᠂ ᠤᠷᠭᠤᠴᠠ ᠰᠠᠶᠢᠲᠠᠢ ᠪᠥᠭᠡᠳ | ᠢᠳᠡᠷᠡᠭᠦᠨ ᠡᠷᠳᠡᠨᠢ ᠰᠢᠰᠢ ᠳᠤ ᠤᠰᠤᠯᠠᠵᠤ ᠪᠣᠷᠳᠣᠭᠤᠷ ᠣᠷᠣᠭᠤᠯᠬᠤ ᠴᠠᠭ ᠢ ᠵᠣᠬᠢᠬᠤ ᠬᠡᠮᠵᠢᠶ᠎ᠡ ᠪᠠᠷ ᠬᠤᠶᠢᠰᠢᠯᠠᠭᠤᠯᠵᠤ᠂ ᠤᠷᠭᠤᠴᠠ ᠪᠠᠭᠤᠷᠠᠢ ᠪᠤᠶᠤ ᠭᠠᠩᠳᠠᠭᠰᠠᠨ | ᠪᠠᠶᠢᠳᠠᠯ ᠲᠠᠢ ᠡᠷᠳᠡᠨᠢ ᠰᠢᠰᠢ ᠳᠤ ᠵᠣᠬᠢᠬᠤ ᠬᠡᠮᠵᠢᠶ᠎ᠡ ᠪᠠᠷ ᠡᠷᠲᠡᠬᠡᠨ ᠤᠰᠤᠯᠠᠵᠤ ᠪᠣᠷᠳᠣᠭᠤᠷ ᠣᠷᠣᠭᠤᠯᠬᠤ ᠬᠡᠷᠡᠭᠲᠡᠢ᠃ | 5. ᠴᠢᠬᠢ ᠨᠢ ᠪᠠᠭᠤᠷᠠᠢ᠂ ᠰᠢᠮ᠎ᠡ ᠲᠡᠵᠢᠭᠡᠯ ᠮᠠᠭᠤ᠂ ᠬᠥᠷᠥᠰᠥ ᠰᠢᠷᠣᠢ ᠲᠠᠴᠢᠷ ᠨᠢᠮᠭᠡᠨ᠂ ᠰᠢᠮ᠎ᠡ ᠲᠡᠵᠢᠭᠡᠯ ᠳᠤᠲᠠᠮᠠᠭ᠂ ᠡᠮ ᠤᠨ ᠬᠥᠨᠥᠭᠡᠯ ᠳᠤ | ᠤᠴᠠᠷᠠᠭᠰᠠᠨ ᠡᠷᠳᠡᠨᠢ ᠰᠢᠰᠢ ᠶᠢ ᠪᠣᠯᠭᠤᠮᠵᠢᠲᠠᠢ ᠬᠡᠷᠡᠭᠯᠡᠬᠦ ᠬᠡᠷᠡᠭᠲᠡᠢ︔ ᠴᠠᠭ ᠠᠭᠤᠷ ᠦᠷᠭᠦᠯᠵᠢᠯᠡᠨ ᠭᠠᠩ ᠬᠠᠭᠤᠷᠠᠢ ᠪᠠᠶᠢᠵᠤ᠂ ᠡᠷᠳᠡᠨᠢ ᠰᠢᠰᠢ ᠶᠢᠨ ᠴᠢᠬᠢ ᠶᠢᠨ | ᠥᠰᠦᠯᠲᠡ ᠤᠳᠠᠭᠠᠨ ᠪᠠᠶᠢᠪᠠᠯ ᠪᠣᠯᠭᠤᠮᠵᠢᠲᠠᠢ ᠬᠡᠷᠡᠭᠯᠡᠬᠦ ᠬᠡᠷᠡᠭᠲᠡᠢ︔ ᠮᠠᠰᠢ ᠣᠷᠣᠢ ᠳᠠᠷᠢᠵᠤ᠂ ᠦᠰᠦᠯᠳᠡ ᠶᠢᠨ ᠬᠤᠭᠤᠴᠠᠭ᠎ᠠ ᠨᠢ ᠣᠬᠤᠷ ᠠᠴᠠ ᠡᠷᠲᠡ | ᠪᠤᠯᠪᠠᠰᠤᠷᠠᠭᠰᠠᠨ ᠡᠷᠳᠡᠨᠢ ᠰᠢᠰᠢ ᠶᠢᠨ ᠡᠭᠦᠯᠳᠡᠷ ᠢ ᠪᠣᠯᠭᠤᠮᠵᠢᠲᠠᠢ ᠬᠡᠷᠡᠭᠯᠡᠬᠦ ᠪᠤᠶᠤ ᠬᠡᠮᠵᠢᠶ᠎ᠡ ᠶᠢ ᠨᠢ ᠵᠣᠬᠢᠰᠲᠠᠢ ᠪᠠᠷ ᠪᠠᠭᠠᠰᠬᠠᠨ ᠬᠡᠷᠡᠭᠯᠡᠬᠦ ᠬᠡᠷᠡᠭᠲᠡᠢ᠃ | 6. ᠰᠠᠯᠬᠢᠨ ᠤ ᠠᠮᠠ ᠪᠤᠶᠤ ᠦᠷᠭᠦᠯᠵᠢ ᠶᠡᠭᠡ ᠰᠠᠯᠬᠢ ᠭᠠᠷᠤᠭᠰᠠᠨ ᠤ ᠬᠠᠷᠠᠭ᠎ᠠ ᠪᠠᠷ ᠡᠰᠢ ᠨᠢᠷᠤᠭᠤ ᠨᠢ ᠭᠡᠪᠳᠡᠪᠡᠯ 20% ᠶᠢᠨ ᠡᠮ ᠤᠨ ᠬᠡᠮᠵᠢᠶ᠎ᠡ ᠪᠠᠷ | ᠬᠢᠮᠢ ᠶᠢᠨ ᠡᠵᠡᠮᠳᠡᠯ ᠬᠢᠬᠦ ᠪᠤᠶᠤ ᠬᠤᠶᠠᠷ ᠤᠳᠠᠭ᠎ᠠ ᠬᠢᠮᠢ ᠶᠢᠨ ᠡᠵᠡᠮᠳᠡᠯ ᠬᠢᠨ᠎ᠡ᠂ ᠨᠢᠭᠡᠳᠦᠭᠡᠷ ᠤᠳᠠᠭ᠎ᠠ ᠨᠢ 6-8 ᠨᠠᠪᠴᠢ ᠳᠡᠯᠭᠡᠪᠡᠯ ᠶᠠᠪᠤᠭᠳᠠᠭᠤᠯᠵᠤ᠂ ᠬᠤᠶᠠᠳᠤᠭᠠᠷ | ᠤᠳᠠᠭ᠎ᠠ ᠨᠢ ᠡᠷ᠎ᠡ ᠰᠤᠭᠤᠯᠬᠤ ᠠᠴᠠ ᠡᠮᠦᠨ᠎ᠡ᠂ ᠳᠠᠷᠤᠢ ᠣᠨᠴᠠ ᠵᠠᠷᠢᠮ ᠤᠷᠭᠤᠮᠠᠯ ᠤᠨ ᠣᠷᠣᠢ ᠶᠢᠨ ᠬᠡᠰᠡᠭ ᠲᠤ ᠡᠷ᠎ᠡ ᠲᠦᠷᠦᠭᠦᠦ ᠶᠢ ᠣᠯᠵᠤ ᠦᠵᠡᠬᠦ ᠦᠶ᠎ᠡ ᠳᠤ | ᠶᠠᠪᠤᠭᠳᠠᠭᠤᠯᠬᠤ ᠬᠡᠷᠡᠭᠲᠡᠢ᠃ | | |